ᠬᠥᠨᠳᠡᠯᠡᠨ ᠲᠣᠭᠤᠷᠢᠭ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/28
    ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ  ᠬᠦᠨᠵᠡᠬᠡᠢ ᠨᠠᠶᠢᠳᠠᠪᠦᠷᠢᠵᠢᠭᠤᠯᠵᠤ᠂ ᠤᠳᠤᠷᠢᠳᠬᠤ ᠺᠠᠳ᠋ᠷ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ  ᠴᠢᠩᠭᠠᠳᠬᠠᠬᠤ ᠶᠢᠨ ᠲᠥᠯᠥᠭᠡ᠂ 11 ᠰᠠᠷ᠎ᠠ ᠶᠢᠨ 25 ᠤ ᠡᠳᠦᠷ᠂ ᠬᠥᠨᠳᠡᠯᠡᠨ ᠲᠣᠭᠤᠷᠢᠭ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠢᠪᠠ᠃    ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂  ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠬᠤᠷᠢᠶᠠᠨ ᠳᠠᠷᠤᠭ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠤ᠂ ᠡᠯ᠎ᠡ ᠵᠡᠭᠡᠯᠢ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ᠂ ᠡᠯ᠎ᠡ ᠠᠷᠠᠳ ᠤᠨ ᠪᠦᠯᠬᠦᠮ ᠤᠨ ᠭᠤᠣᠯ ᠤᠳᠤᠷᠢᠳᠤᠯᠭ᠎ᠠ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠠᠵᠢᠯᠲᠠᠨ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠰᠤᠷᠭᠠᠭᠤᠯᠢ ᠶᠢᠨ ᠱᠦᠵᠢ᠂ ᠰᠤᠷᠭᠠᠭᠤᠯᠢ ᠶᠢᠨ ᠵᠠᠬᠢᠷᠤᠯ᠂ ᠬᠦᠷᠢᠶᠡᠯᠡᠩ ᠲᠣᠭᠤᠷᠢᠭ᠂ ᠡᠯ᠎ᠡ ᠵᠡᠭᠡᠯᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ︵ᠠᠵᠢᠯ ᠤᠨ ᠬᠤᠷᠢᠶ᠎ᠠ︶ ᠬᠤᠷᠢᠶ᠎ᠠ ᠶᠢᠨ ᠱᠦᠵᠢ᠂ ᠡᠯ᠎ᠡ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠪᠦᠬᠦ ᠺᠠᠳ᠋ᠷ ᠨᠡᠷ ᠬᠤᠷᠠᠯ ᠳᠤ ᠤᠷᠤᠯᠴᠠᠪᠠ᠃    ᠬᠤᠷᠠᠯ ᠳᠡᠭᠡᠷ᠎ᠡ ᠪᠠᠰᠠ ︽ᠬᠥᠨᠳᠡᠯᠡᠨ ᠲᠣᠭᠤᠷᠢᠭ ᠤᠨ ᠰᠡᠷᠡᠮᠵᠢᠯᠡᠭᠦᠯᠬᠦ ᠬᠥᠮᠦᠵᠢᠯ ᠤᠨ ᠤᠩᠰᠢᠬᠤ ᠪᠢᠴᠢᠭ︾ ᠢ ᠲᠠᠷᠤᠮᠠᠯᠯᠠᠨ ᠲᠠᠷᠬᠠᠭᠠᠵᠤ᠂ ᠤᠩᠰᠢᠬᠤ ᠪᠢᠴᠢᠭ ᠲᠤ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢ ᠵᠥᠷᠢᠴᠡᠭᠰᠡᠨ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠡᠪᠳᠡᠭᠰᠡᠨ ᠵᠡᠷᠭᠡ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠵᠢᠭᠰᠠᠭᠠᠭᠰᠠᠨ ᠠᠯᠪᠠᠨ ᠲᠤᠰᠢᠶᠠᠯᠳᠠᠨ ᠤ ᠵᠣᠳᠣᠯᠳᠤᠭᠠᠨ᠂ ᠠᠷᠢᠬᠢ ᠤᠤᠭᠤᠵᠤ ᠲᠡᠷᠭᠡ  ᠵᠢᠯᠤᠭᠤᠳᠤᠬᠰᠠᠨ᠂ ᠬᠤᠤᠷ ᠳᠠᠳᠠᠬᠰᠠᠨ᠂ ᠵᠣᠭᠤᠰ ᠮᠦᠷᠦᠶᠢᠴᠡᠭᠰᠡᠨ ᠵᠡᠷᠭᠡ ᠦᠢᠯᠡ ᠠᠵᠢᠯᠯᠠᠭ᠎ᠠ ᠠᠴᠠ ᠪᠤᠯᠵᠤ ᠭᠠᠷᠭᠠᠬᠰᠠᠨ ᠯᠤᠲᠤ ᠶᠡᠭᠡ ᠬᠠᠤᠯᠢ ᠴᠠᠭᠠᠵᠠ ᠶᠢᠨ ᠦᠪᠡᠷ ᠤᠨ ᠥᠷᠲᠡᠭ᠂ ᠠᠵᠢᠯ ᠪᠠ ᠲᠤᠰᠢᠶᠠᠯ ᠤᠨ ᠥᠪᠡᠷ ᠤᠨ ᠥᠷᠲᠡᠭ᠂ ᠠᠵᠤ ᠠᠬᠤᠢ ᠶᠢᠨ ᠥᠪᠡᠷ ᠤᠨ ᠥᠷᠲᠡᠭ ᠢ  ᠲᠡᠯᠬᠡᠨ ᠦᠵᠡᠬᠦᠯᠵᠤ᠂ ᠪᠦᠬᠦ  ᠲᠤᠭᠤᠷᠢᠭ ᠤᠨ ᠤᠳᠤᠷᠢᠳᠬᠤ ᠺᠠᠳ᠋ᠷᠴᠤᠳ ᠢ ᠡᠬᠦᠨ ᠠᠴᠠ ᠴᠡᠭᠡᠷᠯᠡᠯ ᠪᠣᠯᠭᠠᠵᠤ᠂ ᠨᠢᠭᠡ ᠠᠴᠠ ᠨᠥᠭᠦᠭᠡ ᠶᠢ ᠮᠡᠳᠡᠵᠦ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠢᠳᠡᠪᠬᠢᠲᠡᠢ ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠦᠵᠡᠬᠦᠯᠵᠡᠢ᠃ ︵ᠤᠬᠠᠭᠤᠯᠬᠤ ᠬᠡᠯᠲᠡᠰ   ᠵᠤᠬᠢᠶᠠᠯ᠂ ᠭᠡᠷᠡᠯ ᠵᠢᠷᠤᠭ / ᠸᠠᠩ ᠬᠠᠨ ᠰᠢᠶᠤᠤ᠂  ᠪᠠᠢ ᠪᠢᠩ ᠴᠠᠩ᠂  ᠲᠦᠷᠰᠦ ᠰᠢᠩᠬᠡᠬᠡᠯᠳᠡ/ ᠬᠤᠤ ᠸᠧᠢ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号