ᠬᠥᠨᠳᠡᠯᠡᠨ ᠲᠣᠭᠤᠷᠢᠭ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/11/27
    11 ᠰᠠᠷ᠎ᠠ ᠶᠢᠨ 24 ᠤ ᠡᠳᠦᠷ ᠤᠨ ᠦᠳᠡ ᠬᠤᠶᠢᠨ᠎ᠠ᠂ ᠬᠥᠨᠳᠡᠯᠡᠨ ᠲᠣᠭᠤᠷᠢᠭ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠲᠡᠭᠡᠭᠰᠢᠯᠡᠬᠦᠯᠬᠦ ᠳᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠵᠤ᠂ ᠪᠦᠬᠦ  ᠲᠤᠭᠤᠷᠢᠭ ᠲᠠᠶᠠᠭᠠᠷ ᠢ  ᠤᠯᠠᠮ ᠨᠢᠬᠡ ᠠᠯᠬᠤᠮ ᠴᠤᠭ ᠵᠤᠷᠢᠭ ᠢᠶᠠᠨ ᠪᠠᠳᠠᠷᠠᠭᠤᠯᠵᠤ᠂ ᠲᠥᠪᠯᠡᠷᠡᠭᠦᠯᠦᠨ ᠪᠤᠭᠤᠮᠳᠠ ᠰᠢᠪᠳᠤᠯᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢ ᠲᠠᠶᠢᠴᠢᠯᠠᠵᠠᠢ᠃    ᠣᠶᠢᠯᠠᠭᠠᠭᠰᠠᠨ ᠢᠶᠠᠷ᠂ 11 ᠰᠠᠷ᠎ᠠ ᠶᠢᠨ 22 ᠤᠨ ᠡᠳᠦᠷ᠂ ᠪᠦᠬᠦ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠳᠠᠶᠢᠴᠢᠯᠠᠯᠲᠠ ᠶᠢᠨ ᠶᠡᠭᠡ ᠬᠤᠷᠠᠯ ᠤᠨ ᠳᠠᠷᠠᠭ᠎ᠠ ᠂ ᠬᠥᠨᠳᠡᠯᠡᠨ ᠲᠣᠭᠤᠷᠢᠭ ᠦᠳᠲᠡᠷ ᠲᠦᠷᠭᠡᠨ ᠬᠥᠳᠡᠯᠦᠯᠴᠡᠵᠦ᠂ ᠲᠡᠷᠡ ᠳᠠᠷᠤᠶ ᠳᠤᠨᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠵᠤ᠂ ᠪᠥᠬᠦ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ︽ᠬᠥᠨᠳᠡᠯᠡᠨ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠲᠡᠭᠡᠭᠰᠢᠯᠡᠬᠦᠯᠬᠦ ᠠᠵᠢᠯᠯᠠᠭᠠᠨ ᠤ ᠲᠥᠰᠦᠯ︾᠂ ︽ᠬᠥᠨᠳᠡᠯᠡᠨ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ  ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠨᠠᠷᠢᠨ ᠲᠠᠩᠰᠠ︾᠂ ︽ᠬᠥᠨᠳᠡᠯᠡᠨ  ᠲᠤᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ  ᠠᠵᠢᠯᠯᠠᠭ᠎ᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ︾᠂ ︽ᠬᠥᠨᠳᠡᠯᠡᠨ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠴᠡᠭ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠰᠤᠳᠤᠯᠤᠨ ᠲᠣᠭᠲᠠᠭᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠪᠣᠯᠤᠨ  ᠲᠤᠰᠬᠠᠶ ᠠᠵᠢᠯ ᠤᠨ 10 ᠳᠤᠭᠤᠶᠢᠯᠠᠩ ᠪᠠᠶᠢᠭᠤᠯᠵᠤ᠂ 15 ᠵᠡᠭᠡᠯᠢ ᠪᠠᠯᠭᠠᠰᠤ ᠪᠠᠷ ᠭᠤᠤᠯ ᠴᠣᠭᠴᠠ ᠪᠣᠯᠭᠠᠨ 15 