ᠬᠢᠵᠢᠭ ᠲᠠᠢ ᠲᠡᠮᠡᠴᠡᠬᠦ ᠬᠤᠭᠤᠴᠠᠭᠠᠨ ᠳᠤ ᠶᠠᠭᠠᠬᠢᠵᠤ ᠢᠳᠡᠪᠠᠯ ᠠᠮᠤᠷ ᠲᠦᠪᠰᠢᠨ  ᠪᠠᠶᠢᠬᠤ︖
ᠨᠡᠶᠢᠲᠡᠯᠡᠭᠰᠡᠨ ᠴᠠᠭ᠄
2020/3/9
     ᠠᠰᠠᠭᠤᠯᠲᠠ᠄ ᠰᠢᠨ᠎ᠡ ᠲᠢᠲᠢᠮᠯᠢᠭ  ᠠᠭᠤᠰᠬᠢᠨ  ᠦᠷᠪᠢᠰᠦᠯ ᠤᠨ  ᠬᠢᠵᠢᠭ ᠤᠨ  ᠪᠠᠶᠢᠳᠠᠯ ᠢ  ᠰᠡᠷᠭᠡᠶᠢᠯᠡᠨ  ᠡᠵᠡᠮᠳᠠᠬᠦ ᠬᠤᠭᠤᠴᠠᠭᠠᠨ ᠳᠤ᠂ ᠬᠡᠷ ᠪᠦᠯᠢ ᠶᠢᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠪᠠ ᠬᠠᠳᠠᠭᠠᠯᠠᠬᠤ ᠳᠤ  ᠶᠠᠭᠤ ᠶᠢ  ᠠᠩᠬᠠᠷᠬᠤ ᠴᠢᠬᠤᠯᠠᠳᠠᠢ ᠪᠤᠢ︖                ᠬᠠᠷᠢᠭᠤᠯᠲᠠ᠄ 1. ᠵᠢᠩᠬᠢᠨᠢ ᠬᠠᠮ ᠳᠡᠯᠭᠡᠭᠦᠷ᠂ ᠨᠣᠭᠤᠭ᠎ᠠ ᠶᠢᠨ ᠳᠡᠯᠭᠡᠭᠦᠷ ᠵᠡᠷᠭᠡ ᠳᠤ ᠬᠦᠷᠴᠦ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠶᠢᠨ ᠬᠠᠮᠲᠤ ᠡᠷᠬᠡᠪᠰᠢ ᠬᠤᠪᠢ ᠬᠥᠮᠦᠨ ᠤ ᠬᠠᠮᠠᠭᠠᠯᠠᠯᠲᠠ ᠶᠢ  ᠰᠠᠶᠢᠲᠤᠷ  ᠬᠢᠬᠦ  ᠬᠡᠷᠡᠭᠲᠡᠶ᠃  ᠬᠡᠭᠡᠷ᠎ᠡ ᠶᠢᠨ ᠠᠮᠢᠲᠠᠨ ᠢ ᠬᠤᠳᠠᠯᠳᠤᠨ ᠠᠪᠬᠤ ᠪᠤᠶᠤ ᠢᠳᠡᠵᠦ ᠤᠬᠳᠤ ᠪᠣᠯᠬᠤ ᠦᠭᠡᠢ᠂ ᠠᠮᠢᠳᠤ  ᠮᠠᠯ  ᠵᠢᠭᠦᠷᠲᠡᠨ ᠢ  ᠥᠪᠡᠷ ᠢᠶᠠᠨ  ᠠᠯᠠᠵᠤ ᠨᠢᠳᠤᠯᠵᠤ ᠪᠣᠯᠬᠤ ᠦᠭᠡᠢ᠂ ᠢᠷᠡᠯᠲᠡ ᠨᠢ ᠲᠣᠳᠣᠷᠬᠠᠶ ᠪᠤᠰᠤ ᠮᠠᠯ ᠵᠢᠭᠦᠷᠲᠡᠨ ᠤ ᠮᠢᠬ᠎ᠠ ᠶᠢ ᠢᠳᠡᠵᠤ ᠪᠤᠯᠬᠤ ᠦᠭᠡᠢ᠃                 2. ᠢᠳᠡᠭᠡᠨ ᠢ ᠨᠦᠭᠡᠴᠡᠯᠡᠨ ᠬᠠᠳᠠᠭᠠᠯᠠᠬᠤ ᠦᠭᠡᠢ᠃  ᠠᠮᠠᠷᠬᠠᠨ  ᠢᠯᠵᠢᠷᠡᠬᠦ  ᠵᠢᠮᠢᠰ  ᠨᠣᠭᠤᠭ᠎ᠠ ᠶᠢ  ᠴᠢᠳᠠᠬᠤ ᠶᠢᠨ ᠬᠢᠷᠢ ᠪᠠᠷ ᠪᠠᠷᠢᠨ ᠬᠤᠳᠠᠯᠳᠤᠨ ᠠᠪᠴᠦ ᠪᠠᠷᠢᠨ ᠢᠳᠡᠨ᠎ᠡ᠃ ᠬᠠᠳᠠᠭᠠᠯᠠᠬᠤ ᠳᠤ ᠲᠡᠰᠪᠦᠷᠢᠲᠡᠶ ᠬᠥᠯᠳᠡᠭᠦᠤ ᠮᠢᠬᠠᠨ ᠤ  ᠦᠢᠯᠡᠳᠭᠦᠨ ᠪᠠ ᠢᠳᠡᠰᠢᠨ ᠨᠣᠭᠤᠭ᠎ᠠ ᠵᠡᠷᠭᠡ ᠶᠢ ᠵᠣᠬᠢᠬᠤ ᠬᠡᠮᠵᠢᠶ᠎ᠡ ᠪᠠᠷ ᠬᠠᠳᠠᠭᠠᠯᠠᠵᠤ ᠪᠣᠯᠤᠨ᠎ᠠ᠃                3. ᠬᠤᠭᠤᠴᠠᠭ᠎ᠠ ᠬᠡᠲᠦᠷᠡᠭᠰᠡᠨ ᠢᠳᠡᠭᠡᠨ ᠢ ᠢᠳᠡᠬᠦ ᠦᠭᠡᠢ᠃                4. ᠢᠳᠡᠭᠡᠨ ᠤ ᠮᠠᠲ᠋ᠧᠷᠢᠶᠠᠯ ᠰᠤᠩᠭᠤᠬᠤ ᠳᠠᠭᠠᠨ ᠮᠢᠬ᠎ᠠ ᠨᠤᠭᠤᠭ᠎ᠠ ᠶᠢ  ᠵᠤᠬᠢᠴᠠᠭᠤᠯᠬᠤ᠂  ᠪᠦᠳᠦᠭᠦᠯᠢᠭ  ᠨᠠᠷᠢᠯᠢᠭ ᠢ ᠳᠡᠩᠴᠡᠭᠦᠷᠢᠰᠢᠭᠦᠯᠬᠦ ᠶᠢ ᠠᠩᠬᠠᠷᠴᠦ᠂ ᠰᠢᠨ᠎ᠡ ᠰᠣᠷᠭᠤᠭ ᠵᠢᠮᠢᠰ ᠨᠣᠭᠤᠭ᠎ᠠ ᠶᠢ ᠢᠯᠡᠭᠦᠬᠡᠨ ᠢᠳᠡᠪᠠᠯ ᠰᠠᠶᠢᠨ᠃                ᠠᠰᠠᠭᠤᠯᠲᠠ᠄ ᠬᠤᠭᠤᠯᠠ ᠪᠡᠯᠡᠳᠭᠡᠬᠦ ᠳᠤ ᠶᠠᠭᠤ ᠶᠢ ᠠᠩᠬᠠᠷᠪᠠᠯ ᠵᠤᠬᠢᠬᠤ ᠪᠣᠢ︖                ᠬᠠᠷᠢᠭᠤᠯᠲᠠ᠄ 1. ᠢᠳᠡᠭᠡᠨ ᠢ ᠲᠦᠢᠯᠪᠤᠷᠢᠲᠠᠶ ᠴᠢᠨᠠᠵᠤ ᠪᠣᠯᠭᠤᠭᠠᠨ᠎ᠠ᠂ ᠦᠯᠡᠳᠡᠭᠰᠡᠨ ᠨᠣᠭᠤᠭ᠎ᠠ ᠪᠤᠳᠠᠭ᠎ᠠ ᠶᠢ ᠳᠠᠬᠢᠨ ᠢᠳᠡᠬᠦ ᠠᠴᠠ ᠡᠮᠦᠨ᠎ᠡ ᠳᠤᠤᠱᠳᠠᠢ ᠬᠠᠯᠠᠭᠤᠯᠤᠨ᠎ᠠ᠂ ᠠᠯᠢ ᠴᠢᠳᠠᠬᠤ ᠪᠠᠷ ᠬᠦᠢᠲᠡᠨ ᠵᠠᠭᠤᠰᠢ ᠢᠳᠡᠬᠦ ᠦᠭᠡᠢ᠃                2. ᠪᠡᠯᠡᠳᠭᠡᠭᠰᠡᠨ ᠢᠳᠡᠭᠡᠨ ᠢ ᠠᠯᠢ ᠲᠦᠷᠭᠡᠨ ᠢᠶᠠᠷ ᠢᠳᠡᠵᠤ ᠳᠠᠭᠤᠰᠬᠠᠨ᠂  ᠬᠡᠷᠪᠡ  ᠴᠠᠭ  ᠲᠤᠬᠠᠢ ᠳᠤᠨᠢ  ᠢᠳᠡᠵᠦ ᠳᠡᠶᠢᠯᠬᠦ ᠦᠭᠡᠢ ᠪᠣᠯ ᠪᠤᠯᠭᠤᠭᠰᠠᠨ ᠢᠳᠡᠭᠡᠨ ᠢ ᠭᠡᠷ ᠤᠨ  ᠬᠡᠪ ᠤᠨ  ᠳᠤᠯᠠᠭᠠᠨ  ᠳᠣᠣᠷ᠎ᠠ  ᠳᠠᠯᠪᠢᠬᠤ  ᠴᠠᠭ ᠢ  2  ᠴᠠᠭ ᠠᠴᠠ ᠬᠡᠲᠦᠷᠡᠭᠦᠯᠬᠦ ᠦᠭᠡᠢ᠃                3. ᠬᠤᠭᠤᠯᠠ ᠬᠢᠭᠦ ᠶᠠᠪᠤᠴᠠ ᠳᠤ ᠢᠷᠲᠦ ᠪᠠᠭᠠᠵᠢ᠂ ᠠᠮᠪᠠᠨ᠂ ᠰᠠᠪᠠ ᠵᠡᠷᠭᠡ ᠶᠢ ᠲᠦᠭᠦᠭᠡᠢ ᠪᠠ  ᠪᠣᠯᠭᠤᠭᠠᠭᠰᠠᠨ ᠢᠶᠠᠷ ᠰᠠᠯᠭᠠᠨ ᠬᠡᠷᠡᠭᠯᠡᠵᠤ᠂ ᠰᠣᠯᠪᠢᠴᠠᠨ ᠪᠣᠬᠢᠷᠲᠤᠬᠤ ᠠᠴᠠ ᠵᠠᠶᠢᠯᠠᠰᠬᠢᠨ᠎ᠡ᠃                4. ᠭᠠᠷ ᠢᠶᠠᠨ ᠦᠷᠭᠦᠯᠵᠢ ᠤᠬᠢᠶᠠᠨ᠎ᠠ᠃ ᠬᠤᠭᠤᠯᠠ ᠬᠢᠬᠦ ᠠᠴᠠ ᠡᠮᠦᠨ᠎ᠡ᠂ ᠬᠤᠭᠤᠯᠠ  