ᠰᠢᠨ᠎ᠡ  ᠲᠢᠲᠢᠮᠯᠢᠭ  ᠸᠢᠷᠦ᠋ᠰ ᠢ ᠭᠡᠷ ᠲᠡᠭᠡᠨ ᠪᠠᠶᠢᠵᠤ ᠪᠠᠶᠢᠭᠠᠳ ᠥᠪᠡᠷ ᠢᠶᠠᠨ  ᠰᠢᠯᠭᠠᠨ ᠪᠠᠶᠢᠴᠠᠭᠠᠵᠤ ᠳᠡᠶᠢᠯᠦᠨ᠎ᠡ ᠤᠤ︖ ᠪᠠᠰᠠ ᠨᠢᠭᠡ ᠪᠦᠯᠦᠭ ᠴᠤᠤᠷᠬᠠᠯ ᠤᠳ  ᠰᠦᠯᠵᠢᠶ᠎ᠡ ᠪᠠᠷ ᠲᠠᠷᠬᠠᠵᠦ ᠪᠤᠢ᠂ ︽  ᠰᠡᠷᠭᠡᠶᠢᠯᠡᠯᠳᠡ ᠬᠢᠬᠦ︾ ᠪᠠᠨ ᠠᠩᠬᠠᠷᠤᠭᠠᠷᠠᠶ︕
ᠨᠡᠶᠢᠲᠡᠯᠡᠭᠰᠡᠨ ᠴᠠᠭ᠄
2020/3/18
      ᠰᠢᠨ᠎ᠡ ᠲᠢᠲᠢᠮᠯᠢᠭ ᠸᠢᠷᠦ᠋ᠰ ᠢ ᠭᠡᠷ ᠲᠡᠭᠡᠨ ᠪᠠᠶᠢᠵᠤ ᠪᠠᠶᠢᠭᠠᠳ ᠥᠪᠡᠷ ᠢᠶᠠᠨ ᠰᠢᠯᠭᠠᠨ ᠪᠠᠶᠢᠴᠠᠭᠠᠵᠤ  ᠳᠡᠶᠢᠯᠦᠨ᠎ᠡ  ᠤᠤ︖               ᠦᠨᠡᠨ ᠪᠠᠶᠢᠳᠠᠯ᠄ ᠰᠢᠨ᠎ᠡ  ᠲᠢᠲᠢᠮᠯᠢᠭ  ᠸᠢᠷᠦ᠋ᠰ ᠢ  ᠰᠢᠯᠭᠠᠨ  ᠪᠠᠶᠢᠴᠠᠭᠠᠬᠤ  ᠭᠡᠷ  ᠪᠦᠯᠢ ᠶᠢᠨ  ᠲᠤᠷᠰᠢᠯᠲᠠ ᠶᠢᠨ ᠬᠠᠶᠢᠷᠴᠠᠭ ᠬᠡᠵᠦ ᠪᠠᠶᠢᠬᠤ ᠥᠬᠡᠶ ᠪᠠᠶᠢᠬᠰᠠᠭᠠᠷ ᠡᠭᠦᠨ ᠤ  ᠲᠤᠬᠠᠢ  ᠪᠡᠭᠡᠵᠢᠩ   ᠬᠤᠲᠠ ᠶᠢᠨ   ᠡᠮ   ᠲᠠᠩ ᠤᠨ   ᠬᠢᠨᠠᠯᠲᠠ   ᠬᠠᠮᠢᠶᠠᠷᠤᠯᠲᠠ ᠶᠢᠨ ᠲᠣᠪᠴᠢᠶ᠎ᠠ ᠢᠯᠡᠷᠬᠡᠶᠢᠯᠡᠬᠦ ᠳᠡᠭᠡᠨ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠰᠢᠯᠭᠠᠨ ᠪᠠᠶᠢᠴᠠᠭᠠᠬᠤ  ᠲᠤᠷᠰᠢᠯᠳᠠ ᠶᠢᠨ  ᠬᠠᠶᠢᠷᠴᠠᠭ ᠲᠤ ᠭᠡᠷ ᠪᠦᠯᠢ ᠶᠢᠨ ᠲᠤᠷᠰᠢᠯᠲᠠ ᠶᠢᠨ ᠬᠠᠶᠢᠷᠴᠠᠭ ᠬᠡᠵᠦ ᠲᠦᠷ ᠪᠠᠶᠢᠬᠤ ᠥᠬᠡᠶ ᠪᠠᠶᠢᠬᠰᠠᠭᠠᠷ ᠬᠡᠪᠡ᠃             ᠪᠡᠭᠡᠵᠢᠩ ᠬᠤᠲᠠ ᠶᠢᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠲᠠ ᠶᠢᠨ ᠠᠷᠠᠳ ᠲᠤ  ᠂ ᠡᠲᠡᠭᠡᠷ  ᠵᠥᠪᠰᠢᠶᠡᠷᠡᠬᠦᠯᠦᠨ  ᠳᠠᠩᠰᠠᠯᠠᠭᠤᠯᠤᠭᠰᠠᠨ  ᠰᠢᠨ᠎ᠡ  ᠬᠡᠯᠪᠡᠷᠢ ᠶᠢᠨ  ᠲᠢᠲᠢᠮᠯᠢᠭ  ᠸᠢᠷᠦ᠋ᠰ ᠢ   ᠰᠢᠯᠭᠠᠨ   ᠪᠠᠶᠢᠴᠠᠭᠠᠬᠤ ᠲᠤᠷᠰᠢᠯᠲᠠ ᠶᠢᠨ  ᠬᠠᠶᠢᠷᠴᠠᠭ ᠢ  ᠴᠥᠮ  PCR  ᠲᠤᠷᠰᠢᠯᠲᠠ ᠶᠢᠨ  ᠲᠠᠰᠤᠭ  ᠵᠢᠴᠢ  ᠲᠤᠰᠬᠠᠶ  ᠲᠥᠬᠦᠭᠡᠷᠦᠮᠵᠢ   ᠪᠥᠬᠦᠶ ᠡᠮᠴᠢᠯᠡᠭᠡᠨ ᠤ ᠪᠠᠶᠢᠭᠤᠯᠤᠮᠵᠢ ᠰᠠᠶ᠋ᠢ ᠬᠡᠷᠡᠭᠯᠡᠵᠦ ᠰᠢᠯᠭᠠᠨ ᠪᠠᠶᠢᠴᠠᠭᠠᠯᠳᠠ ᠬᠢᠵᠦ  ᠪᠠᠶᠢᠳᠠᠭ  ᠂  ᠡᠩ ᠤᠨ  ᠬᠤᠲᠠ ᠶᠢᠨ  ᠠᠷᠠᠳ ᠬᠡᠷ ᠲᠡᠭᠡᠨ ᠥᠪᠡᠷ ᠢᠶᠠᠨ ᠬᠡᠷᠡᠭᠯᠡᠵᠦ ᠪᠣᠯᠬᠤ ᠥᠬᠡᠶ᠃ ᠣᠳᠣᠬᠠᠨ ᠳᠤ  ᠂  ᠰᠢᠨ᠎ᠡ  ᠬᠡᠯᠪᠡᠷᠢ ᠶᠢᠨ  ᠲᠢᠲᠢᠮᠯᠢᠭ  ᠸᠢᠷᠦ᠋ᠰ ᠤᠨ ᠠᠭᠤᠰᠬᠢᠨ  ᠦᠷᠪᠢᠰᠦᠯ ᠤᠨ  ᠬᠢᠵᠢᠭ ᠤᠨ  ᠪᠠᠶᠢᠳᠠᠯ  ᠮᠦᠨᠬᠦ   ᠵᠠᠩᠭᠢᠯᠠᠭ᠎ᠠ ᠶᠢᠨ   ᠰᠡᠷᠭᠡᠶᠢᠯᠡᠯᠳᠡ ᠶᠢᠨ   ᠬᠤᠭᠤᠴᠠᠭᠠᠨ ᠳᠤ ᠣᠷᠣᠰᠢᠬᠰᠠᠭᠠᠷ ᠪᠠᠶᠢᠨ᠎ᠠ᠂ ᠬᠤᠲᠠ ᠶᠢᠨ ᠠᠷᠠᠳ ᠤᠳ ︽ᠸᠢᠴᠠᠲ ᠢᠶᠠᠷ ᠶᠠᠭᠤᠮ᠎ᠠ ᠬᠤᠳᠠᠯᠳᠤᠵᠤ  ᠪᠠᠶᠢᠭ᠎ᠠ  ᠬᠤᠳᠠᠯᠳᠤᠭᠠᠴᠢᠨ︾ ᠤ ᠬᠤᠳᠠᠯ ᠬᠠᠭᠤᠷᠮᠠᠭ ᠤᠬᠠᠭᠤᠯᠭ᠎ᠠ ᠶᠢ ᠠᠮᠠᠷᠬᠠᠨ ᠢᠲᠡᠭᠡᠵᠦ ᠪᠣᠯᠬᠤ ᠥᠬᠡᠶ᠂  ᠬᠠᠮᠢᠶ᠎ᠠ  ᠪᠥᠬᠦᠶ  ᠡᠪᠡᠳᠴᠢᠨ ᠤ  ᠢᠯᠡᠷᠡᠯ ᠭᠠᠷᠪᠠᠯ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ ᠬᠡᠵᠦ ᠰᠠᠨᠠᠭᠤᠯᠪᠠ᠃                       ᠴᠡᠩᠭᠡᠭ ᠤᠰᠤᠨ ᠤ ᠵᠢᠭᠠᠰᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠬᠠᠯᠳᠠᠪᠤᠷᠢᠯᠠᠭᠤᠯᠵᠤ ᠮᠡᠳᠡᠨ᠎ᠡ ᠤᠤ ︖             ᠦᠨᠡᠨ ᠪᠠᠶᠢᠳᠠᠯ᠄ ᠬᠥᠬᠦᠲᠡᠨ ᠠᠮᠢᠳᠠᠨ ᠤ ᠸᠢᠷᠦ᠋ᠰ ᠤᠰᠤᠨ ᠤ ᠠᠮᠢᠲᠠᠨ ᠤ ᠪᠡᠶ᠎ᠡ ᠳᠣᠲᠣᠷ᠎ᠠ ᠦᠷᠡᠵᠢᠬᠦ ᠪᠣᠯᠤᠯᠴᠠᠭ᠎ᠠ ᠦᠭᠡᠢ      ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠭᠤᠤᠯ ᠬᠠᠯᠳᠠᠪᠤᠷᠢᠯᠠᠬᠤ ᠵᠠᠮ  ᠪᠤᠯ  ᠮᠥᠨ  ᠯᠡ  ᠠᠮᠢᠰᠬᠤᠯ ᠤᠨ ᠵᠠᠮ ᠤᠨ ᠰᠢᠯᠦᠰᠦ ᠴᠡᠷ ᠢᠶᠠᠷ ᠳᠡᠮᠵᠢᠨ ᠬᠠᠯᠳᠠᠪᠤᠷᠢᠯᠠᠬᠤ ᠪᠠ ᠬᠦᠷᠦᠯᠴᠡᠬᠦ ᠪᠠᠷ ᠲᠡᠮᠵᠢᠨ ᠬᠠᠯᠳᠠᠪᠤᠷᠢᠯᠠᠵᠤ  ᠪᠤᠢ  ᠂  ᠵᠢᠭᠠᠰᠤᠨ ᠤ ᠲᠥᠷᠥᠯ ᠳᠤ ᠬᠠᠯᠳᠠᠪᠤᠷᠢᠯᠠᠭᠳᠠᠬᠤ ᠲᠤᠬᠠᠢ ᠶᠠᠮᠠᠷ ᠴᠤ ᠭᠡᠷᠡᠴᠢ ᠪᠠᠷᠢᠮᠲᠠ ᠪᠠᠶᠢᠬᠤ ᠥᠬᠡᠶ  ᠪᠠᠶᠢᠬᠰᠠᠭᠠᠷ  ᠬᠡᠳᠡᠭ ᠢ  ᠣᠳᠣᠬᠠᠨ ᠤ ᠰᠤᠳᠤᠯᠭᠠᠨ ᠭᠡᠷᠡᠴᠢᠯᠡᠭᠰᠡᠨ ᠶᠤᠮ᠃ ᠡᠨᠡᠬᠦ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢᠶᠠᠷ ᠠᠪᠴᠤ ᠬᠡᠯᠡᠪᠡᠯ᠂ ᠵᠢᠭᠠᠰᠤ ᠪᠣᠯᠤᠨ ᠤᠰᠤ ᠨᠢ ᠪᠤᠰᠤᠳ ᠪᠣᠳᠠᠰ ᠤᠨ ᠭᠠᠳᠠᠷᠭᠤ ᠲᠠᠢ ᠠᠳᠠᠯᠢ᠂ ᠵᠥᠪᠬᠡᠨ ︿ᠲᠦᠷ ᠣᠷᠣᠰᠢᠵᠤ﹀ ᠮᠡᠳᠡᠬᠦ ᠭᠠᠵᠠᠷ ᠲᠡᠳᠦᠶ ᠶᠤᠮ︾ ᠬᠡᠵᠦ ᠾᠦᠢ ᠵᠧᠤ ᠬᠤᠲᠠ ᠶᠢᠨ ᠵᠢᠭᠠᠰᠤᠨ ᠠᠵᠤ ᠠᠬᠤᠶ ᠶᠢ ᠰᠤᠳᠤᠯᠤᠨ ᠳᠡᠯᠭᠡᠷᠡᠭᠦᠯᠬᠦ ᠲᠥᠪ ᠤᠨ ᠢᠨᠵᠧᠨᠧᠷ ᠯᠢ ᠴᠢᠩ  ᠶᠦᠩ ᠬᠡᠯᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号