ᠰᠢᠨ᠎ᠡ ᠴᠠᠭ ᠦᠶ᠎ᠡ ᠶᠢᠨ ᠪᠠᠭᠰᠢ ᠶᠢᠨ ᠴᠤᠭ ᠵᠢᠪᠬᠤᠭ᠎ᠠ ᠶᠢ ᠦᠵᠡᠭᠦᠯᠵᠦ ᠲᠤᠰᠬᠠᠶᠢᠵᠢᠭᠰᠠᠨ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2020/11/13
    ᠪᠦᠬᠦ  ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠵᠢᠭᠠᠨ ᠰᠤᠷᠭᠠᠬᠤ ᠴᠢᠳᠠᠪᠤᠷᠢ ᠪᠠ ᠪᠠᠭᠰᠢ ᠶᠢᠨ ᠡᠩᠨᠡᠭᠡᠨ ᠤ ᠬᠡᠪ ᠴᠢᠨᠠᠷ ᠢ ᠤᠯᠠᠮ ᠨᠢᠭᠡ ᠠᠯᠬᠤᠮ  ᠲᠡᠭᠡᠰᠢᠯᠡᠬᠦᠯᠵᠤ᠂ ᠰᠢᠯᠢᠳᠡᠭ ᠪᠠᠭᠰᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠲᠤᠪᠤᠶᠢᠯᠭᠠᠬᠤ ᠶᠢᠨ ᠲᠦᠯᠦᠬᠡ᠂ 11 ᠰᠠᠷ᠎ᠠ ᠶᠢᠨ 9 ᠤ ᠡᠳᠦᠷ᠂ ᠬᠥᠨᠳᠡᠯᠡᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠵᠢᠭᠠᠨ ᠰᠤᠷᠭᠠᠬᠤ ᠤᠷ᠎ᠠ ᠴᠢᠳᠠᠪᠤᠷᠢ ᠶᠢᠨ ᠮᠥᠷᠦ᠋ᠢᠴᠡᠭᠡᠨ ᠵᠢᠩᠬᠢᠨᠢ ᠪᠠᠷ ᠡᠬᠢᠯᠡᠪᠡ᠃ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠪᠠᠶᠢᠴᠠᠭᠠᠨ ᠰᠤᠳᠤᠯᠤᠭᠴᠢ ᠸᠠᠩ ᠰᠢᠨ  ᠸᠧᠨ ᠂ ᠲᠣᠭᠤᠷᠢᠭ ᠤᠨ ᠤᠳᠤᠷᠢᠳᠤᠯᠭ᠎ᠠ ᠯᠢᠦ ᠰᠢᠶᠣᠤ ᠫᠢᠩ᠂ ᠮᠢ ᠯᠢ ᠰᠢᠨ᠂ ᠯᠢᠦ ᠴᠢᠶᠠᠨ ᠶᠢᠨ᠂ ᠭᠤᠤ ᠢᠦᠶ᠂ ᠵᠤᠤ ᠳ᠋ᠠᠨ ᠮᠧᠶ ᠡᠬᠢᠯᠡᠯᠳᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠰᠢᠯᠭᠠᠷᠠᠭᠤᠯᠬᠤ ᠺᠣᠮᠢᠰ ᠤᠨ ᠲᠥᠯᠥᠭᠡᠯᠡᠭᠴᠢᠳ ᠲᠤ ᠤᠷᠢᠯᠭ᠎ᠠ ᠶᠢᠨ ᠪᠢᠴᠢᠭ ᠭᠠᠷᠳᠠᠭᠤᠯᠪᠠ᠃    ᠲᠤᠰ ᠤᠳᠠᠭᠠᠨ ᠤ ᠤᠷᠤᠯᠳᠤᠭᠠᠨ ᠢ ᠠᠩᠬᠠᠨ ᠤ ᠤᠷᠤᠯᠳᠤᠭᠠᠨ ᠪᠠ ᠰᠢᠢᠳᠪᠦᠷᠢᠳᠤ ᠤᠷᠤᠯᠳᠤᠭᠠᠨ ᠭᠡᠵᠦ ᠬᠤᠶᠠᠷ ᠱᠠᠲᠤ ᠬᠤᠪᠢᠶᠠᠵᠤ᠂ ᠠᠩᠬᠠᠨ ᠤ ᠤᠷᠤᠯᠳᠤᠭᠠᠨ ᠨᠢ 6 ᠡᠳᠦᠷ ᠶᠠᠪᠤᠭᠳᠠᠨ᠎ᠠ᠃ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ ᠪᠢᠴᠢᠭ᠂ ᠲᠣᠭᠠᠨ ᠤ ᠤᠬᠠᠭᠠᠨ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠯᠡᠬᠦ ᠬᠡᠯᠡ ᠪᠢᠴᠢᠭ᠂ ᠲᠣᠭᠠᠨ ᠤ ᠤᠬᠠᠭᠠᠨ ᠵᠡᠷᠭᠡ ᠨᠠᠢᠮᠠᠨ ᠳᠤᠭᠤᠶᠢᠯᠠᠩ ᠬᠤᠪᠢᠶᠠᠵᠤ᠂ ᠬᠥᠨᠳᠡᠯᠡᠨ ᠲᠣᠭᠤᠷᠢᠭ ᠤᠨ  ᠳᠤᠮᠳᠠᠳᠤ ᠪᠠᠭ᠎ᠠ ᠰᠤᠷᠭᠠᠭᠤᠯᠢ ᠶᠢᠨ 142 ᠪᠠᠭᠰᠢ ᠠᠵᠢᠯᠳᠠᠨ ᠲᠤᠰ ᠤᠳᠠᠭᠠᠨ ᠤ ᠤᠷᠤᠯᠳᠤᠭᠠᠨ ᠳᠤ ᠣᠷᠣᠯᠴᠠᠪᠠ᠃ ᠠᠩᠬᠠᠨ ᠤ ᠤᠷᠤᠯᠳᠤᠭᠠᠨ ᠨᠢ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠪᠠ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠭᠡᠬᠦ ᠬᠤᠶᠠᠷ ᠬᠡᠰᠡᠭ ᠢᠶᠠᠷ ᠪᠦᠷᠢᠯᠳᠦᠵᠦ᠂ ᠰᠢᠢᠳᠪᠦᠷᠢᠲᠦ ᠤᠷᠤᠯᠳᠤᠭᠠᠨ ᠤ ᠬᠡᠯᠡ ᠪᠢᠴᠢᠭ᠂ ᠲᠣᠭᠠᠨ ᠤ ᠤᠬᠠᠭᠠᠨ ᠤ ᠳᠤᠭᠤᠶᠢᠯᠠᠩ ᠪᠦᠷᠢ ᠳᠤ ᠨᠢᠭᠡᠳᠦᠭᠡᠷ ᠳᠡᠰ ᠤᠨ ᠱᠠᠩᠨᠠᠯ 1 ᠨᠡᠷ᠎ᠡ᠂ ᠬᠤᠶᠠᠳᠤᠭᠠᠷ ᠳᠡᠰ ᠤᠨ ᠱᠠᠩᠨᠠᠯ 3 ᠨᠡᠷ᠎ᠡ᠂ ᠭᠤᠷᠪᠠᠳᠤᠭᠠᠷ ᠳᠡᠰ ᠤᠨ ᠱᠠᠩᠨᠠᠯ 5 ᠨᠡᠷ᠎ᠡ᠂ ᠰᠢᠯᠢᠳᠡᠭ ᠱᠠᠩᠨᠠᠯ ᠡᠳᠦᠢ ᠲᠡᠳᠦᠢ ᠶᠢ ᠲᠤᠬᠢᠷᠠᠭᠤᠯᠪᠠ︔ ᠮᠣᠩᠭᠤᠯ ᠢᠶᠠᠷ ᠬᠢᠴᠢᠶᠡᠯᠯᠡᠬᠦ ᠬᠡᠯᠡ ᠪᠢᠴᠢᠭ᠂ ᠲᠣᠭᠠᠨ ᠤ ᠤᠬᠠᠭᠠᠨ ᠨᠢ ᠲᠣᠰ ᠪᠦᠷᠢ ᠨᠢᠭᠡᠳᠦᠭᠡᠷ ᠳᠡᠰ ᠤᠨ ᠱᠠᠩᠨᠠᠯ  ᠳᠤ 1 ᠨᠡᠷ᠎ᠡ ᠰᠢᠯᠭᠠᠷᠠᠭᠤᠯᠤᠨ᠎ᠠ᠃ ᠨᠢᠭᠡᠳᠦᠭᠡᠷ ᠳᠡᠰ ᠤᠨ ᠱᠠᠩᠨᠠᠯ ᠭᠥᠷᠳᠡᠭᠰᠡᠨ ᠪᠠᠭᠰᠢ ᠨᠠᠷ ᠲᠤ ︽ᠬᠥᠨᠳᠡᠯᠡᠨ ᠲᠣᠭᠤᠷᠢᠭ ᠤᠨ ᠲᠠᠪᠤᠨ ᠰᠠᠷ᠎ᠠ ᠶᠢᠨ ᠨᠢᠬᠡᠨ ᠤ ᠬᠥᠳᠡᠯᠮᠦᠷᠢ ᠶᠢᠨ ᠱᠠᠩᠨᠠᠯ ᠤᠨ ᠮᠧᠳᠠᠯ︾ ᠣᠯᠭᠤᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠥᠷᠳᠡᠭᠰᠡᠨ ᠪᠠᠭᠰᠢ ᠨᠠᠷ ᠤᠯᠤᠬᠰᠠᠨ ᠬᠢᠷᠢ ᠪᠦᠲᠦᠮᠵᠢ ᠪᠠᠷ ᠢᠶᠠᠨ ᠳᠡᠭᠡᠳᠦ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠭᠰᠢ ᠠᠵᠢᠯᠲᠠᠨ ᠤ ᠵᠢᠭᠠᠨ ᠰᠤᠷᠭᠠᠬᠤ ᠤᠷᠤᠯᠳᠤᠭᠠᠨ ᠳᠤ ᠣᠷᠣᠯᠴᠠᠬᠤ ᠲᠠᠨᠢᠯᠴᠠᠭᠤᠯᠬᠤ ᠬᠢᠷᠢ ᠬᠡᠮ ᠢ ᠤᠯᠬᠤ ᠪᠣᠯᠤᠨ᠎ᠠ᠃    ᠲᠤᠰ ᠤᠳᠠᠭᠠᠨ ᠤ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ ᠮᠥᠷᠦ᠋ᠢᠴᠡᠭᠡᠨ ᠨᠢ ᠤᠷᠤᠯᠳᠤᠭᠠᠨ ᠳᠤ  ᠤᠷᠤᠯᠴᠠᠬᠰᠠᠨ ᠪᠠᠭᠰᠢ ᠨᠠᠷ ᠲᠤ ᠳᠠᠯᠳᠠ ᠴᠢᠳᠠᠪᠤᠷᠢ ᠪᠠᠨ ᠠᠭᠤᠳᠠᠯᠬᠤ᠂ ᠴᠤᠭ ᠵᠢᠪᠬᠤᠭ᠎ᠠ  ᠪᠠᠨ ᠢᠯᠡᠷᠡᠭᠦᠯᠬᠦ᠂ ᠥᠪᠡᠷ ᠢ ᠪᠠᠨ ᠲᠠᠪᠠᠭ᠋ᠤ ᠲᠣᠬᠢᠶᠠᠯ ᠣᠯᠭᠤᠭᠰᠠᠨ ᠪᠠᠶᠢᠨ᠎ᠠ᠃ ᠮᠥᠨ ᠴᠦ ᠪᠤᠰᠤᠳ ᠪᠠᠭᠰᠢ ᠨᠠᠷ ᠲᠤ ᠲᠣᠭᠤᠷᠢᠨ ᠦᠵᠡᠵᠦ ᠰᠤᠷᠤᠯᠴᠠᠬᠤ᠂ ᠤᠯᠠᠨ ᠤ ᠰᠢᠯᠢᠳᠡᠭ ᠢ ᠥᠷᠭᠡᠨ ᠢᠶᠠᠷ ᠰᠢᠩᠭᠡᠭᠡᠨ ᠠᠪᠬᠤ᠂ ᠰᠤᠳᠤᠯᠤᠨ ᠶᠠᠷᠢᠯᠴᠠᠵᠤ ᠰᠣᠯᠢᠯᠴᠠᠬᠤ ᠬᠠᠷᠢᠯᠴᠠᠨ ᠬᠥᠳᠡᠯᠦᠯᠴᠡᠬᠦ ᠲᠠᠪᠴᠠᠩ ᠢ ᠪᠠᠶᠢᠭᠤᠯᠵᠤ ᠦᠭᠴᠡᠢ᠃ ᠤᠷᠤᠯᠳᠤᠭᠠᠨ ᠨᠢ ᠥᠷᠭᠡᠨ ᠢᠶᠠᠷ ᠣᠷᠣᠯᠴᠠᠬᠤ ᠪᠠ ᠱᠠᠲᠤ ᠱᠠᠲᠤ ᠪᠠᠷ ᠰᠢᠯᠢᠨ ᠰᠣᠩᠭᠤᠬᠤ ᠬᠡᠯᠪᠡᠷᠢ ᠶᠢ ᠠᠪᠴᠤ᠂ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠬᠤ ᠶᠢ ᠪᠠᠷᠢᠮᠲᠠᠯᠠᠵᠤ᠂ ᠵᠢᠭᠠᠨ ᠰᠤᠷᠭᠠᠯᠲᠠ ᠶᠢᠨ ᠰᠢᠨ᠎ᠡ ᠣᠶᠢᠯᠠᠭᠠᠭᠳᠠᠬᠤᠨ ᠪᠣᠯᠤᠨ ᠦᠢᠯᠡᠳᠦᠯᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠰᠤᠷᠲᠠᠬᠤᠨ ᠲᠠᠢ ᠂ ᠯᠠᠪᠳᠠᠭᠤᠨ ᠪᠠᠲᠤᠲᠠᠢ ᠡᠷᠳᠡᠮ ᠮᠡᠳᠡᠯᠭᠡ ᠲᠠᠢ᠂ ᠡᠨᠡᠷᠢᠩᠭᠦᠢ ᠰᠡᠳᠬᠢᠯ ᠲᠠᠢ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠠᠵᠢᠯᠳᠠᠨ ᠤ ᠡᠩᠨᠡᠭᠡ ᠶᠢ  ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠪᠤᠯᠤᠨ᠎ᠠ  ᠃ ︵ᠤᠬᠠᠭᠤᠯᠬᠤ ᠬᠡᠯᠲᠡᠰ  ᠶᠠᠩ ᠧᠨ ᠨᠢᠩ᠂  ᠵᠧᠤ ᠷᠦᠩ᠂ ᠯᠢᠶᠠᠩ ᠭᠦᠸᠧ ᠳ᠋ᠦᠩ ︵ᠳᠠᠳᠤᠯᠭ᠎ᠠ︶ )
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号