ᠨᠠᠶᠢᠳᠠ ᠶᠢᠨ ᠲᠠᠭᠢᠯᠭᠠᠳᠤ ᠤᠪᠤᠭ᠎ᠠ
ᠨᠡᠶᠢᠲᠡᠯᠡᠭᠰᠡᠨ ᠴᠠᠭ᠄
2020/3/11
     ᠤᠪᠤᠭ᠎ᠠ ᠲᠠᠭᠢᠯᠭ᠎ᠠ ᠨᠢ ᠤᠯᠠᠷᠢᠯ ᠬᠤᠪᠢᠷᠠᠯ ᠤᠨ ᠶᠠᠪᠤᠴᠠ ᠳᠤ ᠪᠠᠨ ᠬᠤᠪᠢ ᠭᠥᠮᠥᠨ᠂ ᠠᠶᠢᠯ ᠡᠷᠥᠭᠡ ᠶᠢᠨ ᠭᠥᠷᠢᠶ᠎ᠠ ᠭᠡᠪᠴᠢᠶ᠎ᠠ ᠠᠴᠠ ᠥᠷᠭᠡᠵᠢᠨ ᠲᠠᠯᠠᠰᠢᠷᠠᠵᠤ᠂ ᠨᠠᠶᠢᠭᠡᠮ ᠨᠠᠶᠢᠳᠠ ᠶᠢᠨ ᠥᠢᠯᠨ ᠠᠵᠢᠯᠯᠠᠭ᠎ᠠ ᠲᠠᠢ ᠤᠶᠠᠯᠳᠤᠬᠤ ᠳᠤ ᠪᠠᠨ ᠠᠶᠢᠮᠠᠭ ᠤᠭᠰᠠᠭ᠎ᠠ᠂ ᠠᠯᠪᠠᠨ ᠵᠠᠭᠢᠷᠭᠠᠨ ᠤ ᠬᠠᠷᠢᠶᠠᠯᠠᠯ ᠢᠶᠠᠷ ᠨᠠᠶᠢᠳᠠ ᠤᠯᠠᠨ ᠢᠶᠠᠷ ᠢᠶᠠᠨ ᠬᠠᠮᠳᠤᠷᠠᠨ ᠲᠠᠭᠢᠬᠤ ᠪᠤᠯᠤᠭᠰᠠᠨ ᠢᠶᠠᠷ ᠨᠠᠶᠢᠳᠠ ᠶᠢᠨ ᠲᠠᠭᠢᠯᠭᠠᠳᠤ ᠤᠪᠤᠭ᠎ᠠ ᠪᠤᠢ ᠪᠤᠯᠤᠭᠰᠠᠨ ᠶᠤᠮ᠃ ᠡᠭᠦᠨ ᠤ ᠤᠯᠠᠮ ᠢᠶᠠᠷ ᠠᠩᠬ᠎ᠠ ᠡᠭᠢᠯᠡᠭᠡᠳ ᠤᠪᠤᠭ ᠠᠶᠢᠮᠠᠭ ᠤᠨ ᠤᠪᠤᠭ᠎ᠠ ᠲᠠᠭᠢᠯᠭ᠎ᠠ ᠶᠢ ᠨᠢᠭᠡ ᠤᠪᠤᠭ ᠤᠨ ᠬᠢᠨ ᠬᠠᠮᠳᠤ ᠪᠠᠷ ᠲᠠᠭᠢᠵᠤ ᠪᠠᠶᠢᠬᠰᠠᠨ ᠪᠤᠯ᠂ ᠰᠡᠭᠦᠯᠳᠡᠵᠥ ᠢᠷᠡᠭᠡᠳ ᠬᠤᠰᠢᠭᠤ᠂ ᠴᠢᠭᠤᠯᠭᠠᠨ ᠢᠶᠠᠷ ᠬᠠᠮᠳᠤᠷᠠᠨ ᠲᠠᠭᠢᠬᠤ ᠪᠤᠯᠤᠭᠰᠠᠨ ᠪᠠ ᠤᠷᠴᠢᠨ ᠥᠶ᠎ᠠ ᠳᠤ ᠰᠤᠮᠤ᠂ ᠬᠤᠰᠢᠭᠤ᠂ ᠠᠶᠢᠮᠠᠭ ᠤᠨ ᠵᠠᠰᠠᠭ ᠵᠠᠭᠢᠷᠭ᠎ᠠ ᠪᠠᠷ ᠲᠠᠭᠢᠬᠤ ᠪᠤᠯᠵᠤ ᠤᠯᠠᠮᠵᠢᠯᠠᠭᠳᠠᠵᠤ ᠪᠠᠶᠢᠨ᠎ᠠ᠃ ᠢᠢᠮᠥᠷᠭᠦᠥ ᠨᠠᠶᠢᠳᠠ ᠶᠢᠨ ᠲᠠᠭᠢᠯᠭᠠᠳᠤ ᠤᠪᠤᠭ᠎ᠠ ᠳᠤ ᠤᠪᠤᠭ ᠠᠶᠢᠮᠠᠭ ᠤᠨ ᠤᠪᠤᠭ᠎ᠠ᠂ ᠬᠤᠰᠢᠭᠤ ᠤᠪᠤᠭ᠎ᠠ᠂ ᠴᠢᠭᠤᠯᠭᠠᠨ ᠤᠪᠤᠭ᠎ᠠ᠂ ᠰᠥᠮ᠎ᠠ ᠶᠢᠨ ᠤᠪᠤᠭ᠎ᠠ᠂ ᠰᠤᠮᠤ ᠶᠢᠨ ᠤᠪᠤᠭ᠎ᠠ ᠵᠠᠷᠭᠡ ᠪᠠᠭᠳᠠᠳᠠᠭ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号