ᠬᠢᠬᠦ  ᠶᠠᠪᠤᠴᠠ ᠳᠤ  ᠴᠡᠪᠡᠷ ᠪᠤᠰᠤ ᠡᠳ᠋ ᠪᠣᠳᠠᠰ ᠪᠤᠶᠤ ᠭᠠᠳᠠᠭᠠᠯᠠᠭᠰᠠᠨ ᠤ ᠳᠠᠷᠠᠭ᠎ᠠ᠂ ᠬᠤᠭᠤᠯᠠ ᠬᠢᠵᠦ ᠪᠠᠷᠠᠭᠰᠠᠨ ᠤ ᠳᠠᠷᠠᠭ᠎ᠠ  ᠪᠦᠷ  ᠤᠷᠤᠰᠤᠮᠠᠯ  ᠤᠰᠤ᠂ ᠭᠠᠷ ᠤᠬᠢᠶᠠᠬᠤ ᠰᠢᠩᠭᠡᠨ ᠡᠳ᠋ ︵ᠰᠠᠪᠤᠩ︶ ᠢ ᠬᠡᠷᠡᠭᠯᠡᠨ ᠭᠠᠷ ᠢᠶᠠᠨ ᠰᠠᠶᠢᠳᠤᠷ ᠤᠬᠢᠶᠠᠨ᠎ᠠ᠃                ᠠᠰᠠᠭᠤᠯᠳᠠ᠄ ᠬᠤᠭᠤᠯᠠᠨ ᠤ ᠰᠠᠪᠠ ᠬᠡᠷᠡᠭᠰᠡᠯ ᠢ ᠬᠡᠷᠬᠢᠨ ᠠᠷᠢᠭᠤᠳᠬᠠᠬᠤ ᠪᠣᠶ︖                 ᠬᠠᠷᠢᠭᠤᠯᠲᠠ᠄ ᠬᠤᠭᠤᠯᠠᠨ ᠤ  ᠬᠡᠷᠡᠭᠰᠡᠯ ᠢ  ᠠᠷᠢᠭᠤᠳᠬᠠᠬᠤ ᠳᠤ  ᠬᠠᠮᠤᠭ ᠤᠨ  ᠲᠤᠰᠠ ᠲᠠᠢ᠂  ᠬᠠᠮᠤᠭ ᠤᠨ  ᠠᠮᠤᠷ ᠲᠦᠪᠰᠢᠨ ᠠᠷᠭ᠎ᠠ ᠪᠣᠯ ᠬᠤᠭᠤᠯᠠᠨ ᠤ ᠬᠡᠷᠡᠭᠰᠡᠯ ᠢ ᠤᠬᠢᠶᠠᠵᠤ ᠴᠡᠪᠡᠷᠯᠡᠭᠰᠡᠨ ᠤ ᠳᠠᠷᠠᠭ᠎ᠠ᠂  ᠪᠤᠴᠠᠯᠤᠭᠰᠠᠨ  ᠤᠰᠤᠨ ᠳᠤ  ᠬᠢᠵᠦ 15 — 30 ᠮᠢᠨᠦ᠋ᠲ ᠪᠤᠴᠠᠯᠭᠠᠵᠤ ᠠᠷᠢᠭᠤᠳᠬᠠᠨ᠎ᠠ︔ ᠡᠰᠡᠬᠦᠯ᠎ᠡ ᠬᠤᠭᠤᠯᠠᠨ ᠤ  ᠬᠡᠷᠡᠭᠰᠡᠯ ᠢ  ᠤᠬᠢᠶᠠᠵᠤ  ᠴᠡᠪᠡᠷᠯᠡᠭᠰᠡᠨ ᠤ ᠳᠠᠷᠠᠭ᠎ᠠ 15 — 30 ᠮᠢᠨᠦ᠋ᠲ ᠵᠢᠩᠨᠡᠨ᠎ᠡ︔ ᠪᠠᠰᠠ ᠬᠤᠭᠤᠯᠠᠨ ᠤ ᠰᠠᠪᠠ ᠬᠡᠷᠡᠭᠰᠡᠯ ᠢ  ᠠᠷᠢᠭᠤᠳᠬᠠᠬᠤ ᠳᠤ  ᠲᠣᠬᠢᠷᠠᠮᠵᠢᠲᠠᠶ ᠬᠢᠮᠢ ᠶᠢᠨ ᠠᠷᠢᠭᠤᠳᠬᠠᠬᠤ ᠡᠳ᠋ ᠢ ᠬᠡᠷᠡᠭᠯᠡᠨ ᠲᠣᠳᠣᠷᠬᠠᠢᠢᠯᠠᠯᠲᠠ ᠶᠣᠰᠣᠭᠠᠷ ᠠᠷᠢᠭᠤᠳᠬᠠᠵᠤ ᠪᠣᠯᠤᠨ᠎ᠠ᠃                ᠠᠰᠠᠭᠤᠯᠲᠠ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠬᠤᠭᠤᠴᠠᠭᠠᠨ ᠳᠤ  ᠪᠢᠳᠡ  ᠢᠳᠡᠵᠤ  ᠤᠤᠭᠤᠬᠤ ᠪᠠᠨ ᠭᠡᠷᠬᠢᠨ ᠲᠤᠬᠢᠷᠠᠭᠤᠯᠪᠠᠯ ᠵᠤᠬᠢᠬᠤ︖                ᠬᠠᠷᠢᠭᠤᠯᠲᠠ᠄ ᠬᠤᠪᠢ ᠬᠥᠮᠦᠨ ᠤ ᠣᠨᠴᠠᠯᠢᠭ ᠢᠶᠠᠨ ᠦᠨᠳᠦᠰᠦᠯᠡᠨ ᠳᠤᠬᠢᠷᠠᠭᠤᠯᠵᠤ ᠢᠳᠡᠨ᠎ᠡ᠃ ᠮᠢᠬ᠎ᠠ ᠨᠤᠭᠤᠭ᠎ᠠ ᠶᠢ ᠵᠤᠬᠢᠴᠠᠭᠤᠯᠤᠨ᠂ ᠠᠮᠤ ᠪᠤᠷᠴᠠᠭ ᠢ ᠬᠤᠯᠢᠨ ᠢᠳᠡᠵᠤ᠂ ᠵᠢᠮᠢᠰ ᠨᠣᠭᠤᠭ᠎ᠠ ᠭᠦᠢᠴᠡᠳ ᠪᠠᠶᠢᠬᠤ ᠶᠢ ᠠᠩᠬᠠᠷᠴᠦ᠂ ᠲᠠᠷᠭᠤᠨ  ᠮᠢᠬ᠎ᠠ᠂ ᠰᠢᠷᠠᠭᠰᠠᠨ ᠪᠠ ᠳᠠᠪᠤᠰᠤᠯᠠᠭᠰᠠᠨ ᠮᠢᠬᠠᠨ ᠢᠳᠡᠭᠡᠨ ᠢ ᠳᠤᠳᠠᠭᠤ ᠢᠳᠡᠨ᠎ᠠ᠃ ᠢᠯᠡᠬᠦᠭᠡᠨ ᠤᠰᠤ ᠤᠤᠭᠤᠵᠤ᠂ ᠪᠡᠶ᠎ᠡ ᠮᠠᠬᠠᠪᠣᠳ ᠤᠨ ᠴᠠᠷᠤᠯᠳᠠ ᠶᠢᠨ ᠴᠢᠳᠠᠪᠤᠷᠢ ᠪᠠ ᠡᠪᠡᠳᠴᠢᠨ ᠤ ᠪᠠᠺᠲ᠋ᠧᠷᠢ ᠶᠢ ᠡᠰᠡᠷᠭᠦᠴᠡᠬᠦ ᠴᠢᠳᠠᠪᠤᠷᠢ ᠶᠢ ᠲᠡᠭᠡᠭᠰᠢᠯᠡᠬᠦᠯᠪᠠᠯ ᠵᠤᠬᠢᠨ᠎ᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号