ᠪᠤᠭᠤᠳᠤ ᠪᠤᠯᠤᠳ‌‍ᠤᠨ ᠲᠤᠷᠰᠢᠯᠳᠠ ᠶᠢᠨ ᠬᠤᠶᠠᠳᠤᠭᠠᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2019/4/9
      ᠪᠤᠭᠤᠳᠤ ᠪᠤᠯᠤᠳ ᠤᠨ ᠲᠤᠷᠰᠢᠯᠳᠠ ᠶᠢᠨ ᠬᠤᠶᠠᠳᠤᠭᠠᠷ ᠪᠠᠭ᠎ᠠ ᠰᠤᠷᠭᠠᠭᠤᠯᠢ ᠨᠢ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠪᠠᠷᠠᠭᠤᠨ ᠬᠤᠶᠢᠳᠤ ᠬᠡᠰᠡᠭ ᠲᠤ ᠪᠠᠶᠢᠷᠢᠯᠠᠵᠤ᠂ ᠪᠠᠷᠠᠭᠤᠨ ᠲᠠᠯ᠎ᠠ ᠪᠠᠷ ᠢᠶᠠᠨ ᠬᠦᠨᠳᠡᠯᠡᠨ ᠭᠤᠤᠯ ᠲᠠᠢ ᠨᠢᠭᠤᠷᠯᠠᠵᠤ ᠪᠤᠢ᠃ ᠲᠤᠰ ᠰᠤᠷᠭᠠᠭᠤᠯᠢ ᠶᠢ 1981 ᠤᠨ ᠳᠤ ᠪᠠᠶᠢᠭᠤᠯᠵᠤ᠂ ᠡᠬᠢᠨ ᠳᠡᠭᠡᠨ ᠬᠤᠶᠠᠳᠤᠭᠠᠷ ᠲᠡᠮᠦᠷᠯᠢᠭ ᠪᠤᠯᠪᠠᠰᠤᠷᠠᠭᠤᠯᠬᠤ ᠺᠤᠮᠫᠠᠨᠢ ᠵᠢᠨ‌ᠭᠤᠷᠪᠠᠳᠤᠭᠠᠷ ᠪᠠᠭ᠎ᠠ ᠰᠤᠷᠭᠠᠭᠤᠯᠢ ᠬᠡᠵᠤ ᠨᠡᠷᠡᠯᠡᠵᠤ ᠪᠠᠶᠢᠬᠰᠠᠨ ᠦᠪᠦᠷ ᠮᠤᠩᠭᠤᠯ ᠤᠨ ᠲᠦᠷᠦᠬᠦᠦ ᠪᠦᠯᠦᠭ ᠭᠤᠤᠯᠳᠠᠯᠭ᠎ᠠ ᠲᠠᠢ ᠪᠠᠭ᠎ᠠ ᠰᠤᠷᠭᠠᠭᠤᠯᠢ ᠶᠢᠨ ᠨᠢᠬᠡ ᠪᠤᠯᠬᠤ ᠶᠤᠮ᠃ 1988 ᠤᠨ ᠳᠤ᠂ ᠬᠤᠶᠠᠳᠤᠭᠠᠷ ᠲᠡᠮᠦᠷᠯᠢᠭ ᠪᠤᠯᠪᠠᠰᠤᠷᠠᠭᠤᠯᠬᠤ ᠺᠤᠮᠫᠠᠨᠢ ᠶᠢᠨ ᠲᠤᠷᠰᠢᠯᠳᠠ ᠶᠢᠨ ᠪᠠᠭ᠎ᠠ ᠰᠤᠷᠭᠠᠭᠤᠯᠢ ᠬᠡᠵᠤ ᠬᠠᠯᠠᠨ ᠨᠠᠷᠠᠶᠢᠳᠴᠤ ᠂ 1993 ᠤᠨ ᠳᠤ ᠬᠤᠶᠠᠳᠤᠭᠠᠷ ᠲᠡᠮᠦᠷᠯᠢᠭ ᠪᠤᠯᠪᠠᠰᠤᠷᠠᠭᠤᠯᠬᠤ ᠺᠤᠮᠫᠠᠨᠢ ᠶᠢ ᠪᠤᠭᠤᠳᠤ ᠶᠢᠨ ᠪᠤᠯᠤᠳ ᠲᠡᠮᠦᠷ ᠲᠠᠢ ᠨᠡᠶᠢᠯᠡᠬᠦᠯᠦᠭᠰᠡᠨ ᠤ ᠲᠠᠷᠠᠭ᠎ᠠ ᠪᠤᠭᠤᠳᠤ ᠶᠢᠨ ᠪᠤᠯᠤᠳ ᠲᠡᠮᠦᠷ ᠤᠨ ᠲᠤᠷᠰᠢᠯᠳᠠ ᠶᠢᠨ ᠪᠠᠭ᠎ᠠ ᠰᠤᠷᠭᠠᠭᠤᠯᠢ ᠬᠡᠵᠤ ᠨᠠᠷ᠎ᠠ ᠶᠢ ᠨᠢ ᠬᠠᠯᠠᠵᠤ᠂ 2003 ᠤᠨ ᠳᠤ ᠪᠤᠭᠤᠳᠤ ᠶᠢᠨ ᠬᠤᠷᠢᠨ ᠨᠢᠬᠡᠳᠦᠬᠡᠷ ᠪᠠᠭ᠎ᠠ ᠰᠤᠷᠭᠠᠭᠤᠯᠢ ᠯᠤᠭ᠎ᠠ ᠨᠡᠶᠢᠯᠡᠬᠦᠯᠵᠤ᠂ ᠪᠤᠭᠤᠳᠤ ᠶᠢᠨ ᠪᠤᠯᠤᠳ ᠲᠠᠮᠦᠷ ᠤᠨ ᠲᠤᠷᠰᠢᠯᠳᠠ ᠶᠢᠨ ᠬᠤᠶᠠᠳᠤᠭᠠᠷ ᠪᠠᠭ᠎ᠠ ᠰᠤᠷᠭᠠᠭᠤᠯᠢ ᠬᠡᠵᠤ ᠰᠢᠨ᠎ᠠ ᠪᠠᠷ ᠪᠠᠶᠢᠭᠤᠯᠵᠠᠢ᠃      2013 ᠤᠨ ᠳᠤ᠂ ᠬᠦᠨᠳᠡᠯᠡᠨ ᠭᠤᠣᠯ ᠤᠨ ᠰᠤᠷᠭᠠᠭᠤᠯᠢ ᠶᠢᠨ ᠲᠤᠭᠤᠷᠢᠭ ᠢ ᠪᠠᠶᠢᠭᠤᠯᠵᠤ ᠲᠠᠭᠤᠰᠬᠠᠭᠠᠳ᠂ ᠲᠤᠷᠰᠢᠯᠳᠠ ᠶᠢᠨ ᠬᠤᠶᠠᠳᠤᠭᠠᠷ ᠪᠠᠭ᠎ᠠ ᠰᠤᠷᠭᠠᠭᠤᠯᠢ ᠳᠤ ᠨᠡᠩ ᠶᠡᠭᠡ ᠬᠦᠭᠵᠢᠯᠳᠠ ᠶᠢᠨ ᠤᠷᠤᠨ ᠵᠠᠢ ᠶᠢ ᠬᠠᠩᠭᠠᠵᠤ ᠦᠭᠬᠦᠭᠰᠡᠨ ᠪᠠᠶᠢᠨ᠎ᠠ᠃ ᠤᠳᠤ ᠬᠤᠶᠠᠷ ᠰᠤᠷᠭᠠᠭᠤᠯᠢ ᠶᠢᠨ ᠲᠤᠭᠤᠷᠢᠭ ᠤᠨ ᠶᠡᠷᠦᠩᠬᠡᠢ ᠲᠠᠯᠠᠪᠠᠢ 23457 ᠲᠡᠭᠰᠢ ᠲᠦᠷᠪᠡᠯᠵᠢᠨ ᠮᠧᠲᠷ ᠪᠠᠶᠢᠵᠤ᠂ ᠪᠠᠷᠢᠯᠭ᠎ᠠ ᠶᠢᠨ ᠲᠠᠯᠠᠪᠠᠢ 14088 ᠲᠡᠭᠰᠢ ᠲᠦᠷᠪᠡᠯᠵᠢᠨ ᠮᠧᠲᠷ ᠪᠤᠯᠵᠤ᠂ 133 ᠪᠠᠭᠰᠢ ᠠᠵᠢᠯᠳᠠᠨ ᠲᠠᠢ᠂ ᠡᠬᠦᠨ ᠳᠤ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠲᠡᠭᠡᠭᠰᠢᠬᠢ ᠰᠤᠷᠤᠯᠭ᠎ᠠ ᠶᠢᠨ ᠨᠡᠮᠳᠡᠷ ᠲᠠᠢ ᠨᠢ 124 ᠬᠦᠮᠦᠨ᠂ ᠲᠡᠭᠡᠳᠤ ᠰᠤᠷᠭᠠᠭᠤᠯᠢ ᠶᠢᠨ ᠰᠤᠷᠤᠯᠭ᠎ᠠ ᠶᠢᠨ ᠨᠡᠮᠳᠡᠷ ᠲᠠᠢ ᠬᠦᠮᠦᠨ 9᠂ ᠲᠤᠰᠬᠠᠢ ᠲᠤᠰᠢᠶᠠᠯ ᠲᠠᠢ ᠪᠠᠭᠰᠢ ᠶᠢᠨ ᠰᠤᠷᠤᠯᠭ᠎ᠠ ᠶᠢᠨ ᠨᠡᠮᠳᠡᠷ ᠤᠨ ᠬᠢᠷᠢ ᠲᠠᠩᠴᠡᠭᠰᠡᠨ ᠨᠤᠷᠮ᠎ᠠ 100%᠎ ᠳᠤ ᠬᠦᠷᠴᠡᠢ︔ ᠡᠬᠦᠨ ᠳᠤ᠂ ᠲᠤᠮᠳᠠᠳᠤ ᠰᠤᠷᠭᠠᠭᠤᠯᠢ ᠶᠢᠨ ᠲᠡᠬᠡᠳᠤ ᠵᠡᠷᠬᠡ ᠶᠢᠨ ᠪᠠᠭᠰᠢ 39᠂ ᠪᠠᠭ᠎ᠠ ᠰᠤᠷᠭᠠᠭᠤᠯᠢ ᠶᠢᠨ ᠲᠡᠬᠡᠳᠤ ᠵᠡᠷᠬᠡ ᠶᠢᠨ ᠪᠠᠭᠰᠢ 55 ᠪᠤᠢ᠃ ᠲᠤᠰ ᠰᠤᠷᠭᠠᠭᠤᠯᠢ  ᠎ ᠳᠤ ᠪᠠᠰᠠ ᠦᠪᠡᠷᠳᠡᠬᠡᠨ ᠵᠠᠰᠠᠬᠤ ᠤᠷᠤᠨ ᠤ ᠲᠡᠰ ᠤᠨ ᠭᠤᠣᠯᠯᠠᠭᠴᠢ ᠪᠠᠭᠰᠢ 1 ᠬᠦᠮᠦᠨ᠂ ᠦᠪᠡᠷᠳᠡᠬᠡᠨ ᠵᠠᠰᠠᠬᠤ ᠤᠷᠤᠨ ᠤ ᠵᠢᠭᠠᠨ ᠰᠤᠷᠭᠠᠯᠳᠠ ᠶᠢᠨ ᠴᠢᠳᠡᠪᠦᠷᠢᠳᠡᠨ 2᠂ ᠪᠤᠭᠤᠳᠤ ᠬᠤᠳᠠ ᠶᠢᠨ ᠨᠡᠷᠡᠳᠤ ᠪᠠᠭᠰᠢ 3᠂ ᠬᠤᠳᠠ ᠶᠢᠨ ᠲᠡᠰ ᠠᠴᠠ ᠲᠡᠭᠡᠭᠰᠢᠬᠢ ᠵᠢᠭᠠᠨ ᠰᠤᠷᠭᠠᠯᠳᠠ ᠶᠢᠨ ᠴᠢᠳᠡᠪᠦᠷᠢᠳᠡᠨ᠂ ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 8 ᠬᠦᠮᠦᠨ ᠪᠤᠢ᠃ ᠤᠳᠤ 57 ᠵᠢᠭᠠᠨ ᠰᠤᠷᠭᠠᠯᠳᠠ ᠶᠢᠨ ᠠᠩᠬᠢ ᠲᠠᠢ᠂ ᠰᠤᠷᠭᠠᠭᠤᠯᠢ ᠳᠤ ᠪᠠᠶᠢᠭ᠎ᠠ ᠰᠤᠷᠤᠬᠴᠢ ᠶᠢᠨ ᠲᠤᠭ᠎ᠠ 3149 ᠬᠦᠮᠦᠨ ᠪᠤᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号