ᠰᠢᠮ᠎ᠡ ᠲᠡᠵᠢᠭᠡᠯ ᠵᠣᠬᠢᠰᠲᠠᠶ ᠨᠥᠬᠦᠪᠥᠷᠢᠯᠡᠵᠦ ᠡᠭᠡᠯᠢᠯᠡᠭᠡ ᠶᠢᠨ ᠴᠢᠳᠠᠪᠤᠷᠢ ᠪᠠᠨ  ᠳᠡᠭᠡᠭᠰᠢᠯᠡᠭᠦᠯᠬᠦ ᠬᠡᠷᠡᠭᠳᠡᠢ ︵ᠨᠠᠷᠠᠲᠤ ᠡᠮᠴᠢ ᠶᠢᠨ ᠬᠢᠴᠢᠶᠡᠯ︶
ᠨᠡᠶᠢᠲᠡᠯᠡᠭᠰᠡᠨ ᠴᠠᠭ᠄
2020/3/16
     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠵᠦ  ᠪᠠᠶᠢᠬᠤ  ᠬᠤᠭᠤᠴᠠᠭᠠᠨ ᠳᠠᠬᠢ  ᠮᠠᠰᠢ  ᠣᠯᠠᠨ ᠬᠦᠨᠳᠦ ᠡᠪᠡᠳᠴᠢᠲᠡᠨ ᠨᠢ ᠴᠥᠮ ᠢᠳᠡᠷ ᠨᠠᠰᠤ ᠪᠠ ᠥᠲᠡᠯᠦᠭᠡ ᠨᠠᠰᠤᠨ ᠤ ᠬᠥᠮᠦᠰ ᠪᠣᠯᠤᠨ᠎ᠠ᠃ ᠢᠳᠡᠷ ᠨᠠᠰᠤ ᠪᠠ  ᠥᠲᠡᠯᠦᠭᠡ ᠨᠠᠰᠤᠨ ᠤ ᠬᠥᠮᠦᠰ ᠨᠢ ᠶᠡᠷᠦᠳᠡᠭᠡᠨ ᠣᠯᠠᠨ ᠵᠦᠢᠯ ᠤᠨ  ᠡᠪᠡᠳᠴᠢᠨ  ᠡᠮᠭᠡᠭ ᠲᠠᠢ᠂  ᠪᠥᠬᠦ  ᠪᠡᠶ᠎ᠡ ᠶᠢᠨ  ᠳᠣᠲᠣᠷ  ᠡᠷᠬᠡᠲᠡᠨ ᠤ ᠠᠵᠢᠯᠯᠠᠭ᠎ᠠ ᠨᠢ ᠮᠠᠭᠤᠳᠠᠬᠰᠠᠨ ᠤ ᠳᠡᠭᠡᠷ᠎ᠡ ᠨᠢ ᠵᠠᠵᠢᠯᠬᠤ ᠪᠠ  ᠵᠠᠯᠭᠢᠬᠤ  ᠴᠢᠳᠠᠪᠤᠷᠢ ᠨᠢ  ᠪᠠᠭᠤᠷᠠᠭᠰᠠᠨ ᠠᠴᠠ  ᠪᠣᠯᠵᠣ  ᠬᠤᠭᠤᠯᠠ ᠤᠮᠳᠠ ᠬᠦᠷᠦᠯᠴᠡᠬᠡᠳᠡᠢ ᠢᠳᠡᠵᠦ ᠴᠢᠳᠠᠬᠤ ᠦᠭᠡᠢ ᠪᠠᠶᠢᠳᠠᠭ ᠠᠴᠠ ᠸᠢᠷᠦ᠋ᠰ ᠲᠤ  ᠬᠠᠯᠳᠠᠪᠤᠷᠢᠯᠠᠬᠳᠠᠬᠤ ᠠᠴᠠ  ᠡᠮᠦᠨ᠎ᠡ  ᠡᠴᠡᠵᠦ ᠲᠤᠷᠠᠬᠤ ᠪᠤᠶᠤ ᠰᠢᠮ᠎ᠡ ᠲᠡᠵᠢᠭᠡᠯ ᠲᠤᠳᠠᠬᠳᠠᠬᠤ ᠪᠠᠶᠢᠳᠠᠯ ᠭᠠᠷᠳᠠᠭ᠃ ᠡᠴᠡᠵᠦ  ᠲᠤᠷᠠᠬᠤ  ᠪᠠ  ᠰᠢᠮ᠎ᠡ  ᠲᠡᠵᠢᠭᠡᠯ  ᠳᠤᠲᠠᠭᠳᠠᠬᠤ ᠶᠠᠪᠤᠳᠠᠯ ᠨᠢ ᠡᠭᠡᠯᠢᠯᠡᠭᠡ ᠶᠢᠨ ᠠᠵᠢᠯᠯᠠᠭ᠎ᠠ ᠶᠢ ᠮᠠᠭᠤᠳᠠᠭᠤᠯᠵᠤ᠂  ᠸᠢᠷᠦ᠋ᠰ ᠤᠨ  ᠬᠠᠯᠳᠠᠪᠤᠷᠢᠯᠠᠯ ᠢ  ᠳᠠᠭᠠᠭᠠᠵᠤ  ᠳᠡᠶᠢᠯᠬᠦ  ᠥᠬᠡᠶ ᠪᠣᠯᠭᠠᠳᠠᠭ᠃ ᠡᠶᠢᠮᠦ ᠠᠴᠠ ᠨᠠᠰᠤᠲᠠᠶᠢᠴᠤᠳ ᠵᠠᠪᠠᠯ ᠰᠢᠮ᠎ᠡ ᠲᠡᠵᠢᠭᠡᠯ ᠢᠶᠠᠨ ᠵᠣᠬᠢᠰᠲᠠᠶ ᠨᠥᠬᠦᠪᠥᠷᠢᠯᠡᠬᠦ ᠪᠠᠷ ᠳᠠᠮᠵᠢᠭᠤᠯᠤᠨ᠂ ᠰᠢᠮ᠎ᠡ ᠲᠡᠵᠢᠭᠡᠯ ᠤᠨ ᠨᠥᠭᠡᠴᠡ ᠪᠠᠨ ᠳᠡᠭᠡᠭᠰᠢᠯᠡᠭᠦᠯᠵᠦ᠂ ᠢᠯᠠᠩᠭᠤᠶ᠎ᠠ ᠪᠤᠯᠴᠢᠩ ᠮᠢᠬ᠎ᠠ ᠪᠠᠨ ᠨᠡᠮᠡᠭᠳᠡᠭᠦᠯᠬᠦ ᠬᠡᠷᠡᠭᠳᠡᠢ᠂  ᠢᠡᠭᠭᠢᠪᠡᠯ  ᠰᠠᠶ᠋ᠢ ᠡᠭᠡᠯᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠴᠢᠳᠠᠨ᠎ᠠ᠃                 ᠨᠠᠰᠤᠲᠠᠶᠢᠴᠤᠳ ᠬᠥᠳᠡᠯᠵᠦ ᠪᠠᠷᠢᠬᠤ ᠳᠤ ᠳᠥᠭᠦᠮ ᠦᠭᠡᠢ ᠠᠴᠠ ᠪᠤᠯᠵᠤ ᠵᠠᠷᠢᠮ ᠳᠠᠭᠠᠨ ᠪᠦᠷᠢᠨ ᠰᠢᠮ᠎ᠡ ᠲᠡᠵᠢᠭᠡᠯ ᠲᠠᠢ ᠢᠳᠡᠭᠡᠨ ᠬᠢᠵᠦ ᠴᠢᠳᠠᠬᠤ ᠦᠭᠡᠢ ᠪᠠᠶᠢᠬᠤ ᠶᠢᠨ ᠵᠡᠷᠭᠡᠪᠡᠷ ᠪᠠᠰᠠ ᠲᠡᠳᠡᠨ ᠤ ᠢᠳᠡᠭᠡᠨ ᠤ  ᠳᠤᠷᠠᠰᠢᠯ ᠨᠢ  ᠮᠠᠭᠤᠳᠠᠬᠰᠠᠨ  ᠪᠤᠯᠬᠤᠷ ᠡᠳᠦᠷ ᠪᠦᠷᠢ ᠶᠢᠨ ᠢᠯᠴᠢ ᠶᠢᠨ ᠬᠡᠮᠵᠢᠶ᠎ᠡ ᠪᠠ ᠰᠢᠮ᠎ᠡ ᠲᠡᠵᠢᠭᠡᠯ ᠤᠨ ᠱᠠᠭᠠᠷᠳᠠᠯᠭ᠎ᠠ ᠳᠤ ᠬᠦᠷᠬᠦ ᠳᠤ  ᠮᠠᠰᠢ  ᠪᠡᠷᠭᠡᠳᠡᠢ  ᠪᠠᠶᠢᠨ᠎ᠠ᠃ ᠳᠣᠣᠷᠠᠬᠢ ᠰᠢᠮ᠎ᠡ ᠲᠡᠵᠢᠭᠡᠯ ᠨᠥᠬᠦᠪᠥᠷᠢᠯᠡᠬᠦ  ᠡᠮ ᠢ  ᠰᠣᠩᠭᠤᠵᠤ  ᠤᠤᠭᠤᠬᠤ ᠶᠢ  ᠰᠠᠨᠠᠭᠤᠯᠤᠶ᠎ᠠ᠄  ᠪᠦᠷᠢᠨ  ᠰᠢᠮ᠎ᠡ  ᠲᠡᠵᠢᠭᠡᠯ ᠨᠥᠬᠦᠪᠥᠷᠢᠯᠡᠬᠦ ᠡᠮ︔ ᠨᠡᠶᠢᠯᠡᠮᠡᠯ ᠸᠢᠲ᠋ᠠᠮᠢᠨ ᠡᠷᠦᠳᠡᠰᠦᠨ ᠪᠣᠳᠠᠰ ᠨᠥᠬᠦᠪᠥᠷᠢᠯᠡᠬᠦ ᠡᠮ︔ ᠴᠢᠨᠠᠷ ᠰᠠᠶᠢᠲᠠᠶ ᠤᠭᠤᠷᠠᠭ ᠨᠥᠬᠦᠪᠥᠷᠢᠯᠡᠬᠦ ᠡᠮ ᠤᠤᠭᠤᠭᠠᠷᠠᠢ᠃ ᠡᠨᠡ ᠭᠤᠷᠪᠠᠨ ᠵᠦᠢᠯ ᠤᠨ ᠰᠢᠮ᠎ᠡ ᠲᠡᠵᠢᠭᠡᠯ ᠨᠥᠬᠦᠪᠥᠷᠢᠯᠡᠬᠦ ᠡᠮ ᠤᠨ ᠵᠦᠢᠯ ᠨᠢᠭᠡᠪᠦᠷᠢ ᠳᠤ  ᠴᠥᠮ  ᠮᠠᠰᠢ ᠤᠯᠠᠨ ᠲᠦᠷᠦᠯ ᠲᠡᠮᠳᠡᠭ ᠪᠠ ᠬᠡᠪ ᠪᠠᠷᠢᠮᠵᠢᠶ᠎ᠠ ᠲᠠᠢ ᠪᠠᠶᠢᠳᠠᠭ᠂ ᠨᠢᠭᠡ ᠵᠦᠢᠯ ᠠᠴᠠ ᠨᠢ ᠰᠣᠩᠭᠤᠵᠤ  ᠲᠣᠬᠢᠷᠠᠭᠤᠯᠤᠨ  ᠬᠡᠷᠡᠭᠯᠡᠵᠦ ᠪᠣᠯᠤᠨ᠎ᠠ᠃ ᠨᠠᠰᠤᠲᠠᠶᠢᠴᠤᠳ ᠤᠨ ᠪᠡᠶ᠎ᠡ ᠶᠢᠨ  ᠬᠦᠨᠳᠦ  ᠠᠯᠭᠤᠷ  ᠠᠭᠠᠵᠢᠮ ᠢᠶᠠᠷ  ᠳᠡᠭᠡᠭᠰᠢᠯᠡᠬᠦ ᠳᠤ  ᠬᠦᠷᠪᠡᠯ  ᠡᠭᠡᠯᠢᠯᠡᠭᠡ ᠶᠢᠨ ᠴᠢᠳᠠᠪᠤᠷᠢ ᠨᠢ ᠰᠠᠶᠢᠵᠢᠷᠠᠭᠰᠠᠨ ᠳᠤ ᠲᠤᠭᠠᠴᠠᠬᠳᠠᠨ᠎ᠠ᠃ ᠬᠡᠯᠡᠯᠭᠡᠨ ᠦᠭᠡᠢ᠂ ᠰᠢᠮ᠎ᠡ ᠲᠡᠵᠢᠭᠡᠯ ᠨᠥᠬᠦᠪᠥᠷᠢᠯᠡᠬᠦ ᠡᠮ ᠢ ᠡᠮᠴᠢᠯᠡᠭᠡᠨ ᠤ ᠪᠠᠶᠢᠭᠤᠯᠤᠮᠵᠢ ᠠᠴᠠ ᠬᠤᠳᠠᠯᠳᠤᠨ ᠠᠪᠬᠤ ᠶᠢᠨ ᠬᠠᠮᠲᠤ ᠡᠮᠴᠢ ᠶᠢᠨ ᠵᠢᠯᠤᠭᠤᠳᠤᠯᠭ᠎ᠠ ᠳᠣᠣᠷ᠎ᠠ ᠬᠡᠷᠡᠭᠯᠡᠪᠡᠯ ᠬᠠᠮᠤᠬ ᠰᠠᠶᠢᠨ ᠶᠤᠮ᠃                 ᠲᠡᠭᠡᠪᠡᠯ᠂ ᠵᠣᠬᠢᠰᠲᠠᠶ ᠢᠳᠡᠵᠦ ᠤᠤᠭᠤᠬᠤ ᠳᠤ ᠶᠠᠭᠤ ᠶᠢ ᠠᠩᠬᠠᠷᠪᠠᠯ ᠵᠣᠬᠢᠬᠤ  ᠪᠣᠶ︖  ᠢᠳᠡᠭᠡᠨ  ᠤᠮᠳᠠᠭᠠᠨ ᠢᠶᠠᠨ ᠲᠡᠩᠴᠡᠭᠦᠯᠵᠦ᠂ ᠢᠯᠠᠩᠭᠤᠶ᠎ᠠ ᠴᠢᠨᠠᠷ ᠰᠠᠶᠢᠲᠠᠶ ᠤᠭᠤᠷᠠᠭ  ︵ᠦᠨᠢᠶᠡᠨ  ᠰᠦ᠂  ᠥᠨᠳᠡᠭᠡ᠂  ᠰᠢᠷ᠎ᠠ  ᠪᠤᠷᠴᠠᠭ ᠤᠨ  ᠢᠳᠡᠭᠡᠨ᠂ ᠮᠢᠬᠠᠨ ᠤ ᠵᠦᠢᠯ︶ ᠪᠠ ᠰᠢᠨ᠎ᠡ ᠰᠣᠷᠭᠤᠭ  ᠨᠣᠭᠤᠭ᠎ᠠ  ᠵᠢᠮᠢᠰ  ᠢᠳᠡᠬᠦ︔  ᠵᠣᠬᠢᠬᠤ  ᠬᠡᠮᠵᠢᠶᠡᠨ ᠤ  ᠰᠢᠮ᠎ᠡ  ᠲᠡᠵᠢᠭᠡᠯᠲᠦ  ᠡᠳ᠋ ᠨᠥᠬᠦᠪᠥᠷᠢᠯᠡᠬᠦ᠂ ᠵᠢᠱᠢᠶᠡᠯᠡᠪᠡᠯ ᠤᠭᠤᠷᠠᠭ ᠤᠨ ᠲᠦᠷᠦᠯ᠂ ᠬᠠᠨᠤᠮᠠᠯ ᠪᠤᠰᠤ ᠥᠭᠡᠬᠦᠨ ᠬᠦᠴᠢᠯ᠂ ᠵᠢᠱᠢᠶᠡᠯᠡᠪᠡᠯ  ᠵᠢᠭᠠᠰᠤᠨ  ᠲᠤᠰᠤ ᠪᠠ ᠮᠠᠭᠠᠯᠢᠩᠭᠤ ᠶᠢᠨ ᠦᠷ᠎ᠡ ᠶᠢᠨ ᠲᠣᠰᠣ᠂ ᠭᠡᠳᠡᠰᠦᠨ ᠤ ᠡᠭᠡᠯᠢᠯᠡᠭᠡ ᠶᠢᠨ ᠠᠵᠢᠯᠯᠠᠭ᠎ᠠ ᠶᠢ ᠵᠣᠬᠢᠴᠠᠭᠤᠯᠬᠤ ᠢᠳᠡᠭᠡᠨ ᠤ ᠰᠢᠷᠬᠡᠭᠯᠢᠭ ᠡᠳ᠋ ᠵᠢᠴᠢ ᠨᠡᠶᠢᠯᠡᠮᠡᠯ ᠸᠢᠲ᠋ᠠᠮᠢᠨ ᠪᠠ ᠡᠷᠦᠳᠡᠰᠦᠨ ᠪᠣᠳᠠᠰ ᠨᠥᠬᠦᠪᠥᠷᠢᠯᠡᠬᠦ ᠡᠮ  ᠵᠡᠷᠭᠡ   ᠶᠢ  ᠨᠦᠬᠦᠪᠦᠷᠢᠯᠡᠬᠦ ᠶᠢ  ᠴᠢᠬᠤᠯᠠᠴᠢᠯᠠᠬᠤ ᠬᠡᠷᠡᠭᠳᠡᠢ᠃ ᠣᠬᠤᠷ ᠬᠤᠭᠤᠴᠠᠭᠠᠨ ᠤ ᠳᠣᠲᠣᠷ᠎ᠠ ᠬᠥᠳᠡᠯᠭᠡᠭᠡᠨ ᠪᠠᠭᠠᠰᠤᠭᠰᠠᠨ ᠠᠴᠠ ᠪᠤᠯᠵᠦ ᠮᠠᠷᠢᠶᠠᠯᠠᠬᠤ  ᠪᠠ  ᠴᠢᠰᠤᠨ  ᠰᠢᠬᠢᠷ ᠥᠨᠳᠥᠷᠵᠢᠬᠦ ᠠᠴᠠ ᠵᠠᠶᠢᠯᠠᠰᠬᠢᠬᠦ ᠬᠡᠷᠡᠭᠳᠡᠢ᠃ ᠪᠡᠶ᠎ᠡ ᠶᠢᠨ  ᠬᠦᠨᠳᠦ  ᠪᠠ  ᠴᠢᠰᠤᠨ  ᠰᠢᠬᠢᠷ ᠢᠶᠠᠨ  ᠰᠠᠶᠢᠲᠤᠷ  ᠬᠢᠵᠠᠭᠠᠷᠯᠠᠬᠤ ᠨᠢ ᠮᠠᠷᠢᠶᠠᠳᠠᠢ ᠪᠠ ᠰᠢᠬᠢᠷ ᠰᠢᠵᠢᠩ ᠡᠪᠡᠳᠴᠢᠨ ᠲᠠᠢ ᠬᠦᠮᠦᠨ ᠡᠭᠡᠯᠢᠯᠡᠭᠡ ᠶᠢᠨ  ᠠᠵᠢᠯᠯᠠᠭ᠎ᠠ ᠪᠠᠨ  ᠪᠠᠲᠤᠯᠠᠬᠤ ᠳᠤ  ᠨᠡᠩ  ᠴᠢᠬᠤᠯᠠ ᠪᠠᠶᠢᠳᠠᠭ᠃ ᠮᠠᠷᠢᠶᠠᠯᠢᠭ ᠪᠡᠶ᠎ᠡ ᠲᠠᠢ ᠡᠪᠡᠳᠴᠢᠲᠡᠨ ᠳᠤ ᠠᠪᠴᠤ ᠬᠡᠯᠡᠪᠡᠯ᠂ ᠬᠥᠳᠡᠯᠭᠡᠭᠡᠨ ᠨᠢ ᠬᠡᠲᠦᠷᠬᠡᠢ ᠪᠠᠭ᠎ᠠ ᠪᠤᠯᠪᠡᠯ  ᠴᠢᠰᠤᠨ ᠤ ᠨᠢᠯᠴᠠᠭᠠᠢ ᠥᠳᠬᠡᠴᠡ ᠶᠢᠨ ᠬᠡᠮᠵᠢᠶ᠎ᠡ ᠨᠢ ᠨᠡᠮᠡᠭᠳᠡᠵᠦ᠂ ᠪᠥᠭᠯᠡᠷᠡᠬᠦ  ᠴᠢᠨᠠᠷᠲᠠᠢ  ᠡᠪᠡᠳᠴᠢᠨ  ᠡᠭᠦᠰᠴᠤ  ᠮᠠᠳᠠᠨ᠎ᠡ᠂  ᠵᠢᠱᠢᠶᠡᠯᠡᠪᠡᠯ ᠲᠠᠷᠢᠬᠢᠨ ᠤ ᠰᠠ ᠡᠪᠡᠳᠴᠢᠨ᠂ ᠵᠢᠷᠦᠬᠡᠨ ᠤ ᠲᠦᠭᠵᠢᠷᠡᠯ ᠪᠠ ᠠᠭᠤᠰᠬᠢᠨ ᠤ ᠲᠦᠭᠵᠢᠷᠡᠯ ᠵᠡᠷᠭᠡ ᠡᠪᠡᠳᠴᠢᠨ ᠡᠭᠦᠰᠴᠦ ᠮᠡᠳᠡᠨ᠎ᠡ︔ ᠡᠴᠡᠵᠦ ᠲᠤᠷᠠᠬᠤ ᠪᠠ  ᠪᠡᠶ᠎ᠡ ᠶᠢᠨ  ᠬᠦᠨᠳᠦ  ᠳᠣᠷᠣᠭᠰᠢᠯᠠᠬᠤ ᠠᠴᠠ  ᠵᠠᠶᠢᠯᠠᠰᠬᠢᠬᠦ  ᠬᠡᠷᠡᠭᠳᠡᠢ᠂  ᠤᠴᠢᠷ ᠨᠢ  ᠰᠢᠮ᠎ᠡ  ᠲᠡᠵᠢᠭᠡᠯ ᠲᠤᠳᠠᠬᠳᠠᠬᠤ ᠨᠢ ᠰᠢᠭᠤᠳ ᠡᠭᠡᠯᠢᠯᠡᠭᠡ ᠶᠢ ᠠᠵᠢᠯᠯᠠᠭ᠎ᠠ ᠶᠢ ᠮᠠᠭᠤᠳᠠᠭᠤᠯᠬᠤ ᠳᠤ ᠬᠦᠷᠦᠭᠦᠯᠳᠡᠭ︔ ᠲᠠᠮᠠᠬᠢ ᠲᠠᠲᠠᠬᠤ ᠪᠠ  ᠠᠷᠢᠬᠢ ᠤᠤᠭᠤᠬᠤ ᠠᠴᠠ ᠵᠠᠶᠢᠯᠠᠰᠬᠢᠵᠦ᠂ ᠵᠤᠬᠢᠰᠳᠠᠢ ᠪᠠᠷ ᠬᠥᠳᠡᠯᠭᠡᠭᠡᠨ ᠬᠢᠬᠦ ᠬᠡᠷᠡᠭᠳᠡᠢ᠂ ᠬᠡᠬᠦ ᠳᠡᠭᠡᠨ ᠬᠥᠮᠦᠨ ᠤᠯᠠᠨ ᠭᠠᠵᠠᠷ  ᠣᠴᠢᠬᠤ ᠪᠠ ᠪᠠᠰᠠ ᠬᠠᠷᠢᠴᠠᠩᠭᠤᠢ ᠪᠢᠲᠡᠭᠦᠮᠵᠢᠯᠡᠭᠰᠡᠨ ᠪᠡᠶ᠎ᠡ ᠴᠢᠭᠢᠷᠠᠭᠵᠢᠭᠤᠯᠬᠤ ᠭᠠᠵᠠᠷ ᠲᠤ ᠣᠴᠢᠬᠤ ᠠᠴᠠ ᠵᠠᠶᠢᠯᠠᠰᠬᠢᠬᠦ ᠬᠡᠷᠡᠭᠲᠡᠢ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号