ᠬᠥᠨᠳᠡᠯᠡᠨ ᠲᠣᠭᠤᠷᠢᠭ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠵᠢᠭᠠᠨ ᠰᠤᠷᠭᠠᠬᠤ ᠤᠷ᠎ᠠ ᠴᠢᠳᠠᠪᠤᠷᠢ ᠶᠢᠨ ᠤᠷᠤᠯᠳᠤᠭᠠᠨ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2020/11/28
     11 ᠰᠠᠷ᠎ᠠ ᠶᠢᠨ 25 ᠤ ᠡᠳᠦᠷ᠂ ᠬᠥᠨᠳᠡᠯᠡᠨ ᠲᠣᠭᠤᠷᠢᠭ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠵᠢᠭᠠᠨ ᠰᠤᠷᠭᠠᠬᠤ ᠤᠷ᠎ᠠ ᠴᠢᠳᠠᠪᠤᠷᠢ ᠶᠢᠨ ᠤᠷᠤᠯᠳᠤᠭᠠᠨ ᠤ  ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠤᠳᠤᠷᠢᠳᠤᠯᠭ᠎ᠠ ᠯᠢᠦ ᠰᠢᠶᠤᠤ ᠫᠢᠩ᠂ ᠮᠢ ᠯᠢ ᠰᠢᠨ᠂ ᠯᠢᠦ ᠴᠢᠶᠠᠨ ᠶᠢᠨ᠂ ᠸᠠᠩ ᠶᠦᠩ ᠰᠢᠶᠠᠩ᠂ ᠵᠤᠤ ᠳ᠋ᠠᠨ ᠮᠧᠢ ᠶᠡᠭᠡ ᠬᠤᠷᠠᠯ ᠳᠤ ᠣᠷᠣᠯᠴᠠᠪᠠ᠃     ᠲᠣᠰ ᠤᠳᠠᠭᠠᠨ ᠤ ᠤᠷᠤᠯᠳᠤᠭᠠᠨ ᠳᠤ ᠪᠠᠭ᠎ᠠ ᠰᠤᠷᠭᠠᠭᠤᠯᠢ᠂ ᠠᠩᠬ᠎ᠠ ᠳᠤᠮᠳᠠᠳᠤ᠂ ᠥᠨᠳᠥᠷ ᠳᠤᠮᠳᠠᠳᠤ ᠶᠢᠨ ᠬᠡᠯᠡ ᠪᠢᠴᠢᠭ᠂ ᠲᠣᠭᠠᠨ ᠤ ᠤᠬᠠᠭᠠᠨ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠯᠡᠬᠦ ᠬᠡᠯᠡ ᠪᠢᠴᠢᠭ᠂ ᠲᠣᠭᠠᠨ ᠤ ᠤᠬᠠᠭᠠᠨ ᠵᠡᠷᠭᠡ ᠨᠠᠢᠮᠠᠨ ᠳᠤᠭᠤᠶᠢᠯᠠᠩ ᠬᠤᠪᠢᠶᠠᠵᠤ᠂ ᠪᠥᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ 142 ᠰᠢᠯᠢᠳᠡᠭ ᠪᠠᠭᠰᠢ ᠤᠷᠤᠯᠳᠤᠭᠠᠨ ᠳᠤ ᠣᠷᠣᠯᠴᠠᠵᠤ᠂ ᠲᠣᠰ ᠲᠣᠰ ᠤᠨ ᠴᠤᠭ ᠵᠢᠪᠬᠤᠭ᠎ᠠ ᠪᠠᠨ ᠪᠠᠳᠠᠷᠠᠭᠤᠯᠵᠤ᠂ ᠵᠢᠭᠠᠨ ᠰᠤᠷᠭᠠᠯᠲᠠ ᠶᠢᠨ ᠤᠷ᠎ᠠ ᠮᠡᠷᠭᠡᠵᠢᠯ ᠢᠶᠠᠨ  ᠭᠠᠶᠢᠬᠠᠭᠤᠯᠵᠤ᠂ ᠬᠠᠮᠲᠤ ᠪᠠᠷ ᠠᠬᠢᠭᠤᠯᠤᠨ ᠳᠡᠭᠡᠭᠰᠢᠯᠡᠭᠦᠯᠪᠡ᠃ ᠬᠡᠳᠦᠨ ᠡᠳᠦᠷ ᠤᠨ ᠰᠢᠷᠦᠭᠦᠨ ᠲᠡᠮᠡᠴᠡᠭᠡᠨ ᠢᠶᠠᠷ ᠲᠡᠮᠵᠢᠨ ᠨᠥᠬᠦᠷᠯᠡᠯ ᠬᠤᠶᠠᠳᠤᠭᠠᠷ ᠪᠠᠭ᠎ᠠ ᠰᠤᠷᠭᠠᠭᠤᠯᠢ ᠶᠢᠨ ᠭᠦᠸᠧ ᠱᠢ ᠲᠤᠤ᠂ ᠪᠦᠯᠬᠦᠮᠳᠡᠯ ᠨᠢᠭᠡᠳᠦᠭᠡᠷ ᠪᠠᠭ᠎ᠠ ᠰᠤᠷᠭᠠᠭᠤᠯᠢ ᠶᠢᠨ ᠯᠢᠦ ᠯᠢ ᠶᠤᠸᠠᠨ ᠨᠠᠷ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ︽ᠬᠥᠨᠳᠡᠯᠡᠨ ᠲᠣᠭᠤᠷᠢᠭ ᠤᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠮᠧᠳᠠᠯ︾ ᠭᠥᠷᠳᠡᠪᠡ᠃ ᠡᠭᠦᠨ ᠠᠴᠠ ᠭᠠᠳᠠᠨ᠎ᠠ 86 ᠬᠥᠮᠦᠨ ᠲᠣᠰ ᠲᠣᠰ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠭᠥᠷᠳᠡᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠱᠠᠩᠨᠠᠯ ᠭᠥᠷᠳᠡᠭᠰᠡᠨ ᠪᠠᠭᠰᠢ ᠨᠠᠷ ᠳᠡᠭᠡᠳᠦ ᠱᠠᠳᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠭᠰᠢ ᠠᠵᠢᠯᠲᠠᠨ ᠤ ᠵᠢᠭᠠᠨ ᠰᠤᠷᠭᠠᠯᠲᠠ ᠶᠢᠨ ᠤᠷᠤᠯᠳᠤᠭᠠᠨ ᠳᠤ ᠣᠷᠣᠯᠴᠠᠬᠤ ᠲᠠᠨᠢᠯᠴᠠᠭᠤᠯᠬᠤ ᠬᠢᠷᠢ ᠬᠡᠮ ᠢ ᠤᠯᠵᠠᠢ᠃    ᠲᠣᠰ ᠤᠳᠠᠭᠠᠨ ᠤ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ ᠮᠥᠷᠦ᠋ᠢᠴᠡᠭᠡᠨ ᠨᠢ ᠤᠷᠤᠯᠳᠤᠭᠠᠨ ᠳᠤ ᠤᠷᠤᠯᠴᠠᠬᠰᠠᠨ ᠪᠠᠭᠰᠢ ᠳᠤ ᠳᠠᠯᠳᠠ ᠴᠢᠳᠠᠪᠤᠷᠢ ᠪᠠᠨ ᠠᠭᠤᠳᠠᠯᠬᠤ᠂ ᠴᠤᠭ ᠵᠢᠪᠬᠤᠭ᠎ᠠ ᠪᠠᠨ ᠢᠯᠡᠷᠡᠭᠦᠯᠬᠦ᠂ ᠥᠪᠡᠷ ᠢ ᠪᠠᠨ ᠲᠠᠪᠠᠭ᠋ᠤ ᠲᠣᠬᠢᠶᠠᠯ ᠣᠯᠭᠤᠵᠤ ᠥᠭᠭᠦᠭᠰᠡᠨ ᠶᠤᠮ᠃ ᠮᠥᠨ ᠴᠦ ᠪᠤᠰᠤᠳ ᠪᠠᠭᠰᠢ ᠨᠠᠷ ᠲᠤ ᠲᠣᠭᠤᠷᠢᠨ ᠦᠵᠡᠵᠦ ᠰᠤᠷᠤᠯᠴᠠᠬᠤ᠂ ᠤᠯᠠᠨ ᠤ ᠰᠢᠯᠢᠳᠡᠭ ᠰᠠᠶᠢᠨ ᠢ ᠥᠷᠭᠡᠨ ᠢᠶᠠᠷ ᠰᠢᠩᠭᠡᠭᠡᠨ ᠠᠪᠬᠤ᠂ ᠰᠤᠳᠤᠯᠤᠨ ᠶᠠᠷᠢᠯᠴᠠᠵᠤ ᠰᠣᠯᠢᠯᠴᠠᠬᠤ ᠬᠠᠷᠢᠯᠴᠠᠨ ᠬᠥᠳᠡᠯᠦᠯᠴᠡᠬᠦ ᠲᠠᠪᠴᠠᠩ ᠢ ᠪᠠᠶᠢᠭᠤᠯᠵᠤ ᠦᠭᠴᠡᠢ᠃ ᠤᠷᠤᠯᠳᠤᠭᠠᠨ ᠨᠢ ᠥᠷᠭᠡᠨ ᠢᠶᠠᠷ ᠣᠷᠣᠯᠴᠠᠬᠤ ᠪᠠ ᠱᠠᠲᠤ ᠱᠠᠲᠤ ᠪᠠᠷ ᠰᠢᠯᠢᠨ ᠰᠣᠩᠭᠤᠬᠤ ᠶᠢ ᠪᠠᠷᠢᠮᠲᠠᠯᠠᠵᠤ᠂ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠬᠤ ᠶᠢ ᠪᠠᠷᠢᠮᠲᠠᠯᠠᠵᠤ᠂ ᠵᠢᠭᠠᠨ ᠰᠤᠷᠭᠠᠬᠤ ᠰᠢᠨ᠎ᠡ  ᠤᠶᠢᠯᠠᠭᠠᠬᠳᠠᠬᠤᠨ ᠪᠣᠯᠤᠨ ᠦᠢᠯᠡᠳᠦᠯᠬᠡ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠰᠤᠷᠲᠠᠬᠤᠨ ᠲᠠᠢ᠂ ᠯᠠᠪᠳᠠᠭᠤᠨ ᠪᠠᠲᠤᠲᠠᠶ ᠡᠷᠳᠡᠮ ᠮᠡᠳᠡᠯᠭᠡ ᠲᠠᠢ᠂ ᠡᠨᠡᠷᠢᠩᠭᠦᠶ ᠰᠡᠳᠬᠢᠯ ᠲᠠᠢ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠠᠵᠢᠯᠲᠠᠨ ᠠᠵᠢᠯᠴᠢᠨ ᠤ ᠡᠩᠨᠡᠭᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ  ᠲᠡᠯᠪᠢᠵᠤ ᠦᠭᠴᠡᠢ᠃     ᠤᠶᠢᠷ᠎ᠠ ᠶᠢᠨ ᠵᠢᠯ ᠤᠨ ᠲᠤᠷᠰᠢ᠂ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠨᠢ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠣᠰᠣᠭᠠᠷ᠂ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠠᠵᠢᠯᠲᠠᠨ ᠠᠵᠢᠯᠴᠢᠨ ᠤ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ᠂ ᠮᠡᠷᠭᠡᠵᠢᠯ ᠤᠨ ᠮᠥᠷᠦ᠋ᠢᠴᠡᠭᠡᠨ ᠵᠡᠷᠭᠡ ᠣᠯᠠᠨ ᠬᠡᠯᠪᠡᠷᠢ ᠶᠢᠨ ᠬᠥᠳᠡᠯᠮᠦᠷᠢ ᠶᠢᠨ ᠤᠷᠤᠯᠳᠤᠭᠠᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠳᠤ ᠮᠡᠷᠬᠡᠵᠢᠯ ᠤᠨ ᠰᠣᠯᠢᠯᠴᠠᠭᠠᠨ ᠤ ᠲᠠᠪᠴᠠᠩ   ᠢ ᠬᠠᠩᠭᠠᠨ ᠦᠭᠴᠤ᠃ ᠡᠯ᠎ᠡ ᠨᠢᠬᠡᠴᠢ ᠶᠢᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠪᠣᠯᠪᠠᠰᠤᠷᠠᠯ᠂ ᠬᠥᠳᠡᠯᠮᠦᠷᠢ ᠶᠢᠨ ᠤᠷᠤᠯᠳᠤᠭᠠᠨ ᠤ ᠭᠤᠣᠯ ᠰᠡᠳᠦᠪ ᠲᠤᠪᠤᠶᠢᠮ᠎ᠠ ᠪᠠᠶᠢᠵᠤ᠂ ᠤᠯᠠᠨ ᠬᠢᠯᠠᠰ ᠴᠡᠭ ᠢᠯᠡᠷᠡᠵᠦ᠂ ︽ᠰᠢᠨ᠎ᠡ ᠶᠢ ᠡᠭᠦᠳᠬᠦ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠪᠤᠯᠬᠤ ᠪᠠᠷ ᠴᠢᠷᠮᠠᠶᠢᠵᠤ᠂ ᠰᠤᠷᠤᠯᠴᠠᠬᠤ ᠬᠡᠯᠪᠡᠷᠢ ᠶᠢᠨ ᠠᠵᠢᠯᠲᠠᠨ ᠠᠵᠢᠯᠴᠢᠨ ᠪᠣᠯᠬᠤ ᠪᠠᠷ ᠴᠢᠷᠮᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠬᠥᠨᠳᠡᠯᠡᠨ ᠲᠣᠭᠤᠷᠢᠭ ᠤᠨ ᠵᠢᠯ ᠪᠦᠷᠢ ᠡᠯ᠎ᠡ ᠱᠠᠲᠤᠨ ᠤ ᠬᠥᠳᠡᠯᠮᠦᠷᠢ ᠶᠢᠨ ᠤᠷᠤᠯᠳᠤᠭᠠᠨ ᠳᠤ ᠣᠷᠣᠯᠴᠠᠭᠰᠠᠨ  ᠠᠵᠢᠯᠳᠠᠨ ᠠᠵᠢᠯᠴᠢᠨ ᠤ ᠲᠤᠭ᠎ᠠ 6 ᠲᠦᠮᠡᠨ ᠬᠥᠮᠦᠨ ᠤᠳᠠᠭ᠎ᠠ ᠳᠤ ᠬᠦᠷᠴᠦ᠂ ᠬᠥᠳᠡᠯᠮᠦᠷᠢ ᠶᠢᠨ ᠤᠷᠤᠯᠳᠤᠭᠠᠨ ᠳᠤ ᠠᠵᠢᠯᠲᠠᠨ ᠠᠵᠢᠯᠴᠢᠨ ᠤ ᠣᠷᠣᠯᠴᠠᠬᠤ ᠨᠣᠷᠮ᠎ᠠ 80% ᠠᠴᠠ ᠳᠡᠭᠡᠭᠰᠢ ᠳᠤ ᠬᠦᠷᠴᠡᠢ᠃ ᠡᠳᠡᠭᠡᠷ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢᠨ ᠤᠷᠤᠯᠳᠤᠭᠠᠨ ᠨᠢ ᠬᠥᠨᠳᠡᠯᠡᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠤ ᠲᠡᠮᠵᠢᠯᠬᠡ ᠬᠠᠩᠭᠠᠵᠤ᠂ ᠥᠷᠭᠡᠨ ᠤᠯᠠᠨ ᠬᠥᠳᠡᠯᠮᠦᠷᠢᠴᠢᠳ ᠤᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠨ ᠮᠡᠷᠭᠡᠵᠢᠯ ᠰᠤᠳᠤᠯᠬᠤ ᠢᠳᠡᠪᠬᠢᠵᠢᠯ ᠢ ᠴᠢᠨᠠᠭᠰᠢᠳᠠ ᠲᠠᠶᠢᠴᠢᠯᠠᠪᠠ᠃ ︵ᠬᠥᠨᠳᠡᠯᠡᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠸᠠᠩ ᠴᠢᠩ ᠢ  ᠂ ᠶᠠᠩ ᠧᠨ ᠨᠢᠩ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号