ᠰᠤᠷ ᠬᠠᠷᠪᠤᠯᠳᠠ
ᠨᠡᠶᠢᠲᠡᠯᠡᠭᠰᠡᠨ ᠴᠠᠭ᠄
2019/6/26
      ᠰᠤᠷ ᠬᠠᠷᠪᠤᠯᠳᠠ ᠨᠢ ᠮᠤᠩᠭᠤᠯᠴᠤᠳ ᠤᠨ ᠠᠩ ᠠᠩᠨᠠᠯ᠂ ᠮᠠᠯ ᠠᠵᠤ ᠠᠬᠤᠢ ᠶᠢᠨ ᠥᠢᠯᠠᠳᠪᠤᠷᠢᠯᠠᠯ ᠭᠥᠳᠠᠯᠮᠤᠷᠢ ᠪᠤᠯᠤᠨ ᠲᠠᠶᠢᠨ ᠪᠠᠶᠢᠯᠳᠤᠭᠠᠨ ᠤ ᠥᠢᠯᠠᠳᠤᠯᠭᠡ ᠲᠠᠢ ᠤᠶᠠᠯᠳᠤᠵᠤ ᠡᠭᠦᠰᠤᠨ ᠪᠤᠢ ᠪᠤᠯᠤᠭᠰᠠᠨ ᠪᠥᠭᠡᠳ ᠲᠠᠥᠭᠡᠨ ᠭᠥᠭᠵᠢᠯ ᠤᠨ ᠶᠠᠪᠤᠴᠠ ᠳᠤ ᠰᠢᠨᠳᠠᠰᠤ ᠲᠠᠮᠢᠷ ᠢᠶᠠᠨ ᠰᠢᠯᠭᠠᠯᠴᠠᠬᠤ᠂ ᠤᠷ᠎ᠠ ᠤᠬᠠᠭᠠᠨ ᠢᠶᠠᠨ ᠮᠥᠷᠦ᠋ᠢᠴᠡᠭᠦ᠂ ᠤᠨᠤᠴᠠ ᠮᠠᠷᠭᠡᠵᠢᠯ ᠢᠶᠠᠨ ᠭᠠᠶᠢᠬᠠᠭᠤᠯᠬᠤ ᠤᠷᠤᠯᠳᠤᠭᠠᠨ ᠮᠥᠷᠦ᠋ᠢᠴᠡᠭᠡᠨ ᠤ ᠭᠡᠯᠪᠡᠷᠢ ᠪᠠᠷ ᠨᠠᠶᠢᠷ ᠨᠠᠭᠠᠳᠤᠮ ᠤᠨ ᠴᠢᠬᠤᠯᠠ ᠨᠢᠭᠡᠨ ᠠᠭᠤᠯᠭ᠎ᠠ ᠪᠤᠯᠵᠤ ᠤᠯᠠᠮᠵᠢᠯᠠᠭᠳᠠᠭᠰᠠᠨ ᠶᠤᠮ᠃       ᠮᠤᠩᠭᠤᠯᠴᠤᠳ ᠤᠨ ᠰᠤᠷ ᠬᠠᠷᠪᠤᠯᠳᠠ ᠨᠢ ᠥᠨᠳᠤᠰᠤᠨ ᠭᠡᠯᠪᠡᠷᠢ ᠶᠢᠨ ᠬᠤᠪᠢ ᠳᠤ ᠵᠤᠭᠰᠤᠭ᠎ᠠ ᠬᠠᠷᠪᠤᠯᠳᠠ᠂ ᠨᠠᠮᠨᠠᠬᠤ ᠬᠠᠷᠪᠤᠯᠳᠠ ᠶᠢᠨ ᠬᠤᠶᠠᠷ ᠭᠡᠯᠪᠡᠷᠢ ᠪᠠᠷ ᠤᠯᠠᠮᠵᠢᠯᠠᠭᠳᠠᠵᠤ᠂ ᠤᠳᠠ ᠬᠠᠷᠪᠤᠬᠤ᠂ ᠰᠠᠷᠠᠨ ᠫᠠᠢ ᠬᠠᠷᠪᠤᠬᠤ᠂ ᠰᠤᠷ ᠬᠠᠷᠪᠤᠬᠤ᠂ ᠲᠠᠯᠳᠠ ᠶᠢᠨ ︽ᠲᠠᠶᠢᠰᠤᠨ︾ ᠬᠠᠷᠪᠤᠬᠤ᠂ ᠠᠷᠢᠶᠠᠳᠠᠨ ᠠᠮᠢᠳᠠᠨ ᠬᠠᠷᠪᠤᠬᠤ ᠵᠠᠷᠭᠡ ᠲᠥᠷᠥᠯ ᠵᠥᠢᠯ ᠢᠶᠠᠷ ᠪᠠᠶᠠᠯᠢᠬᠵᠢᠵᠤ᠂ ᠰᠤᠷ ᠬᠠᠷᠪᠤᠯᠳᠠ ᠶᠢᠨ ᠶᠤᠰᠤ ᠲᠥᠷᠢᠮ ᠢ ᠵᠢᠷᠤᠮᠯᠠᠵᠤ᠂ ᠤᠤᠬᠠᠢᠢᠯᠠᠬᠤ ᠶᠤᠰᠤ᠂ ᠴᠤᠯᠠ ᠴᠢᠮᠡᠭ ᠤᠯᠭᠤᠬᠤ ᠪᠠ ᠱᠠᠩ ᠪᠡᠯᠡᠭ ᠭᠥᠷᠳᠡᠭᠡᠭᠦ ᠶᠤᠰᠤ ᠵᠠᠩᠰᠢᠯ ᠪᠥᠷᠢᠯᠳᠥᠭᠰᠡᠨ ᠪᠠᠶᠢᠳᠠᠭ᠃ ᠡᠭᠦᠨ ᠤ ᠬᠠᠮᠳᠤ᠂ ᠨᠤᠮᠤ ᠰᠤᠮᠤ ᠨᠢ ᠠᠩ ᠠᠩᠨᠠᠯ ᠤᠨ ᠪᠠᠭᠠᠵᠢ᠂ ᠲᠠᠶᠢᠨ ᠪᠠᠶᠢᠯᠳᠤᠭᠠᠨ ᠤ ᠵᠠᠪᠰᠡᠭ᠂ ᠰᠤᠷ ᠬᠠᠷᠪᠤᠯᠳᠠ ᠶᠢᠨ ᠨᠠᠭᠠᠳᠤᠮ ᠤᠨ ᠭᠡᠷᠡᠭᠰᠡᠯ ᠪᠤᠯᠤᠭᠰᠠᠨ ᠥᠪᠡᠷᠮᠢᠴᠠ ᠤᠨᠴᠠᠭᠠᠢ ᠰᠢᠨᠵᠢ ᠠᠴᠠ ᠪᠤᠯᠵᠤ᠂ ᠨᠤᠮᠤ ᠰᠤᠮᠤ ᠶᠢ ᠡᠷᠭᠢᠮᠯᠡᠨ ᠲᠠᠭᠡᠳᠤᠯᠡᠵᠤ᠂ ᠪᠡᠯᠭᠡᠰᠢᠶᠠᠨ ᠥᠵᠡᠭᠦ ᠶᠤᠰᠤ ᠵᠠᠩᠰᠢᠯ ᠮᠤᠩᠭᠤᠯᠴᠤᠳ ᠤᠨ ᠠᠮᠢᠳᠤᠷᠠᠯ ᠠᠵᠢᠯᠯᠠᠭ᠎ᠠ᠂ ᠥᠵᠠᠯ ᠰᠠᠳᠭᠢᠯᠭᠡᠨ ᠤ ᠤᠯᠠᠨ ᠲᠠᠯ᠎ᠠ ᠳᠤ ᠪᠤᠳᠠᠳᠤ ᠲᠤᠰᠬᠠᠯ ᠢᠶᠠᠨ ᠤᠯᠤᠭᠰᠠᠨ ᠪᠠᠶᠢᠳᠠᠭ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号