ᠱᠧᠨ ᠬᠤᠸᠠ ᠢ ᠪᠠᠢ ᠶᠢᠨ ᠲᠦᠬᠦᠮ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2019/9/18
       ᠱᠧᠨ ᠬᠤᠸᠠ ᠢ ᠪᠠᠢ ᠯᠠᠨ ᠲᠢᠶᠠᠨ ᠪᠠᠷᠠᠭ᠎ᠠ ᠬᠤᠳᠠᠯᠳᠤᠨ ᠠᠪᠬᠤ ᠲᠦᠪ ᠪᠤᠯ ᠤᠤᠯ ᠤᠨ ᠱᠧᠨ ᠬᠤᠸᠠ ᠢ ᠪᠠᠢ ᠪᠠᠷᠠᠭ᠎ᠠ ᠬᠤᠳᠠᠯᠳᠤᠨ ᠠᠪᠬᠤ ᠲᠦᠪ ᠪᠤᠯᠤᠨ ᠯᠠᠨ ᠲᠢᠶᠠᠨ ᠪᠠᠷᠠᠭ᠎ᠠ ᠬᠤᠳᠠᠯᠳᠤᠨ ᠠᠪᠬᠤ ᠠᠭᠤᠳᠠᠮ ᠲᠠᠯᠠᠪᠠᠢ ᠪᠠᠷ ᠪᠦᠷᠢᠯᠳᠦᠵᠤ᠂ 2006 ᠤᠨ ᠳᠤ ᠱᠧᠨ ᠬᠤᠸᠠ ᠤᠯᠠᠨ ᠤᠯᠤᠰ ᠤᠨ ᠬᠤᠳᠠ ᠪᠤᠯᠤᠨ ᠪᠤᠭᠤᠳᠤ ᠶᠢᠨ ᠪᠦᠷᠢᠨ ᠪᠠᠷᠠᠭᠠᠳᠤ ᠲᠤᠮᠤ ᠠᠰᠠᠷ ᠲᠤ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠠᠬᠢᠨ ᠴᠤᠬᠴᠠᠯᠠᠯᠳᠠ ᠬᠢᠵᠤ᠂ ᠤᠤᠯ ᠤᠨ ᠯᠠᠨ ᠲᠢᠶᠠᠨ ᠬᠤᠳᠠᠯᠳᠤᠭᠠᠨ ᠤ ᠠᠰᠠᠷ ᠢ ᠪᠤᠭᠤᠳᠤ ᠶᠢᠨ ᠱᠧᠨ ᠬᠤᠸᠠ ᠯᠠᠨ ᠲᠢᠶᠠᠨ ᠪᠦᠷᠢᠨ ᠪᠠᠷᠠᠭᠠᠳᠤ ᠬᠢᠵᠠᠭᠠᠷᠳᠤ ᠺᠤᠮᠫᠠᠨᠢ ᠬᠡᠮᠡᠨ ᠦᠬᠡᠷᠡᠴᠢᠯᠠᠨ ᠨᠠᠷᠠᠶᠢᠳᠴᠡᠢ︔ 2008 ᠤᠨ ᠤ 5 ᠰᠠᠷ᠎ᠠ ᠳᠤ᠂ ᠯᠠᠨ ᠲᠢᠶᠠᠨ ᠪᠦᠷᠢᠨ ᠪᠠᠷᠠᠭᠠᠳᠤ ᠬᠤᠳᠠᠯᠳᠤᠭ᠎ᠠ ᠶᠢ ᠵᠢᠩᠬᠢᠨᠢ ᠪᠠᠷ ᠬᠦᠴᠦᠨ ᠦᠬᠡᠢ ᠪᠤᠯᠭᠠᠵᠤ᠂ ᠱᠧᠨ ᠬᠤᠸᠠ ᠢ ᠪᠠᠢ ᠯᠠᠨ ᠲᠢᠶᠠᠨ MALL᠎ ᠶᠢ ᠪᠠᠶᠢᠭᠤᠯᠵᠤ᠂ ᠰᠠᠬᠦᠯᠡᠷ ᠨᠢ ᠱᠧᠨ ᠬᠤᠸᠠ ᠢ ᠪᠠᠢ ᠯᠠᠨ ᠲᠢᠶᠠᠨ ᠪᠠᠷᠠᠭ᠎ᠠ ᠬᠤᠳᠠᠯᠳᠤᠨ ᠠᠪᠬᠤ ᠲᠦᠪ ᠬᠡᠵᠤ ᠦᠬᠡᠷᠡᠴᠢᠯᠠᠨ ᠨᠡᠷᠡᠶᠢᠳᠦᠭᠰᠡᠨ ᠪᠠᠶᠢᠨ᠎ᠠ᠃         ᠱᠧᠨ ᠬᠤᠸᠠ ᠢ ᠪᠠᠢ ᠯᠠᠨ ᠲᠢᠶᠠᠨ ᠪᠠᠷᠠᠭ᠎ᠠ ᠬᠤᠳᠠᠯᠳᠤᠨ ᠠᠪᠬᠤ ᠲᠦᠪ ᠤᠨ ᠪᠠᠷᠢᠯᠭ᠎ᠠ ᠶᠢᠨ ᠲᠠᠯᠠᠪᠠᠢ 31.746 ᠲᠡᠭᠰᠢ ᠲᠦᠷᠪᠡᠯᠵᠢᠨ  ᠮᠧᠲᠷ ᠪᠠᠶᠢᠵᠤ᠂ ᠱᠧᠨ ᠬᠤᠸᠠ ᠤᠯᠠᠨ ᠤᠯᠤᠰ ᠤᠨ ᠬᠤᠲᠠ ᠶᠢᠨ ᠴᠢᠬᠤᠯᠠ ᠪᠦᠷᠢᠯᠳᠦᠬᠦᠨ ᠬᠡᠰᠡᠭ ᠤᠨ ᠨᠢᠬᠡ ᠮᠦᠨ᠂ ᠤᠯᠤᠰ ᠤᠨ ᠲᠤᠳᠤᠭᠠᠳᠤ ᠭᠠᠳᠠᠭᠠᠳᠤ ᠶᠢᠨ 299 ᠲᠦᠷᠦᠯ ᠲᠡᠮᠳᠡᠭ ᠠᠳᠡ ᠪᠠᠶᠢᠵᠤ᠂ ᠡᠵᠡᠩᠨᠡᠵᠤ ᠪᠠᠶᠢᠭ᠎ᠠ ᠲᠠᠸᠠᠷ ᠤᠨ ᠲᠦᠷᠦᠯ ᠵᠦᠢᠯ 30000 ᠲᠦᠮᠡ ᠭᠠᠷᠤᠢ ᠵᠦᠢᠯ ᠪᠠᠶᠢᠵᠤ᠂ ᠡᠬᠦᠨ ᠳᠤ᠂ ᠤᠯᠤᠰ ᠤᠨ ᠲᠤᠳᠤᠭᠠᠳᠤ ᠶᠢᠨ ᠲᠤᠮᠤ᠂ ᠲᠤᠮᠳᠠ ᠲᠡᠰ ᠤᠨ ᠲᠦᠷᠦᠯ ᠲᠡᠮᠳᠡᠭ 50%᠎ ᠶᠢ ᠡᠵᠡᠯᠡᠵᠤ᠂ ᠲᠤᠰᠬᠠᠢ ᠡᠷᠬᠢᠯᠡᠵᠤ ᠪᠠᠶᠢᠭ᠎ᠠ ᠲᠦᠷᠦᠯ ᠲᠡᠮᠳᠡᠭ 30%᠎ ᠶᠢ ᠡᠵᠡᠯᠡᠨ᠎ᠡ︔ ᠠᠰᠢᠬᠯᠠᠯᠳᠠ ᠳᠤ ᠤᠷᠤᠬᠰᠠᠨ ᠠᠴᠠ ᠨᠠᠭᠠᠰᠢ᠂ ᠱᠧᠨ ᠬᠤᠸᠠ ᠢ ᠪᠠᠢ ᠯᠠᠨ ᠲᠢᠶᠠᠨ ᠪᠠᠷᠠᠭ᠎ᠠ ᠬᠤᠳᠠᠯᠳᠤᠨ ᠠᠪᠬᠤ ᠲᠦᠪ ᠨᠢᠬᠡ ᠵᠦᠢᠯ ᠤᠨ ᠰᠤᠶᠤᠯ ᠤᠨ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠵᠤ᠂ ᠴᠠᠭ ᠤᠨ ᠦᠩᠬᠡ ᠶᠢ ᠲᠠᠭᠠᠬᠰᠠᠨ᠂ ᠡᠷᠡᠬᠦᠯ ᠴᠢᠬᠢᠷᠠᠭ᠂ ᠨᠠᠷᠢᠯᠢᠭ ᠭᠤᠶᠢᠳᠠ ᠴᠣ᠋ ᠰᠢᠨ᠎ᠠ ᠬᠤᠳᠠᠯᠳᠤᠭᠠᠨ ᠤ ᠦᠢᠯᠡᠰ ᠤᠨ ᠲᠦᠷᠢ ᠲᠦᠷᠬᠦ ᠶᠢ ᠱᠤᠭᠤᠵᠤ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠬᠡᠯ᠂ ᠭᠤᠶᠤᠯᠠᠬᠤ᠂ ᠦᠰᠦ ᠵᠠᠰᠠᠬᠤ᠂ ᠪᠡᠶ᠎ᠠ ᠴᠢᠬᠢᠷᠠᠭᠵᠢᠭᠤᠯᠬᠤ᠂ ᠢᠳᠡᠬᠡᠨ ᠤᠮᠳᠠᠭᠠᠨ ᠢ ᠵᠡᠷᠬᠡ ᠶᠢ ᠨᠢᠬᠡ ᠴᠤᠬᠴᠠᠵᠢᠭᠤᠯᠤᠭᠰᠠᠨ ︽ᠨᠢᠬᠡ  ᠥᠷᠳᠡᠭᠡᠵᠢᠯᠡᠭᠰᠡᠨ ᠬᠡᠯᠪᠡᠷᠢ︾᠎ ᠶᠢᠨ ᠪᠠᠷᠠᠭ᠎ᠠ ᠬᠤᠳᠠᠯᠳᠤᠨ ᠠᠪᠬᠤ ᠲᠦᠪ ᠢ ᠴᠢᠷᠮᠠᠶᠢᠨ ᠪᠠᠶᠢᠭᠤᠯᠵᠤ ᠪᠠᠶᠢᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号