ᠪᠤᠭᠤᠳᠤ ᠪᠤᠯᠤᠳ ᠤᠨ ᠲᠤᠷᠰᠢᠯᠳᠠ ᠶᠢᠨ ᠬᠤᠶᠠᠳᠤᠭᠠᠷ ᠪᠠᠭ᠎ᠠ ᠰᠤᠷᠭᠠᠭᠤᠯᠢ ᠨᠢ ᠪᠤᠭᠤᠳᠤ ᠬᠤᠳᠠ ᠶᠢᠨ ᠬᠦᠨᠳᠡᠯᠡᠨ | ᠲᠤᠭᠤᠷᠢᠭ ᠤᠨ ᠪᠠᠷᠠᠭᠤᠨ ᠬᠤᠶᠢᠳᠤ ᠬᠡᠰᠡᠭ ᠲᠤ ᠪᠠᠶᠢᠷᠢᠯᠠᠵᠤ᠂ ᠪᠠᠷᠠᠭᠤᠨ ᠲᠠᠯ᠎ᠠ ᠪᠠᠷ ᠢᠶᠠᠨ ᠬᠦᠨᠳᠡᠯᠡᠨ ᠭᠤᠤᠯ ᠲᠠᠢ | ᠨᠢᠭᠤᠷᠯᠠᠵᠤ ᠪᠤᠢ᠃ ᠲᠤᠰ ᠰᠤᠷᠭᠠᠭᠤᠯᠢ ᠶᠢ 1981 ᠤᠨ ᠳᠤ ᠪᠠᠶᠢᠭᠤᠯᠵᠤ᠂ ᠡᠬᠢᠨ ᠳᠡᠭᠡᠨ ᠬᠤᠶᠠᠳᠤᠭᠠᠷ ᠲᠡᠮᠦᠷᠯᠢᠭ | ᠪᠤᠯᠪᠠᠰᠤᠷᠠᠭᠤᠯᠬᠤ ᠺᠤᠮᠫᠠᠨᠢ ᠵᠢᠨᠭᠤᠷᠪᠠᠳᠤᠭᠠᠷ ᠪᠠᠭ᠎ᠠ ᠰᠤᠷᠭᠠᠭᠤᠯᠢ ᠬᠡᠵᠤ ᠨᠡᠷᠡᠯᠡᠵᠤ ᠪᠠᠶᠢᠬᠰᠠᠨ ᠦᠪᠦᠷ ᠮᠤᠩᠭᠤᠯ ᠤᠨ | ᠲᠦᠷᠦᠬᠦᠦ ᠪᠦᠯᠦᠭ ᠭᠤᠤᠯᠳᠠᠯᠭ᠎ᠠ ᠲᠠᠢ ᠪᠠᠭ᠎ᠠ ᠰᠤᠷᠭᠠᠭᠤᠯᠢ ᠶᠢᠨ ᠨᠢᠬᠡ ᠪᠤᠯᠬᠤ ᠶᠤᠮ᠃ 1988 ᠤᠨ ᠳᠤ᠂ | ᠬᠤᠶᠠᠳᠤᠭᠠᠷ ᠲᠡᠮᠦᠷᠯᠢᠭ ᠪᠤᠯᠪᠠᠰᠤᠷᠠᠭᠤᠯᠬᠤ ᠺᠤᠮᠫᠠᠨᠢ ᠶᠢᠨ ᠲᠤᠷᠰᠢᠯᠳᠠ ᠶᠢᠨ ᠪᠠᠭ᠎ᠠ ᠰᠤᠷᠭᠠᠭᠤᠯᠢ ᠬᠡᠵᠤ ᠬᠠᠯᠠᠨ ᠨᠠᠷᠠᠶᠢᠳᠴᠤ | ᠂ 1993 ᠤᠨ ᠳᠤ ᠬᠤᠶᠠᠳᠤᠭᠠᠷ ᠲᠡᠮᠦᠷᠯᠢᠭ ᠪᠤᠯᠪᠠᠰᠤᠷᠠᠭᠤᠯᠬᠤ ᠺᠤᠮᠫᠠᠨᠢ ᠶᠢ ᠪᠤᠭᠤᠳᠤ ᠶᠢᠨ ᠪᠤᠯᠤᠳ ᠲᠡᠮᠦᠷ ᠲᠠᠢ | ᠨᠡᠶᠢᠯᠡᠬᠦᠯᠦᠭᠰᠡᠨ ᠤ ᠲᠠᠷᠠᠭ᠎ᠠ ᠪᠤᠭᠤᠳᠤ ᠶᠢᠨ ᠪᠤᠯᠤᠳ ᠲᠡᠮᠦᠷ ᠤᠨ ᠲᠤᠷᠰᠢᠯᠳᠠ ᠶᠢᠨ ᠪᠠᠭ᠎ᠠ ᠰᠤᠷᠭᠠᠭᠤᠯᠢ ᠬᠡᠵᠤ ᠨᠠᠷᠠ ᠶᠢ ᠨᠢ | ᠬᠠᠯᠠᠵᠤ᠂ 2003 ᠤᠨ ᠳᠤ ᠪᠤᠭᠤᠳᠤ ᠶᠢᠨ ᠬᠤᠷᠢᠨ ᠨᠢᠬᠡᠳᠦᠬᠡᠷ ᠪᠠᠭ᠎ᠠ ᠰᠤᠷᠭᠠᠭᠤᠯᠢ ᠯᠤᠭ᠎ᠠ ᠨᠡᠶᠢᠯᠡᠬᠦᠯᠵᠤ᠂ | ᠪᠤᠭᠤᠳᠤ ᠶᠢᠨ ᠪᠤᠯᠤᠳ ᠲᠠᠮᠦᠷ ᠤᠨ ᠲᠤᠷᠰᠢᠯᠳᠠ ᠶᠢᠨ ᠬᠤᠶᠠᠳᠤᠭᠠᠷ ᠪᠠᠭ᠎ᠠ ᠰᠤᠷᠭᠠᠭᠤᠯᠢ ᠬᠡᠵᠤ ᠰᠢᠨ᠎ᠠ ᠪᠠᠷ ᠪᠠᠶᠢᠭᠤᠯᠵᠠᠢ᠃ | | 2013 ᠤᠨ ᠳᠤ᠂ ᠬᠦᠨᠳᠡᠯᠡᠨ ᠭᠤᠣᠯ ᠤᠨ ᠰᠤᠷᠭᠠᠭᠤᠯᠢ ᠶᠢᠨ ᠲᠤᠭᠤᠷᠢᠭ ᠢ ᠪᠠᠶᠢᠭᠤᠯᠵᠤ ᠲᠠᠭᠤᠰᠬᠠᠭᠠᠳ᠂ | ᠲᠤᠷᠰᠢᠯᠳᠠ ᠶᠢᠨ ᠬᠤᠶᠠᠳᠤᠭᠠᠷ ᠪᠠᠭ᠎ᠠ ᠰᠤᠷᠭᠠᠭᠤᠯᠢ ᠳᠤ ᠨᠡᠩ ᠶᠡᠭᠡ ᠬᠦᠭᠵᠢᠯᠳᠠ ᠶᠢᠨ ᠤᠷᠤᠨ ᠵᠠᠢ ᠶᠢ ᠬᠠᠩᠭᠠᠵᠤ | ᠦᠭᠬᠦᠭᠰᠡᠨ ᠪᠠᠶᠢᠨ᠎ᠠ᠃ ᠤᠳᠤ ᠬᠤᠶᠠᠷ ᠰᠤᠷᠭᠠᠭᠤᠯᠢ ᠶᠢᠨ ᠲᠤᠭᠤᠷᠢᠭ ᠤᠨ ᠶᠡᠷᠦᠩᠬᠡᠢ ᠲᠠᠯᠠᠪᠠᠢ 23457 ᠲᠡᠭᠰᠢ | ᠲᠦᠷᠪᠡᠯᠵᠢᠨ ᠮᠧᠲᠷ ᠪᠠᠶᠢᠵᠤ᠂ ᠪᠠᠷᠢᠯᠭ᠎ᠠ ᠶᠢᠨ ᠲᠠᠯᠠᠪᠠᠢ 14088 ᠲᠡᠭᠰᠢ ᠲᠦᠷᠪᠡᠯᠵᠢᠨ ᠮᠧᠲᠷ ᠪᠤᠯᠵᠤ᠂ 133 ᠪᠠᠭᠰᠢ | ᠠᠵᠢᠯᠳᠠᠨ ᠲᠠᠢ᠂ ᠡᠬᠦᠨ ᠳᠤ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠲᠡᠭᠡᠭᠰᠢᠬᠢ ᠰᠤᠷᠤᠯᠭ᠎ᠠ ᠶᠢᠨ | ᠨᠡᠮᠳᠡᠷ ᠲᠠᠢ ᠨᠢ 124 ᠬᠦᠮᠦᠨ᠂ ᠲᠡᠭᠡᠳᠤ ᠰᠤᠷᠭᠠᠭᠤᠯᠢ ᠶᠢᠨ ᠰᠤᠷᠤᠯᠭ᠎ᠠ ᠶᠢᠨ ᠨᠡᠮᠳᠡᠷ ᠲᠠᠢ ᠬᠦᠮᠦᠨ 9᠂ ᠲᠤᠰᠬᠠᠢ | ᠲᠤᠰᠢᠶᠠᠯ ᠲᠠᠢ ᠪᠠᠭᠰᠢ ᠶᠢᠨ ᠰᠤᠷᠤᠯᠭ᠎ᠠ ᠶᠢᠨ ᠨᠡᠮᠳᠡᠷ ᠤᠨ ᠬᠢᠷᠢ ᠲᠠᠩᠴᠡᠭᠰᠡᠨ ᠨᠤᠷᠮ᠎ᠠ 100% ᠳᠤ ᠬᠦᠷᠴᠡᠢ︔ | ᠡᠬᠦᠨ ᠳᠤ᠂ ᠲᠤᠮᠳᠠᠳᠤ ᠰᠤᠷᠭᠠᠭᠤᠯᠢ ᠶᠢᠨ ᠲᠡᠬᠡᠳᠤ ᠵᠡᠷᠬᠡ ᠶᠢᠨ ᠪᠠᠭᠰᠢ 39᠂ ᠪᠠᠭ᠎ᠠ ᠰᠤᠷᠭᠠᠭᠤᠯᠢ ᠶᠢᠨ ᠲᠡᠬᠡᠳᠤ | ᠵᠡᠷᠬᠡ ᠶᠢᠨ ᠪᠠᠭᠰᠢ 55 ᠪᠤᠢ᠃ ᠲᠤᠰ ᠰᠤᠷᠭᠠᠭᠤᠯᠢ ᠳᠤ ᠪᠠᠰᠠ ᠦᠪᠡᠷᠳᠡᠬᠡᠨ ᠵᠠᠰᠠᠬᠤ ᠤᠷᠤᠨ ᠤ ᠲᠡᠰ ᠤᠨ ᠭᠤᠣᠯᠯᠠᠭᠴᠢ | ᠪᠠᠭᠰᠢ 1 ᠬᠦᠮᠦᠨ᠂ ᠦᠪᠡᠷᠳᠡᠬᠡᠨ ᠵᠠᠰᠠᠬᠤ ᠤᠷᠤᠨ ᠤ ᠵᠢᠭᠠᠨ ᠰᠤᠷᠭᠠᠯᠳᠠ ᠶᠢᠨ ᠴᠢᠳᠡᠪᠦᠷᠢᠳᠡᠨ 2᠂ ᠪᠤᠭᠤᠳᠤ | ᠬᠤᠳᠠ ᠶᠢᠨ ᠨᠡᠷᠡᠳᠤ ᠪᠠᠭᠰᠢ 3᠂ ᠬᠤᠳᠠ ᠶᠢᠨ ᠲᠡᠰ ᠠᠴᠠ ᠲᠡᠭᠡᠭᠰᠢᠬᠢ ᠵᠢᠭᠠᠨ ᠰᠤᠷᠭᠠᠯᠳᠠ ᠶᠢᠨ ᠴᠢᠳᠡᠪᠦᠷᠢᠳᠡᠨ᠂ | ᠬᠢᠴᠢᠶᠡᠯ ᠰᠢᠨᠵᠢᠯᠡᠬᠡᠨ ᠤ ᠲᠠᠭᠠᠭᠤᠯᠤᠬᠴᠢ 8 ᠬᠦᠮᠦᠨ ᠪᠤᠢ᠃ ᠤᠳᠤ 57 ᠵᠢᠭᠠᠨ ᠰᠤᠷᠭᠠᠯᠳᠠ ᠶᠢᠨ ᠠᠩᠬᠢ ᠲᠠᠢ᠂ | ᠰᠤᠷᠭᠠᠭᠤᠯᠢ ᠳᠤ ᠪᠠᠶᠢᠭ᠎ᠠ ᠰᠤᠷᠤᠬᠴᠢ ᠶᠢᠨ ᠲᠤᠭ᠎ᠠ 3149 ᠬᠦᠮᠦᠨ ᠪᠤᠢ᠃ | | | |