ᠬᠥᠨᠳᠡᠯᠡᠨ ᠲᠣᠭᠤᠷᠢᠭ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠢᠴᠢ ᠰᠦᠯᠵᠢᠶᠠᠨ ᠤ ᠠᠮᠤᠷ ᠲᠦᠪᠰᠢᠨ ᠤ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2020/11/30
     ᠪᠥᠬᠦ ᠲᠤᠭᠤᠷᠢᠭ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ  ᠨᠠᠶᠢᠳᠠᠪᠤᠷᠢᠵᠢᠭᠤᠯᠤᠯᠳᠠ ᠶᠢ ᠠᠬᠢᠭᠤᠯᠵᠤ᠂ ᠦᠨᠳᠦᠰᠦᠨ ᠱᠠᠲᠤᠨ ᠤ ᠨᠢᠬᠡᠴᠢ ᠶᠢᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠪᠠ ᠠᠮᠤᠷ ᠲᠦᠪᠰᠢᠨ ᠢ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠴᠢᠩᠭᠠᠷᠠᠭᠤᠯᠬᠤ ᠶᠢᠨ ᠲᠥᠯᠥᠭᠡ᠂ 11 ᠰᠠᠷ᠎ᠠ ᠶᠢᠨ 27 ᠤ ᠡᠳᠦᠷ᠂ ᠬᠥᠨᠳᠡᠯᠡᠨ ᠲᠣᠭᠤᠷᠢᠭ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠢᠴᠢ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠤᠨ ᠬᠤᠷᠠᠯ ᠬᠢᠪᠠ᠃ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ ᠨᠢᠬᠡᠴᠢ᠂ ᠪᠦᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ᠂ ᠲᠤᠭᠤᠷᠢᠭ ᠤᠨ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠲᠤᠭᠤᠶᠢᠭ ᠲᠤ ᠰᠠᠭᠤᠭ᠎ᠠ ᠬᠡᠰᠡᠭ ᠠᠵᠤ ᠠᠬᠤᠶᠢᠯᠠᠯ ᠪᠣᠯᠪᠠᠰᠤᠷᠠᠯ ᠳᠤ ᠤᠷᠤᠯᠴᠠᠪᠠ᠃     ᠪᠣᠯᠪᠠᠰᠤᠷᠠᠯ ᠤᠨ ᠬᠤᠷᠠᠯ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠸᠧ ᡁᠢ ︵ᠥᠪᠥᠷ ᠮᠣᠩᠭᠤᠯ︶  ᠰᠦᠯᠵᠢᠶᠡᠨ ᠤ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠡᠪᠴᠢᠯᠲᠡ ᠶᠢᠨ ᠢᠨᠵᠧᠨᠧᠷ ᠸᠠᠩ ᠸᠧᠨ ᠵᠢᠶᠧ᠂ ᠯᠢᠦ ᠰᠢᠩ ᠢᠦᠶ ᠶᠢ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠪᠣᠯᠪᠠᠰᠤᠷᠠᠯ ᠤᠨ ᠬᠤᠷᠠᠯ ᠨᠢ ᠣᠶᠢᠷ᠎ᠠ ᠶᠢᠨ ᠵᠢᠯ ᠤᠨ ᠰᠦᠯᠵᠢᠶᠡᠨ ᠤ ᠠᠮᠤᠷ ᠲᠦᠪᠰᠢᠨ ᠤ ᠪᠠᠶᠢᠳᠠᠯ᠂ ᠰᠦᠯᠵᠢᠶᠡᠨ ᠤ ᠠᠮᠤᠷ ᠲᠦᠪᠰᠢᠨ ᠤ ᠬᠡᠷᠡᠭ ᠶᠠᠪᠤᠳᠠᠯ ᠵᠢᠴᠢ ᠲᠣᠬᠢᠷᠠᠭᠤᠯᠤᠯᠲᠠ ᠶᠢᠨ ᠳᠦᠷᠢᠮᠵᠢᠯᠳᠦ ᠴᠢᠨᠠᠷ᠂ ᠰᠦᠯᠵᠢᠶᠡᠨ ᠤ ᠠᠮᠤᠷ ᠲᠦᠪᠰᠢᠨ ᠤ ᠲᠠᠭᠠᠷᠢᠯᠳᠠ ᠶᠢ ᠰᠡᠷᠭᠡᠶᠢᠯᠡᠬᠦ ᠰᠣᠷᠢᠯᠲᠠ ᠶᠢᠨ ᠲᠣᠭᠤᠷᠢᠨ ᠳᠤ ᠲᠠᠶᠢᠯᠤᠮᠵᠢ ᠬᠢᠪᠠ ᠃ ᠮᠡᠳᠡᠭᠡ ᠵᠠᠩᠭᠢ ᠶᠢᠨ ᠠᠮᠤᠷ ᠲᠦᠪᠰᠢᠨ ᠤ ᠮᠡᠳᠡᠯᠭᠡ ᠶᠢ ᠭᠤᠣᠯᠳᠠᠯᠭ᠎ᠠ ᠲᠠᠢ ᠵᠢᠭᠠᠵᠤ᠂ ᠬᠤᠪᠢ ᠬᠥᠮᠦᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠪᠠ᠃ ᠪᠣᠯᠪᠠᠰᠤᠷᠠᠯ ᠳᠤᠮᠳᠠ᠂ ᠬᠤᠶᠠᠷ ᠢᠨᠵᠧᠨᠧᠷ ᠵᠤᠬᠢᠶᠠᠮᠠᠯ ᠠᠵᠢᠯᠲᠠᠨ ᠤ ᠬᠤᠪᠢ ᠪᠠᠷ ᠲᠠᠨᠢᠯ ᠪᠤᠰᠤ ᠬᠤᠶᠠᠷ ᠬᠡᠮᠵᠢᠯᠳᠦ ᠺᠣᠳ᠋ ᠢ ᠰᠢᠷᠪᠢᠵᠦ᠂ ᠪᠤᠯᠪᠠᠰᠤᠷᠠᠯ ᠳᠤ ᠣᠷᠣᠯᠴᠠᠭᠰᠠᠳ ᠲᠤ ᠭᠠᠷ ᠤᠲᠠᠰᠤᠨ ᠳᠣᠲᠣᠷᠠᠬᠢ ᠴᠢᠬᠤᠯᠠ ᠮᠡᠳᠡᠭᠡ ᠵᠠᠩᠭᠢ ᠶᠢᠨ ᠬᠡᠷᠬᠢᠨ ᠣᠬᠤᠷᠬᠠᠨ ᠬᠤᠭᠤᠴᠠᠭᠠᠨ ᠳᠤ ᠵᠠᠳᠠᠷᠠᠵᠤ ᠯᠠᠪᠠᠷᠠᠵᠤ ᠪᠠᠶᠢᠬᠤ ᠶᠢ ᠦᠵᠡᠬᠦᠯᠵᠤ᠂ ᠬᠤᠷᠠᠯ ᠳᠤ ᠣᠷᠣᠯᠴᠠᠭᠰᠠᠳ ᠲᠤ ᠰᠦᠯᠵᠢᠶᠡᠨ ᠤ ᠠᠮᠤᠷ ᠲᠦᠪᠰᠢᠨ ᠤ ᠴᠢᠬᠤᠯᠠ ᠴᠢᠨᠠᠷ ᠢ ᠦᠨᠡᠨ ᠬᠦ ᠤᠶᠢᠯᠠᠭᠠᠭᠤᠯᠵᠠᠢ᠃    ᠬᠤᠷᠠᠯ ᠳᠤ ᠣᠷᠣᠯᠴᠠᠭᠰᠠᠳ᠂ ᠡᠨᠡ ᠤᠳᠠᠭᠠᠨ ᠤ ᠪᠣᠯᠪᠠᠰᠤᠷᠠᠯ ᠢᠶᠠᠷ ᠲᠡᠮᠵᠢᠨ᠂ ᠰᠦᠯᠵᠢᠶᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠬᠤ ᠶᠢᠨ ᠴᠢᠬᠤᠯᠠ ᠴᠢᠨᠠᠷ᠂ ᠬᠤᠶᠢᠰᠢᠳᠠ ᠶᠢᠨ ᠠᠵᠢᠯ ᠤᠨ ᠳᠤᠮᠳᠠ᠂ ᠰᠦᠯᠵᠢᠶᠡᠨ ᠤ ᠠᠮᠤᠷ ᠲᠦᠪᠰᠢᠨ ᠤ ᠰᠢᠨ᠎ᠡ ᠮᠡᠳᠡᠯᠭᠡ ᠪᠠ ᠮᠡᠷᠭᠡᠵᠢᠯ ᠢ ᠲᠠᠰᠤᠷᠠᠯᠲᠠ ᠦᠭᠡᠢ ᠰᠤᠷᠤᠯᠴᠠᠨ ᠡᠵᠡᠮᠰᠢᠵᠦ᠂ ᠰᠦᠯᠵᠢᠶᠡᠨ ᠤ ᠠᠮᠤᠷ ᠲᠦᠪᠰᠢᠨ ᠤ ᠡᠳᠦᠷ ᠲᠤᠲᠤᠮ ᠤᠨ ᠬᠠᠮᠢᠶᠠᠷᠤᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠪᠠ ᠳᠤᠲᠠᠭᠳᠠᠯ ᠢ ᠴᠠᠭ ᠲᠤᠬᠠᠶ ᠳᠤᠨᠢ ᠰᠢᠢᠳᠪᠦᠷᠢᠯᠡᠵᠤ᠂ ᠰᠦᠯᠵᠢᠶᠡᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠡᠷᠡᠰ ᠪᠠᠲᠤ ᠪᠠᠬᠢᠵᠢᠭᠦᠯᠵᠦ᠂ ᠬᠥᠨᠳᠡᠯᠡᠨ ᠲᠣᠭᠤᠷᠢᠭ ᠤᠨ ᠠᠮᠤᠷ ᠲᠦᠪᠰᠢᠨ ᠵᠢᠷᠤᠮᠵᠢᠭᠰᠠᠨ ᠰᠦᠯᠵᠢᠶᠡᠨ ᠤ ᠣᠷᠴᠢᠨ ᠲᠣᠭᠤᠷᠢᠨ ᠢ ᠬᠠᠮᠲᠤᠪᠠᠷ ᠡᠬᠦᠳᠦᠨ᠎ᠡ ᠬᠡᠵᠤ ᠢᠯᠡᠷᠬᠡᠶᠢᠯᠡᠵᠡᠬᠡᠪᠡ᠃ ︵ᠬᠥᠨᠳᠡᠯᠡᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠪᠠᠢ ᠪᠢᠩ ᠴᠠᠩ᠂  ᠶᠠᠩ ᠧᠨ ᠨᠢᠩ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号