ᠪᠠᠶᠢᠯᠳᠤᠭᠠᠨ ᠤ ᠲᠣᠭᠤᠷᠢᠭ ᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠨᠢᠬᠡᠴᠢ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠴᠡᠷᠢᠭ ᠤᠨ ᠲᠥᠷᠥᠯ ᠢ ᠬᠤᠪᠢᠶᠠᠵᠤ᠂ ᠲᠦᠯᠦᠪᠯᠡᠭᠡ ᠶᠤᠰᠤᠭᠠᠷ  ᠪᠠᠶᠢᠯᠳᠤᠵᠤ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠪᠠ᠃   ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠬᠥᠨᠳᠡᠯᠡᠨ ᠲᠣᠭᠤᠷᠢᠭ ᠪᠠᠰᠠ ᠪᠦᠬᠦ ᠲᠤᠭᠤᠷᠢᠭ ᠠᠴᠠ 120 ᠺᠠᠳ᠋ᠷ ᠢ ᠰᠤᠩᠭᠤᠨ ᠲᠤᠬᠢᠷᠠᠭᠤᠯᠵᠤ ᠡᠳᠦᠷ ᠲᠤᠲᠤᠮ ᠤᠨ ᠬᠢᠨᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠬᠡᠷ ᠬᠤᠷᠢᠶᠠᠯᠠᠯ᠂ ᠲᠣᠰᠬᠤᠨ ᠳᠤ ᠭᠦᠨᠵᠡᠭᠡᠶᠢᠷᠡᠨ ᠠᠰᠠᠭᠤᠳᠠᠯ ᠢ ᠢᠯᠡᠷᠡᠬᠦᠯᠵᠤ᠂ ᠲᠣᠭᠤᠷᠢᠭ ᠤᠨ ᠤᠶᠤᠨ ᠤ ᠪᠣᠯᠪᠠᠰᠤᠨ ᠤ ᠠᠯᠪᠠᠨ ᠭᠡᠷ ᠠᠴᠠ ᠲᠤᠰᠬᠠᠶ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠤᠰᠬᠠᠶ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠠᠵᠢᠯ ᠢ ᠥᠷᠨᠢᠭᠦᠯᠵᠡᠶ᠃ ᠬᠤᠶᠠᠷ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠨᠢ ᠠᠰᠠᠭᠤᠳᠠᠯ ᠳᠤ ᠴᠢᠭᠯᠡᠭᠦᠯᠦᠨ ᠭᠤᠣᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦᠯᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠵᠣᠬᠢᠶᠠᠨ ᠪᠠᠶᠢᠭᠤᠯᠬᠤ ᠬᠡᠯᠳᠡᠰ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠦᠷᠨᠢᠬᠦᠯᠬᠦ ᠶᠢ ᠮᠦᠷᠳᠡᠨ ᠲᠠᠭᠠᠵᠤ᠂ ︽ᠳᠥᠷᠪᠡᠨ ᠵᠦᠢᠯ︾ ᠤᠨ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦᠯᠬᠦ ᠲᠣᠭᠲᠠᠴᠠ ᠶᠢ ᠪᠦᠷᠢᠯᠳᠦᠭᠦᠯᠵᠦ᠂ ᠪᠥᠬᠦ ᠲᠤᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯᠯᠠᠭ᠎ᠠ ᠶᠢ ᠱᠠᠯᠠᠪᠳᠠᠭᠤᠯᠤᠨ ᠪᠠᠶᠢᠴᠠᠭᠠᠵᠤ᠂ ᠱᠠᠯᠠᠪᠳᠠᠭᠤᠯᠤᠨ ᠬᠦᠢᠴᠡᠳᠬᠡᠯᠬᠡᠵᠤ᠂ ᠪᠥᠬᠦ ᠲᠤᠭᠤᠷᠢᠭ ᠤᠨ ᠬᠦᠴᠦᠨ ᠢ ᠨᠢᠬᠳᠠᠷᠠᠭᠤᠯᠵᠤ ᠪᠤᠯᠪᠠᠰᠤᠨ ᠬᠤᠲᠠ ᠶᠢ ᠡᠭᠦᠳᠦᠨ  ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠵᠠᠢ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号