11 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠵᠠᠰᠠᠭ ᠤᠨ ᠤᠷᠳᠤᠨ ᠤ ᠣᠷᠣᠯᠠᠭᠴᠢ ᠳᠠᠷᠤᠭ᠎ᠠ ᠳ᠋ᠢᠩ ᠺᠠᠶ ᠬᠥᠨᠳᠡᠯᠡᠨ ᠲᠣᠭᠤᠷᠢᠭ ᠤᠨ ᠢᠯᠴᠢ ᠬᠠᠩᠭᠠᠬᠤ ᠠᠵᠢᠯ ᠳᠤ | ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠠ᠃ ᠲᠤᠭᠤᠷᠢᠭ ᠤᠨᠵᠠᠰᠠᠭ ᠤᠨ ᠣᠷᠳᠣᠨ ᠤ ᠳᠡᠳ᠋ | ᠳᠠᠷᠤᠭ᠎ᠠ ᠸᠠᠩ ᠶᠦᠩ ᠰᠢᠶᠠᠩ ᠪᠠᠷ᠎ᠠ ᠪᠤᠯᠵᠤ ᠪᠠᠶᠢᠴᠠᠭᠠᠨ ᠰᠤᠳᠤᠯᠪᠠ᠃ | ᠳ᠋ᠢᠩ ᠺᠠᠶ ᠨᠠᠷ ᠤᠷᠢᠳ ᠬᠤᠵᠢᠳ ᠮᠢᠩ ᠿᠢ ᠰᠢᠨ ᠴᠧᠩ ᠤᠨ ᠸᠧᠨ ᠵᠢᠩ ᠶᠤᠸᠠᠨ ᠢᠯᠴᠢ ᠬᠠᠩᠭᠠᠬᠤ | ᠥᠷᠲᠡᠭᠡ᠂ ᠳ᠋ᠢ ᠵᠢᠩ ᠬᠤᠷᠢᠶᠠᠯᠠᠯ ᠤᠨ ᠢᠯᠴᠢ ᠬᠠᠩᠭᠠᠬᠤ ᠥᠷᠲᠡᠭᠡ ᠪᠠᠷ ᠭᠦᠨᠵᠡᠭᠡᠶᠢᠷᠡᠵᠦ᠂ ᠬᠠᠷᠢᠭᠤᠴᠠᠯᠭᠠᠲᠠᠨ ᠤ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ ᠮᠠᠰᠢᠨ ᠴᠣᠭᠴᠠᠯᠠᠪᠤᠷᠢ ᠶᠢᠨ | ᠠᠵᠢᠯᠯᠠᠭᠠᠨ ᠵᠢᠴᠢ ᠬᠡᠮᠵᠢᠭᠦᠷᠯᠢᠭ ᠲᠥᠬᠦᠭᠡᠷᠦᠮᠵᠢ ᠶᠢᠨ ᠪᠣᠯᠵᠣᠯᠲᠤ ᠲᠤᠭ᠎ᠠ ᠶᠢ ᠲᠤᠬᠳᠠᠭᠠᠬᠰᠠᠨ ᠵᠡᠷᠭᠡ ᠪᠠᠶᠢᠳᠠᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ᠂ ᠢᠯᠴᠢ ᠬᠠᠩᠭᠠᠬᠤ ᠲᠤᠨᠤᠭ ᠲᠥᠬᠦᠭᠡᠷᠦᠮᠵᠢ ᠪᠣᠯᠤᠨ | ᠲᠤᠤᠷ ᠬᠤᠭᠤᠯᠠᠶ ᠶᠢᠨ ᠡᠳᠦᠷ ᠲᠤᠲᠤᠮ ᠤᠨ ᠪᠠᠶᠢᠴᠠᠭᠠᠨ ᠵᠠᠰᠠᠬᠤ ᠪᠠᠨ ᠴᠢᠩᠭᠠᠳᠬᠠᠵᠤ᠂ ᠢᠯᠴᠢ ᠬᠠᠩᠭᠠᠬᠤ | ᠰᠢᠰᠲ᠋ᠧᠮ ᠤᠨ ᠬᠡᠪ ᠤᠨ ᠶᠣᠰᠣᠭᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠭᠰᠠᠨ ᠪᠠᠶᠢᠨ᠎ᠠ | ᠃ ᠬᠤᠸᠠ ᠹᠧᠩ ᠶᠤᠸᠠᠨ᠂ ᠪᠤᠭᠤᠳᠤ ᠶᠢᠨ ᠪᠤᠯᠤᠳ ᠲᠡᠮᠦᠷ ᠤᠨ ᠪᠦᠯᠦᠭᠯᠡᠯ ᠤᠨ ᠭᠤᠷᠪᠠᠳᠤᠭᠠᠷ ᠪᠠᠶᠢᠷᠢ ᠶᠢᠨ | ᠠᠰᠠᠷ ᠲᠤ᠂ ᠨᠢᠭᠡ ᠡᠷᠦᠬᠡ ᠳᠤ ᠤᠷᠤᠬᠤ ᠪᠦᠷᠢ ᠳ᠋ᠢᠩ ᠺᠠᠶ ᠰᠠᠭᠤᠭᠠᠯᠢ ᠠᠷᠠᠳ ᠯᠤᠭ᠎ᠠ ᠳᠣᠲᠣᠨᠣᠰᠤᠭ ᠢᠶᠠᠷ | ᠶᠠᠷᠢᠯᠴᠠᠵᠤ᠂ ᠬᠡᠷ ᠦᠷᠦᠬᠡ ᠲᠤᠯᠠᠭᠠᠨ ᠪᠠᠶᠢᠬᠤ ᠡᠰᠡᠬᠦ᠂ ᠢᠯᠴᠢ ᠬᠠᠩᠭᠠᠵᠤ ᠪᠠᠶᠢᠭ᠎ᠠ ᠪᠠᠶᠢᠳᠠᠯ ᠶᠠᠮᠠᠷ ᠪᠠᠶᠢᠬᠤ | ᠵᠡᠷᠭᠡ ᠶᠢ ᠠᠰᠠᠭᠤᠬᠤ ᠶᠢᠨ ᠬᠠᠮᠳᠤ ᠪᠠᠰᠠ ᠲᠤᠬᠠᠢ ᠶᠢᠨ ᠲᠠᠯᠠᠪᠤᠷ ᠲᠤ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ | ᠬᠡᠮᠵᠢᠵᠤ ᠦᠵᠡᠭᠰᠡᠨ ᠪᠦᠬᠡᠳᠰᠠᠭᠤᠭᠠᠯᠢ ᠠᠷᠠᠳ ᠠᠴᠠ ᠢᠯᠴᠢ ᠬᠠᠩᠭᠠᠬᠤ ᠠᠵᠢᠯ ᠢ ᠰᠠᠶᠢᠵᠢᠷᠠᠭᠤᠯᠬᠤ ᠲᠤᠬᠠᠶ | ᠰᠠᠨᠠᠯ ᠰᠠᠨᠠᠭᠤᠯᠭ᠎ᠠ ᠶᠢ ᠰᠤᠨᠤᠰᠴᠤ᠂ ᠵᠡᠭᠡᠯᠢ ᠭᠤᠳᠤᠮᠵᠢ ᠪᠣᠯᠤᠨ ᠬᠡᠷ ᠬᠤᠷᠢᠶᠠᠯᠠᠯ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠳᠤ᠂ ᠲᠤᠤᠷᠵᠢᠭᠤᠯᠤᠯᠳᠠ ᠶᠢᠨ ᠠᠵᠢᠯᠳᠠᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ | ᠦᠷᠭᠦᠯᠵᠢ ᠰᠠᠭᠤᠭᠠᠯᠢ ᠠᠷᠠᠳ ᠤᠨ ᠭᠡᠷ ᠢᠶᠠᠷ ᠬᠦᠷᠴᠦ ᠳᠤᠯᠠᠭᠠᠯᠠᠭ᠎ᠠ ᠶᠢᠨ ᠪᠠᠶᠢᠳᠠᠯ ᠢ ᠣᠶᠢᠯᠠᠭᠠᠵᠤ᠂ ᠢᠯᠴᠢ | ᠬᠠᠩᠭᠠᠬᠤ ᠠᠵᠢᠯ ᠤᠨ ᠲᠤᠬᠠᠢ ᠰᠠᠨᠠᠯ ᠢ ᠰᠣᠨᠣᠰᠴᠤ᠂ ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ | ᠠᠵᠢᠯ ᠢ ᠦᠨᠡᠨᠬᠦ ᠰᠠᠶᠢᠲᠤᠷ ᠬᠢᠵᠦ ᠪᠣᠳᠠᠲᠠᠶᠢᠵᠢᠭᠤᠯᠬᠤ ᠬᠡᠷᠡᠭᠲᠡᠶ ᠬᠡᠵᠤ ᠴᠢᠬᠤᠯᠠᠴᠢᠯᠠᠬᠰᠠᠨ ᠪᠠᠶᠢᠨ᠎ᠠ᠃ | ᠳ᠋ᠢᠩ ᠺᠠᠶ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠢᠯᠴᠢ ᠬᠠᠩᠭᠠᠬᠤ ᠠᠵᠢᠯ ᠨᠢ ᠲᠦᠭ ᠲᠦᠮᠡᠨ ᠠᠶᠢᠯ | ᠡᠷᠦᠬᠡ ᠳᠤ ᠬᠤᠯᠪᠣᠭᠳᠠᠵᠤ᠂ ᠣᠯᠠᠨ ᠲᠦᠮᠡᠨ ᠤ ᠦᠨᠳᠦᠰᠦᠨ ᠠᠰᠢᠭ ᠲᠤᠰᠠ ᠳᠤ ᠬᠤᠯᠪᠣᠭᠳᠠᠵᠤ ᠪᠠᠶᠢᠨ᠎ᠠ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠣᠯᠠᠨ ᠲᠦᠮᠡᠨ ᠤ | ᠰᠡᠳᠬᠢᠯ ᠬᠠᠨᠤᠮᠵᠢᠲᠠᠶ ᠪᠠᠶᠢᠬᠤ ᠪᠠᠷ ᠬᠠᠮᠤᠭ ᠤᠨ ᠥᠨᠳᠥᠷ ᠪᠠᠷᠢᠮᠵᠢᠶ᠎ᠠ ᠪᠣᠯᠭᠠᠵᠤ᠂ ᠬᠠᠭᠤᠴᠢᠨ ᠬᠤᠷᠢᠶᠠᠯᠠᠯ ᠤᠨ | ᠢᠯᠴᠢ ᠬᠠᠩᠭᠠᠬᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢᠳᠤᠷᠠᠯ ᠨᠢ ᠬᠦᠴᠢᠷᠳᠡᠯᠲᠡᠶ ᠭᠡᠷ | ᠪᠦᠯᠢ ᠶᠢᠨ ᠳᠤᠯᠠᠭᠠᠯᠠᠭ᠎ᠠ ᠶᠢᠨ ᠪᠠᠲᠤᠯᠠᠭ᠎ᠠ ᠶᠢ ᠭᠤᠤᠯᠳᠠᠯᠭ᠎ᠠ ᠲᠠᠢ ᠠᠩᠬᠠᠷᠴᠤ᠂ ᠠᠶᠢᠯ ᠡᠷᠦᠬᠡ ᠪᠣᠯᠭᠠᠨ ᠠᠮᠤᠷ | ᠲᠦᠪᠰᠢᠨ ᠪᠦᠯᠢᠶᠡᠨ ᠳᠤᠯᠠᠭᠠᠨ ᠢᠶᠠᠷ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠦᠢᠯᠡᠴᠢᠯᠡᠭᠡᠨ ᠤ ᠬᠢᠷᠢ | ᠲᠦᠪᠰᠢᠨ ᠢᠶᠠᠨ ᠳᠡᠭᠡᠭᠰᠢᠯᠡᠭᠦᠯᠵᠦ᠂ ᠢᠯᠴᠢ ᠬᠠᠩᠭᠠᠬᠤ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ | ᠣᠳᠣᠬᠢᠴᠢᠯᠠᠭᠰᠠᠨ ᠠᠷᠭ᠎ᠠ ᠪᠠᠷᠢᠯ ᠢ ᠬᠡᠷᠡᠭᠯᠡᠨ᠂ ᠣᠯᠠᠨ ᠲᠦᠮᠡᠨ ᠤ ᠲᠤᠰᠬᠠᠭᠰᠠᠨ ᠢᠯᠴᠢ ᠬᠠᠩᠭᠠᠬᠤ ᠠᠰᠠᠭᠤᠳᠠᠯ ᠢ | ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠵᠤ᠂ ᠬᠠᠷᠢᠭᠤ ᠲᠤᠰᠬᠠᠨ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠢᠯᠴᠢ ᠬᠠᠩᠭᠠᠬᠤ ᠶᠢᠨ ᠠᠮᠤᠷ ᠲᠦᠪᠰᠢᠨ ᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠢᠶᠠᠷᠤᠯᠲᠠ ᠶᠢ ᠴᠢᠩᠭᠠᠳᠬᠠᠨ᠂ ᠵᠢᠵᠢᠭᠦᠷᠯᠡᠨ ᠰᠠᠬᠢᠬᠤ᠂ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ | ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ᠂ ᠡᠭᠦᠨ ᠤ ᠬᠠᠮᠲᠤ ᠪᠠᠴᠢᠮ ᠪᠠᠶᠢᠳᠠᠯ ᠢ | ᠠᠷᠭᠠᠴᠠᠬᠤ ᠲᠥᠰᠦᠯ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠬᠡᠷᠡᠭ᠂ ᠬᠠᠴᠢᠨ | ᠠᠭᠤᠷ ᠠᠮᠢᠰᠬᠤᠯ ᠢ ᠠᠷᠭᠠᠴᠠᠭᠠᠬᠤ ᠴᠢᠳᠠᠪᠤᠷᠢ ᠪᠣᠯᠤᠨ ᠠᠶᠤᠯ ᠠᠴᠠ ᠠᠪᠤᠷᠠᠵᠤ ᠰᠢᠢᠳᠪᠦᠷᠢᠯᠡᠬᠦ ᠬᠢᠷᠢ | ᠲᠦᠪᠰᠢᠨ ᠢᠶᠠᠨ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠢᠯᠴᠢ ᠬᠠᠩᠭᠠᠬᠤ ᠠᠵᠢᠯᠯᠠᠭᠠᠨ ᠤ ᠠᠮᠤᠷ ᠲᠣᠭᠲᠠᠭᠤᠨ ᠢ | ᠪᠠᠲᠤᠯᠠᠵᠤ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ | ᠲᠠᠰᠤᠷᠠᠯᠲᠠ ᠦᠭᠡᠢ ᠲᠡᠭᠡᠭᠰᠢᠯᠡᠬᠦᠯᠵᠤ᠂ ᠠᠷᠠᠳ ᠣᠯᠠᠨ ᠢ ︽ᠪᠡᠶ᠎ᠡ ᠲᠤᠯᠠᠭᠠᠬᠠᠨ ᠨᠠᠩ ᠴᠤ ᠰᠡᠳᠬᠢᠯ ᠲᠤᠯᠠᠭᠠᠬᠠᠨ︾ | ᠪᠠᠶᠢᠯᠭᠠᠬᠤ ᠬᠡᠷᠡᠭᠳᠡᠢ᠃ ︵ᠬᠥᠨᠳᠡᠯᠡᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠶᠠᠨ ᠢ ᠫᠸᠢ᠂ | ᠪᠠᠢ ᠪᠢᠩ ᠴᠠᠩ᠂ ᠬᠤᠤ ᠸᠧᠢ︶ |