ᠬᠥᠨᠳᠡᠯᠡᠨ ᠲᠣᠭᠤᠷᠢᠭ ᠤᠨ ᠲᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠬᠡᠷ ᠬᠤᠷᠢᠶᠠᠯᠠᠯ ᠤᠨ ᠲᠤᠤᠷᠵᠢᠭᠤᠯᠤᠯᠳᠠ ᠶᠢᠨ ᠵᠠᠰᠠᠯᠲᠠ ᠳᠤ ᠬᠦᠴᠦᠨ ᠨᠡᠮᠡᠷᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2020/11/24
    ᠨᠠᠮ ᠤᠨ ᠪᠠᠶᠢᠭᠤᠯᠤᠯᠲᠠ ᠶᠢᠨ ᠲᠤᠤᠷᠵᠢᠭᠤᠯᠤᠯᠳᠠ ᠶᠢᠨ ᠨᠡᠶᠢᠭᠡᠮ ᠤᠨ ᠵᠠᠰᠠᠯᠲᠠ ᠶᠢ ᠬᠦᠳᠦᠯᠦᠨ ᠵᠢᠯᠤᠭᠤᠳᠬᠤ ᠠᠵᠢᠯ ᠢ ᠤᠯᠠᠮ ᠨᠢᠭᠡ ᠠᠯᠬᠤᠮ ᠬᠦᠨᠵᠡᠬᠡᠶᠢᠷᠡᠬᠦᠯᠵᠤ᠂ ᠠᠷᠠᠳᠴᠢᠯᠠᠭᠰᠠᠨ ᠨᠠᠮ ᠪᠦᠯᠦᠭ ᠤᠨ ᠡᠭᠦᠷᠭᠡ  ᠴᠢᠳᠡᠪᠬᠢ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠦᠯᠦᠬᠡ᠂ 11 ᠰᠠᠷ᠎ᠠ ᠶᠢᠨ 21 ᠤ ᠡᠳᠦᠷ᠂ ᠬᠥᠨᠳᠡᠯᠡᠨ ᠲᠣᠭᠤᠷᠢᠭ ᠲᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠬᠠᠲᠤᠨ ᠭᠤᠤᠯ ᠪᠠᠷᠠᠭᠤᠨ ᠵᠠᠮ  ᠤᠨ ᠵᠡᠭᠡᠯᠢ ᠭᠤᠳᠤᠮᠵᠢ ᠶᠢᠨ ᠬᠡᠷ ᠬᠤᠷᠢᠶᠠᠯᠠᠯ ᠤᠨ ᠲᠤᠤᠷᠵᠢᠭᠤᠯᠤᠯᠳᠠ ᠶᠢᠨ ᠵᠠᠰᠠᠯᠲᠠ ᠳᠤ ᠲᠤᠰᠠᠯᠠᠬᠤ  ᠡᠬᠢᠯᠡᠯᠲᠡ ᠶᠢᠨ ᠶᠣᠰᠣᠯᠠᠯ ᠶᠠᠪᠤᠭᠤᠯᠪᠠ᠃     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠤ᠋ ᠰᠢᠶᠠ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠪᠤᠭᠤᠲᠤ ᠬᠤᠲᠠ ᠶᠢᠨ ᠬᠤᠷᠢᠶᠠᠨ ᠤ ᠳᠡᠳ᠋ ᠡᠷᠬᠢᠯᠡᠭᠴᠢ ᠭᠡᠰᠢᠭᠦᠨ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠬᠥᠨᠳᠡᠯᠡᠨ ᠲᠣᠭᠤᠷᠢᠭ ᠤᠨ ᠶᠡᠷᠦᠩᠬᠡᠶ ᠡᠭᠦᠷ ᠤᠨ ᠡᠷᠬᠢᠯᠡᠭᠴᠢ ᠭᠡᠰᠢᠭᠦᠨ᠂ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠰᠠᠭᠤᠷᠢ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠵᠠᠬᠢᠷᠤᠯ ᠰᠥᠩ ᠹᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ︽ᠬᠥᠨᠳᠡᠯᠡᠨ ᠲᠣᠭᠤᠷᠢᠭ ᠤᠨ ᠲᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠬᠡᠷ ᠬᠤᠷᠢᠶᠠᠯᠠᠯ ᠤᠨ ᠲᠤᠤᠷᠵᠢᠭᠤᠯᠤᠯᠳᠠ ᠶᠢᠨ ᠵᠠᠰᠠᠯᠳᠠ ᠳᠤ ᠲᠤᠰᠠᠯᠠᠬᠤ  ᠦᠢᠯᠡᠳᠦᠯᠬᠡ ᠶᠢᠨ ᠰᠠᠭᠤᠷᠢᠨ︾ ᠳᠤ ᠫᠠᠶᠢᠰᠠ ᠡᠯᠬᠦᠵᠤ ᠦᠭᠴᠡᠢ᠃   ᠡᠬᠢᠯᠡᠯᠲᠡ ᠶᠢᠨ ᠶᠣᠰᠣᠯᠠᠯ ᠳᠡᠭᠡᠷ᠎ᠡ᠂ ᠬᠥᠨᠳᠡᠯᠡᠨ ᠲᠣᠭᠤᠷᠢᠭ ᠤᠨ ᠲᠤᠮᠳᠠᠳᠤ ᠤᠯᠤᠰ ᠤᠨ ᠠᠷᠠᠳᠴᠢᠯᠠᠭᠰᠠᠨ  ᠬᠤᠯᠪᠤᠭ᠎ᠠ ᠶᠢᠨ ᠬᠠᠷᠢᠭᠤᠴᠠᠯᠭᠠᠳᠠᠨ ᠪᠠ ᠬᠠᠲᠤᠨ ᠭᠤᠤᠯ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ  ᠬᠠᠷᠢᠭᠤᠴᠠᠯᠭᠠᠳᠠᠨ ᠲᠠᠢ ᠲᠤᠤᠷᠵᠢᠭᠤᠯᠤᠯᠳᠠ ᠶᠢᠨ ᠲᠠᠨᠢᠵᠤ ᠠᠪᠬᠤ ᠬᠡᠯᠡᠯᠴᠡᠭᠡᠷ ᠤᠨ ᠪᠢᠴᠢᠭ ᠲᠣᠭᠲᠠᠵᠤ᠂ ᠬᠥᠨᠳᠡᠯᠡᠨ ᠲᠣᠭᠤᠷᠢᠭ ᠤᠨ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭᠠᠨ ᠤ 20 ᠭᠡᠰᠢᠭᠦᠨ ᠲᠤᠰᠢᠶᠠᠯ ᠬᠠᠪᠰᠤᠷᠭᠠᠭᠰᠠᠨ ᠲᠤᠤᠷᠵᠢᠭᠤᠯᠤᠯᠳᠠ ᠶᠢᠨ ᠠᠵᠢᠯᠳᠠᠨ ᠢᠶᠠᠷ ᠤᠷᠢᠬᠳᠠᠵᠤ᠂ ᠬᠠᠲᠤᠨ ᠭᠤᠤᠯ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ 4 ᠬᠡᠷ ᠬᠤᠷᠢᠶᠠᠯᠠᠯ ᠤᠨ 20 ᠲᠤᠤᠷᠵᠢᠭᠤᠯᠤᠯᠳᠠ ᠶᠢᠨ ᠬᠠᠮᠢᠶᠠᠷᠤᠯᠳᠠ ᠳᠤᠮᠳᠠ  ᠤᠷᠤᠯᠴᠠᠵᠠᠢ᠃ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠥᠨᠳᠡᠯᠡᠨ ᠲᠣᠭᠤᠷᠢᠭ ᠤᠨ ᠲᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭᠠᠨ ᠤ ᠬᠡᠰᠢᠬᠦᠨ ᠤ ᠲᠤᠰᠢᠶᠠᠯ ᠬᠠᠪᠰᠤᠷᠭᠠᠭᠰᠠᠨ ᠲᠤᠤᠷᠵᠢᠭᠤᠯᠤᠯᠳᠠ ᠶᠢᠨ ᠠᠵᠢᠯᠲᠠᠨ ᠬᠡᠷ ᠬᠤᠷᠢᠶᠠᠯᠠᠯ ᠳᠤ ᠭᠦᠨᠵᠡᠭᠡᠶᠢᠷᠡᠨ ︽ᠲᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢ ᠪᠠᠲᠤ  ᠴᠤᠬᠴᠠᠯᠬᠤ︾ ᠪᠠ ︽ᠦᠷᠭᠦᠯᠵᠢ ᠬᠡᠷᠡᠭᠯᠡᠭᠳᠡᠭ ᠪᠠᠴᠢᠮ ᠠᠪᠤᠷᠠᠯᠲᠠ ᠶᠢᠨ ᠮᠡᠷᠭᠡᠵᠢᠯ︾ ᠭᠡᠬᠦ ᠭᠤᠤᠯ ᠰᠡᠳᠦᠪᠲᠦ ᠲᠤᠰᠬᠠᠶ ᠲᠠᠶᠢᠯᠤᠮᠵᠢ ᠥᠷᠨᠢᠭᠦᠯᠪᠡ᠃     ᠣᠶᠢᠯᠠᠭᠠᠭᠰᠠᠨ ᠢᠶᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠢᠭᠡᠳᠦᠮᠡᠯ ᠹᠷᠣᠨᠲ︾ ᠤᠨ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠦᠯᠦᠬᠡ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠷᠠᠳᠴᠢᠯᠠᠭᠰᠠᠨ ᠨᠠᠮ ᠪᠦᠯᠦᠭ ᠤᠨ ᠦᠨᠳᠦᠰᠦᠨ ᠱᠠᠲᠤᠨ  ᠤ ᠵᠠᠰᠠᠯᠲᠠ ᠳᠠᠬᠢ ᠳᠠᠪᠠᠭᠤᠯᠢᠭ ᠣᠨᠴᠠᠯᠢᠭ ᠢ ᠦᠨᠳᠦᠰᠦᠯᠡᠨ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠰᠤᠳᠤᠴᠤᠤᠯ ᠤᠨ ᠬᠦᠴᠦᠨ ᠪᠠ ᠡᠬᠢ ᠪᠠᠶᠠᠯᠢᠭ ᠤᠨ ᠳᠠᠪᠠᠭᠤᠯᠢᠭ ᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠤᠤᠷᠵᠢᠭᠤᠯᠤᠯᠳᠠ ᠳᠤ ᠨᠢᠭᠲᠠᠷᠠᠭᠤᠯᠵᠤ᠂ ᠰᠡᠵᠢᠭ ᠮᠠᠲᠠᠭ ᠢ ᠲᠠᠶᠢᠯᠬᠤ᠂ ᠨᠡᠶᠢᠭᠡᠮ ᠳᠤ ᠦᠢᠯᠡᠴᠢᠯᠡᠬᠦ ᠂ ᠵᠥᠷᠢᠴᠡᠯ ᠢ ᠠᠷᠢᠯᠭᠠᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠵᠡᠷᠭᠡ ᠠᠵᠢᠯ ᠢ ᠬᠠᠮᠲᠤᠪᠠᠷ ᠰᠠᠶᠢᠲᠤᠷ ᠬᠢᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ᠂ ᠨᠡᠶᠢᠭᠡᠮ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠵᠠᠭᠪᠤᠷ ᠢ ᠬᠦᠴᠦᠯᠡᠨ ᠪᠠᠶᠢᠭᠤᠯᠵᠤ᠂ ᠨᠢᠭᠡᠨ ᠵᠢᠭᠰᠠᠭᠠᠯ ᠤᠨ ᠭᠠᠵᠠᠷ ᠪᠠᠶᠢᠭᠤᠯᠬᠤ᠂ ᠨᠢᠭᠡᠨ ᠡᠩᠨᠡᠭᠡ ᠶᠢ ᠪᠠᠶᠢᠭᠤᠯᠬᠤ᠂ ᠳᠥᠷᠪᠡᠨ ᠲᠥᠷᠥᠯ ᠤᠨ ᠦᠢᠯᠡᠴᠢᠯᠡᠭᠡ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠨ ᠦᠨᠳᠦᠰᠦᠨ ᠱᠠᠲᠤᠨ ᠤ ᠬᠡᠷ ᠬᠤᠷᠢᠶᠠᠯᠠᠯ ᠤᠨ ᠲᠤᠤᠷᠵᠢᠭᠤᠯᠤᠯᠳᠠ ᠶᠢᠨ ᠨᠡᠶᠢᠭᠡᠮ ᠤᠨ ᠵᠠᠰᠠᠯᠲᠠ ᠳᠤ ᠬᠦᠴᠦ ᠨᠡᠮᠡᠷᠢᠯᠡᠵᠦ᠂ ᠲᠤᠤᠷᠵᠢᠭᠤᠯᠤᠯᠳᠠ ᠶᠢᠨ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠤᠤᠷᠵᠢᠭᠤᠯᠤᠯᠳᠠ ᠶᠢᠨ ᠦᠢᠯᠡᠴᠢᠯᠡᠭᠡᠨ ᠤ ᠴᠢᠳᠠᠪᠬᠢ ᠶᠢ ᠰᠢᠯᠢᠳᠡᠭᠵᠢᠭᠦᠯᠵᠦ᠂ ᠪᠠᠭ᠎ᠠ ᠲᠤᠤᠷᠵᠢᠭᠤᠯᠤᠯᠳᠠ ᠶᠢᠨ ᠶᠡᠭᠡ ᠵᠠᠰᠠᠯᠲᠠ ᠶᠢ ᠠᠬᠢᠭᠤᠯᠬᠤ ᠳᠤ ᠲᠤᠰᠠᠯᠠᠵᠤ᠂ ︽ᠨᠠᠮ ᠪᠦᠯᠦᠭ ᠤᠨ ᠬᠦᠴᠦᠨ ᠢ ᠨᠢᠭᠲᠠᠷᠠᠭᠤᠯᠵᠤ᠂ ᠬᠡᠷ ᠬᠤᠷᠢᠶᠠᠯᠠᠯ ᠤᠨ ᠬᠥᠭᠵᠢᠯᠲᠡ ᠳᠤ ᠦᠢᠯᠡᠴᠢᠯᠡᠬᠦ︾ ᠨᠡᠶᠢᠭᠡᠮ ᠤᠨ ᠵᠠᠰᠠᠯᠲᠠ ᠶᠢᠨ ᠰᠢᠨ᠎ᠡ ᠬᠡᠪ ᠵᠠᠭᠪᠤᠷ ᠢ  ᠪᠦᠷᠢᠯᠳᠦᠬᠦᠯᠵᠤ᠂  ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠷᠠᠳ ᠤᠨ ᠠᠮᠢᠳᠤᠷᠠᠯ ᠳᠤ ᠦᠢᠯᠡᠴᠢᠯᠡᠬᠦ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠪᠣᠶ ᠪᠣᠯᠭᠠᠪᠠ᠃ ︵ᠬᠥᠨᠳᠡᠯᠡᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠹᠧᠩ ᠰᠢᠤᠸᠠᠢ᠂ ᠶᠠᠩ ᠧᠨ ᠨᠢᠩ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号