ᠬᠥᠨᠳᠡᠯᠡᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 137  ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/26
     11 ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠶᠠᠨ ᠳ᠋ᠦᠩ ᠬᠥᠨᠳᠡᠯᠡᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 137 ᠳ᠋ᠤᠭᠠᠷ ᠬᠤᠷᠠᠯ ᠢ ᠡᠷᠬᠢᠯᠡᠨ ᠬᠤᠷᠠᠯᠳᠤᠭᠤᠯᠪᠠ᠃      ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠳ᠋ᠢᠩ ᠺᠠᠢ᠂ ᠯᠢᠦ ᠰᠢᠶᠤᠤ ᠫᠢᠩ᠂ ᠵᠤᠤ ᠸᠠᠨ ᠰᠢ᠂ ᠰᠢᠤᠢ ᠶᠢᠦ ᠴᠢᠩ᠂ ᠬᠤ᠋ ᠰᠢᠶᠠ᠂ ᠪᠠᠢ ᠷᠦᠨ ᠬᠤᠩ᠂ ᠮᠢ ᠯᠢ ᠰᠢᠨ ᠬᠤᠷᠠᠯ ᠳᠤ ᠣᠷᠣᠯᠴᠠᠪᠠ᠃  ᠲᠤᠭᠤᠷᠢᠭ ᠤᠨ ᠤᠳᠤᠷᠢᠳᠤᠯᠭ᠎ᠠ ᠸᠠᠩ ᠶᠦᠩ ᠱᠧᠩ᠂ ᠦ᠋ ᠸᠧᠨ ᠴᠢᠩ᠂ ᠸᠠᠩ ᠸᠧᠢ᠂ ᠯᠢᠦ ᠴᠢᠶᠠᠨ ᠶᠢᠨ᠂ ᠯᠢ ᠴᠠᠩ ᠮᠤᠤ᠂ ᠸᠠᠩ ᠴᠢᠶᠠᠩ᠂ ᠭᠤᠤ ᠢᠦᠢ᠂ ᠵᠤᠤ ᠲᠠᠢ ᠰᠢᠶᠠᠨ᠂ ᠾᠧ ᠵᠢᠶᠦ᠋ᠨ᠂ ᠯᠢᠦ ᠹᠧᠩ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠢ ᠵᠠᠰᠠᠬᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ︽ᠬᠥᠨᠳᠡᠯᠡᠨ ᠲᠣᠭᠤᠷᠢᠭ ᠤᠨ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠢᠶᠠᠨ ᠦᠯᠦ ᠬᠢᠬᠦ ᠤᠳᠤᠷᠢᠳᠬᠤ ᠺᠠᠳ᠋ᠷ ᠢ  ᠬᠢᠨᠠᠨ ᠲᠣᠭᠲᠠᠭᠠᠬᠤ ᠪᠠ ᠵᠣᠬᠢᠶᠠᠨ ᠪᠠᠶᠢᠭᠤᠯᠤᠯᠳᠠ ᠶᠢᠨ ᠰᠢᠢᠳᠪᠦᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶ ︵ ᠬᠢᠨᠠᠨ ᠪᠠᠶᠢᠴᠠᠭᠠᠯᠭᠠᠬᠤ ᠨᠤᠤᠷᠠᠭ︶︾  ᠂ ︽ᠬᠥᠨᠳᠡᠯᠡᠨ ᠲᠣᠭᠤᠷᠢᠭ ᠤᠨ ᠪᠣᠯᠪᠠᠰᠤᠨ ᠬᠤᠳᠠ ᠶᠢ ᠡᠭᠦᠳᠦᠨ  ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ ︵ᠬᠢᠨᠠᠨ ᠪᠠᠶᠢᠴᠠᠭᠠᠯᠭᠠᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ᠃     ᠬᠤᠷᠠᠯ ᠠᠴᠠ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ ᠰᠢ ᠶᠢᠨ ᠫᠢᠩ ᠤᠨ   ᠬᠠᠦᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠨᠠᠮ ᠤᠨ ᠡᠨᠡ ᠬᠦ ᠰᠢᠨ᠎ᠡ ᠶᠢ ᠡᠬᠦᠳᠦᠭᠰᠡᠨ ᠣᠨᠣᠯ ᠢ ᠭᠦᠨᠵᠡᠭᠡᠶ ᠰᠤᠷᠤᠯᠴᠠᠨ ᠤᠶᠢᠯᠠᠭᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠣᠷᠣᠭᠰᠠᠨ ᠢᠶᠠᠨ ᠬᠡᠷᠡᠭᠯᠡᠵᠦ᠂ ᠬᠤᠲᠠ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ᠂ ᠨᠡᠶᠢᠭᠡᠮ ᠤᠨ ᠡᠶ᠎ᠡ ᠵᠤᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠦᠨᠳᠦᠰᠦᠨ ᠱᠠᠲᠤᠨ ᠤ ᠵᠠᠰᠠᠯᠲᠠ ᠶᠢᠨ ︽ᠡᠮᠦᠨ᠎ᠡ ᠹᠷᠣᠨᠲ ᠤᠨ ᠳᠠᠶᠢᠴᠢᠨ ᠪᠠᠬᠢᠯᠡᠯᠲᠡ︾ ᠶᠢ ᠴᠤᠬᠴᠠᠯᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠲᠣᠣᠷ ᠢ ᠪᠠᠲᠤ ᠪᠠᠬᠢ ᠪᠤᠯᠭᠠᠵᠤ᠂ ᠠᠷᠠᠳ ᠤᠯᠠᠨ ᠤ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠬᠦᠯᠬᠦ ᠬᠡᠷᠡᠭᠳᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠦᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠮᠠᠨ ᠤ  ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠯᠦᠭᠡ ᠬᠠᠷᠢᠯᠴᠠᠨ  ᠵᠤᠯᠭᠠᠯᠴᠠᠭᠤᠯᠵᠤ᠂ 2021 ᠣᠨ ᠤ ᠮᠠᠨ ᠤ ᠲᠤᠭᠤᠷᠢᠭ ᠤᠨ ᠬᠠᠦᠯᠢᠵᠢᠯ ᠤᠨ ᠵᠠᠰᠠᠭ ᠤᠨ ᠣᠷᠳᠣᠨ ᠤ ᠡᠯ᠎ᠡ  ᠵᠦᠢᠯ ᠤᠨ ᠭᠤᠤᠯᠳᠠᠯᠭ᠎ᠠ ᠲᠠᠢ ᠠᠵᠢᠯ ᠢ ᠲᠡᠬᠡᠷ᠎ᠡ ᠲᠦᠪᠰᠢᠨ ᠠᠴᠠ ᠲᠥᠯᠥᠪᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠪᠠᠷ ᠠᠳᠬᠤᠴᠠ ᠪᠣᠯᠭᠠᠵᠤ᠂   ᠬᠠᠦᠯᠢᠵᠢᠯ ᠢᠶᠠᠷ ᠵᠠᠰᠠᠭ ᠵᠠᠬᠢᠷᠭᠠᠨ ᠤ ᠡᠷᠬᠡ ᠳᠤ ᠶᠣᠰᠣ ᠲᠦᠷᠢᠮ ᠲᠣᠭᠲᠠᠭᠠᠵᠤ᠂ ᠵᠠᠭᠠᠭ ᠱᠤᠭᠤᠮ ᠲᠤᠭᠳᠠᠭᠠᠵᠤ ᠦᠭᠬᠦ ᠬᠡᠷᠡᠭᠳᠡᠢ᠃ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠪᠦᠬᠦ ᠲᠠᠯ᠎ᠠ ᠪᠠᠷ ᠬᠠᠤᠯᠢ ᠪᠠᠷ  ᠲᠤᠭᠤᠷᠢᠭ ᠢᠶᠠᠨ ᠵᠠᠰᠠᠬᠤ ᠲᠠᠯ᠎ᠠ ᠶᠢᠨ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ᠂ ᠬᠠᠦᠯᠢᠵᠢᠯ ᠤᠨ ᠪᠠᠶᠢᠭᠤᠯᠤᠯᠲᠠ ᠶᠢᠨ ᠪᠠᠶᠢᠳᠠᠯ ᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠠᠵᠢᠯ ᠢ ᠪᠠᠶᠢᠴᠠᠭᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠦᠯᠢᠵᠢᠯ ᠤᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠮᠠᠨ ᠤ ᠲᠤᠭᠤᠷᠢᠭ ᠲᠤ ᠨᠠᠶᠢᠳᠠᠪᠤᠷᠢᠵᠢᠭᠤᠯᠬᠤ ᠶᠢ  ᠪᠠᠳᠤᠯᠠᠬᠤ ᠬᠡᠷᠡᠭᠳᠡᠢ ᠬᠡᠵᠤ ᠵᠢᠭᠠᠵᠤ ᠭᠠᠷᠭᠠᠬᠰᠠᠨ ᠪᠠᠶᠢᠨ᠎ᠠ᠃       ᠬᠤᠷᠠᠯ ᠠᠴᠠ᠂ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ᠂ ᠮᠡᠳᠡᠬᠦ ᠬᠡᠪᠴᠢᠶ᠎ᠡ ᠪᠠᠨ ᠥᠷᠭᠡᠳᠬᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠪᠦᠬᠦ ᠲᠤᠭᠤᠷᠢᠭ ᠤᠨ ᠥᠷᠭᠡᠨ ᠣᠯᠠᠨ ᠺᠠᠳ᠋ᠷ ᠤᠨ ᠠᠵᠢᠯ ᠬᠢᠵᠦ  ᠦᠢᠯᠡᠰ ᠪᠣᠰᠬᠠᠬᠤ ᠢᠳᠡᠪᠬᠢᠵᠢᠯ ᠢ ᠤᠯᠠᠮ ᠨᠢᠭᠡ ᠠᠯᠬᠤᠮ ᠤᠷᠮᠠᠰᠢᠭᠤᠯᠤᠨ ᠵᠣᠷᠢᠭᠵᠢᠭᠤᠯᠵᠤ᠂ ᠰᠠᠭᠤᠵᠤ  ᠲᠡᠶᠢᠯᠬᠦ ᠦᠭᠡᠶ ᠲᠤᠯᠭᠠᠮ ᠰᠡᠳᠬᠢᠯᠭᠡ᠂ ᠤᠳᠠᠭᠠᠰᠢᠷᠠᠵᠤ ᠪᠣᠯᠤᠰᠢ ᠦᠭᠡᠶ ᠲᠦᠭᠰᠢᠭᠦᠷᠢᠲᠦ ᠰᠡᠳᠬᠢᠯᠭᠡ᠂ ᠬᠦᠯᠢᠶᠡᠵᠦ ᠳᠡᠶᠢᠯᠬᠦ ᠦᠭᠡᠶ ᠬᠠᠷᠢᠭᠤᠴᠠᠯᠭᠠᠲᠤ ᠰᠡᠳᠬᠢᠯᠭᠡ ᠪᠠᠷ ᠪᠦᠬᠦ ᠬᠦᠴᠦᠨ ᠢᠶᠠᠷ ᠢᠶᠠᠨ ᠬᠥᠭᠵᠢᠯᠲᠡ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠃ ᠡᠯ᠎ᠡ ᠵᠦᠢᠯ ᠤᠨ ᠠᠵᠢᠯ ᠤᠨ ᠡᠭᠦᠷᠭᠡ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠵᠢᠯ ᠤᠨ ᠪᠠᠶᠢᠷᠢ ᠶᠢᠨ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠬᠡᠵᠤ᠂  ᠪᠡᠶ᠎ᠡ ᠪᠠᠷ ᠢᠶᠠᠨ ᠲᠦᠷᠦᠭᠦᠯᠡᠨ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠪᠠᠶ᠎ᠠ ᠪᠠᠷ ᠢᠶᠠᠨ ᠲᠦᠷᠦᠭᠦᠯᠡᠨ ᠠᠰᠠᠭᠤᠳᠠᠯ ᠢ ᠰᠢᠢᠳᠪᠦᠷᠢᠯᠡᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠳᠤᠲᠠᠭᠤᠳᠠᠯ ᠪᠠ ᠪᠠᠭᠤᠷᠠᠶ ᠲᠠᠯ᠎ᠠ ᠪᠠᠨ ᠣᠨᠣᠪᠴᠢᠲᠠᠶ ᠡᠷᠢᠵᠦ᠂ ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠬᠠᠷᠠᠯᠳᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠳᠤᠯᠠᠬᠤ ᠬᠡᠷᠡᠭᠳᠡᠢ᠃ ᠠᠵᠢᠯ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠪᠠ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠨᠢᠭᠡᠪᠦᠷᠢ ᠪᠠᠨ ᠬᠢᠨᠠᠮᠠᠭᠠᠶ ᠵᠢᠬᠰᠠᠭᠠᠨ ᠡᠮᠬᠢᠯᠡᠵᠦ᠂  ᠵᠤᠯᠭᠠᠯᠴᠠᠭ᠎ᠠ ᠰᠢᠯᠤᠭᠤᠬᠠᠨ᠂ ᠬᠡᠷᠡᠭᠵᠢᠬᠦᠯᠦᠯᠳᠡ ᠬᠦᠴᠦᠲᠡᠶ ᠠᠵᠢᠯ ᠤᠨ ᠲᠣᠭᠲᠠᠴᠠ ᠶᠢ ᠪᠠᠶᠢᠭᠤᠯᠵᠤ᠂ ᠬᠥᠨᠳᠡᠯᠡᠨ ᠲᠣᠭᠤᠷᠢᠭ ᠤᠨ ᠡᠯ᠎ᠡ ᠵᠦᠢᠯ ᠤᠨ ᠠᠵᠢᠯ ᠳᠠᠬᠢᠨ ᠰᠢᠨ᠎ᠡ ᠳᠡᠭᠲᠡᠷ ᠲᠤ ᠭᠠᠷᠴᠤ᠂ ᠳᠠᠬᠢᠨ ᠰᠢᠨ᠎ᠡ ᠲᠦᠪᠰᠢᠨ ᠳᠤ ᠳᠡᠭᠡᠭᠰᠢᠯᠡᠬᠦ ᠶᠢ ᠪᠠᠲᠤᠯᠠᠵᠤ ᠂ ᠰᠢᠨ᠎ᠡ ᠳᠠᠪᠠᠯᠲᠠ᠂ ᠳᠠᠬᠢᠨ ᠰᠢᠨ᠎ᠡ ᠠᠮᠵᠢᠯᠲᠠ ᠪᠦᠲᠦᠮᠵᠢ ᠡᠬᠦᠳᠬᠦ ᠶᠢ ᠪᠡᠶᠡᠯᠡᠬᠦᠯᠬᠦ ᠬᠡᠷᠡᠭᠳᠡᠢ ᠬᠡᠵᠤ ᠴᠢᠬᠤᠯᠠᠴᠢᠯᠠᠵᠠᠢ᠃     ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ ᠤᠨ ᠬᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠢᠯᠭᠠᠨ ᠲᠣᠭᠲᠠᠭᠠᠬᠤ  ᠬᠦᠢᠴᠡᠳᠬᠡᠬᠦ ᠲᠤᠭ᠎ᠠ ᠶᠢᠨ ᠰᠢᠰᠲ᠋ᠧᠮ ᠪᠠ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠵᠢᠯᠣᠭᠤᠳᠬᠤ ᠳᠦᠷᠢᠮ ᠯᠦᠭᠡ ᠬᠠᠷᠭᠤᠭᠤᠯᠤᠨ ᠬᠠᠷᠢᠴᠠᠭᠤᠯᠵᠤ᠂ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠠᠨᠠᠭᠠᠴᠢᠯᠠᠭ᠎ᠠ ᠠᠴᠠ ᠪᠠᠨ ᠮᠡᠳᠡᠷᠡᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠭᠤᠷᠪᠠᠨ ᠰᠠᠷ᠎ᠠ ᠶᠢᠨ ᠬᠤᠭᠤᠴᠠᠭ᠎ᠠ ᠶᠢ ᠲᠥᠪᠯᠡᠷᠡᠭᠦᠯᠦᠨ ᠶᠡᠷᠦᠩᠬᠡᠶᠢᠯᠡᠭᠰᠡᠨ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠦᠷ᠎ᠡ ᠪᠦᠳᠦᠮᠵᠢ ᠶᠢ ᠦᠨᠡᠨᠬᠦ ᠲᠡᠭᠡᠭᠰᠢᠯᠡᠬᠦᠯᠵᠤ᠂ ᠪᠤᠭᠤᠲᠤ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠥᠨᠳᠡᠯᠡᠨ ᠲᠣᠭᠤᠷᠢᠭ ᠤᠨ ᠬᠦᠴᠦᠨ ᠢ ᠨᠡᠮᠡᠷᠢᠯᠡᠬᠦ ᠬᠡᠷᠡᠭᠳᠡᠢ᠃ ᠲᠠᠷᠤᠢ ᠲᠦᠷᠭᠡᠨ ᠴᠡᠭᠴᠡᠯᠡᠨ ᠰᠠᠶᠢᠵᠢᠷᠠᠭᠤᠯᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠲᠥᠷᠥᠯ ᠬᠤᠪᠢᠶᠠᠨ ᠬᠤᠷᠢᠶᠠᠩᠭᠤᠶᠢᠯᠠᠵᠤ᠂ ᠲᠣᠳᠣᠷᠬᠠᠶ ᠲᠠᠩᠰᠠ ᠪᠠᠶᠢᠭᠤᠯᠵᠤ᠂ ᠪᠣᠳᠠᠲᠠᠶ ᠠᠬᠢᠴᠠ ᠶᠢᠨ ᠱᠠᠭᠠᠷᠳᠠᠯᠭ᠎ᠠ ᠶᠢ  ᠲᠤᠳᠤᠷᠬᠠᠶᠢᠯᠠᠬᠤ ᠬᠡᠷᠡᠭᠳᠡᠢ᠃ ᠤᠷᠲᠤ ᠬᠤᠭᠤᠴᠠᠭ᠎ᠠ ᠪᠦᠳᠦᠮᠵᠢᠳᠡᠢ ᠪᠠᠷ ᠪᠠᠷᠢᠮᠳᠠᠯᠠᠵᠤ᠂ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠤᠭᠰᠠᠨ ᠰᠠᠭᠤᠷᠢᠨ ᠳᠡᠭᠡᠷ᠎ᠡ᠂ ᠳᠤᠲᠠᠭᠳᠠᠯ ᠢᠶᠠᠨ ᠨᠦᠬᠦᠪᠦᠷᠢᠯᠡᠵᠤ᠂ ᠪᠠᠶᠢᠩᠭᠤᠵᠢᠬᠰᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠪᠠᠬᠢᠵᠢᠭᠦᠯᠬᠦ᠂ ᠳᠡᠭᠡᠭᠰᠢᠯᠡᠭᠦᠯᠬᠦ ᠶᠢ ᠠᠳᠬᠤᠬᠤ᠂ ᠡᠳᠦᠷ ᠲᠤᠲᠤᠮ ᠤᠨ ᠠᠵᠢᠯ ᠢ ᠠᠳᠬᠤᠬᠤ᠂ ᠪᠠᠶᠢᠩᠭᠤ ᠶᠢᠨ ᠠᠵᠢᠯ ᠢ ᠠᠳᠬᠤᠬᠤ᠂ ︽ᠵᠡᠭᠡᠯᠢ ᠶᠢᠨ ᠳᠠᠷᠤᠭ᠎ᠠ ᠶᠢᠨ ᠳᠦᠷᠢᠮ ︾  ᠂ ︽ᠵᠠᠮ ᠤᠨ ᠳᠠᠷᠤᠭ᠎ᠠ ᠶᠢᠨ ᠳᠦᠷᠢᠮ︾ ᠪᠣᠯᠤᠨ ︽ᠡᠬᠦᠳᠡᠨ ᠡᠮᠦᠨᠡᠬᠢ ᠭᠤᠷᠪᠠ ᠶᠢ ᠳᠠᠭᠠᠭᠠᠴᠢᠯᠠᠭᠤᠯᠬᠤ︾ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠦᠢᠴᠡᠳ ᠠᠰᠢᠭᠯᠠ ᠬᠤᠲᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠤᠯᠳᠠ ᠪᠠ ᠨᠡᠶᠢᠭᠡᠮ ᠤᠨ ᠵᠠᠰᠠᠯᠲᠠ ᠶᠢᠨ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠥᠪᠡᠷ ᠤᠨ ᠪᠡᠶ᠎ᠡ ᠪᠠᠷ ᠢᠶᠠᠨ ᠰᠢᠶᠠᠩ ᠪᠠᠯᠭᠠᠰᠤᠨ ᠳᠤ ᠪᠠᠭᠤᠵᠤ᠂ ᠡᠯ᠎ᠡ ᠵᠡᠭᠡᠯᠢ ᠪᠠᠯᠭᠠᠰᠤᠨ ᠤ ᠨᠠᠷᠢᠨ ᠨᠢᠭᠲᠠ ᠠᠵᠢᠯᠯᠠᠭ᠎ᠠ ᠶᠢᠨ ᠲᠥᠰᠦᠯ ᠤᠨ ᠡᠯ᠎ᠡ ᠵᠦᠢᠯ ᠤᠨ ᠱᠠᠭᠠᠷᠳᠠᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢ ᠵᠢᠯᠣᠭᠤᠳᠤᠨ ᠱᠠᠯᠠᠪᠳᠠᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠢᠨᠠᠨ ᠵᠢᠯᠣᠭᠤᠳᠬᠤ ᠪᠠᠨ ᠴᠢᠩᠳᠠᠯᠠᠵᠤ᠂ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠠᠵᠢᠯ ᠢ ᠪᠦᠬᠦ ᠶᠠᠪᠤᠴᠠ ᠳᠤ ᠰᠠᠶᠢᠲᠤᠷ ᠬᠢᠵᠦ᠂ ︽ᠠᠵᠢᠯᠯᠠᠭᠠᠨ ᠤ ᠲᠥᠰᠦᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠭᠠᠷᠠᠭ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠲᠡᠭᠡᠭᠰᠢ ᠮᠡᠳᠡᠬᠦᠯᠵᠤ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠤ ᠱᠠᠭᠠᠷᠳᠠᠬᠰᠠᠨ ᠪᠠᠶᠢᠨ᠎ᠠ᠃ ︵ᠬᠥᠨᠳᠡᠯᠡᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠶᠠᠨ ᠢ ᠫᠸᠢ  ᠬᠤᠤ ᠸᠧᠶ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号