ᠵᠤᠤ ᠶᠢᠨ ᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠷᠪᠠᠨ ᠶᠡᠭᠡ ︽ᠪᠡᠯᠡᠭ︾  ᠬᠠᠷᠢᠶ᠎ᠠ ᠣᠷᠣᠨ ᠤ ᠰᠠᠭᠤᠭᠠᠯᠢ ᠠᠷᠠᠳ ᠲᠤ  ᠦᠢᠯᠡᠴᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2020/4/15
     ᠨᠢᠭᠡ ᠳᠤ᠂ ᠤᠷᠤᠯᠠᠨ ᠬᠤᠳᠠᠯᠳᠤᠨ  ᠠᠪᠬᠤ ᠦᠢᠯᠡᠴᠢᠯᠡᠬᠡᠨ ᠤ ︽ᠪᠡᠯᠡᠭ︾᠃ ᠬᠡᠷ ᠲᠤᠨᠢ ᠬᠦᠷᠴᠦ ᠵᠢᠭᠰᠠᠭᠠᠨ ᠪᠠᠶᠢᠴᠠᠭᠠᠬᠤ ᠪᠠᠷ ᠳᠠᠮᠵᠢᠭᠤᠯᠤᠨ᠂ ᠬᠠᠷᠢᠶ᠎ᠠ ᠣᠷᠣᠨ ᠤ ᠳᠣᠲᠣᠷᠠᠬᠢ ᠣᠨᠴᠠᠭᠠᠶ ᠤᠯᠠᠨ ᠲᠦᠮᠡᠨ ᠤ ᠬᠡᠷ ᠪᠦᠯᠢ ᠶᠢᠨ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ ᠡᠵᠡᠮᠰᠢᠵᠦ᠂ ᠤᠷᠢᠳ ᠬᠤᠵᠢᠳ 14  ᠭᠤᠤᠯᠳᠠᠯᠭ᠎ᠠ ᠲᠠᠢ ᠮᠤᠵᠢ ᠬᠤᠲᠠ ᠠᠴᠠ ᠪᠤᠭᠤᠳᠤ ᠳᠤ ᠪᠤᠴᠠᠬᠰᠠᠨ ᠬᠦᠮᠦᠰ ᠲᠤ ᠠᠷᠤ ᠲᠠᠯ᠎ᠠ ᠶᠢᠨ  ᠦᠢᠯᠡᠴᠢᠯᠡᠬᠡᠨ ᠤ ᠪᠠᠳᠤᠯᠠᠭ᠎ᠠ ᠬᠠᠩᠭᠠᠵᠤ᠂ ᠲᠡᠳᠡᠨ ᠳᠤ ᠠᠮᠢᠳᠤᠷᠠᠯ ᠤᠨ ᠬᠡᠷᠡᠭᠰᠡᠯ᠂ ᠡᠮ ᠡᠮᠨᠡᠯᠭᠡ ᠶᠢᠨ ᠡᠳ᠋  ᠬᠡᠷᠡᠭᠰᠡᠯ ᠵᠡᠷᠭᠡ ᠶᠢ ᠵᠠᠭᠤ ᠭᠠᠷᠤᠶ ᠤᠳᠠᠭ᠎ᠠ ᠬᠤᠳᠠᠯᠳᠤᠨ ᠠᠪᠴᠤ ᠥᠭᠴᠡᠶ᠃ ᠬᠤᠶᠠᠷ ᠲᠤ᠂ ᠲᠦᠷᠭᠡᠨ ᠲᠠᠮᠵᠢᠭᠤᠯᠭ᠎ᠠ ᠶᠢᠨ ᠦᠢᠯᠡᠴᠢᠯᠡᠬᠡᠨ ᠤ ︽ᠪᠡᠯᠡᠭ︾᠃ ᠰᠠᠭᠤᠭᠠᠯᠢ ᠠᠷᠠᠳ ᠤᠨ ᠬᠤᠷᠢᠶ᠋ᠶᠠᠯᠠᠯ ᠤᠨ ᠠᠳᠠᠯ ᠠᠬᠤᠶ ᠶᠢᠨ  ᠬᠠᠮᠢᠶᠠᠷᠤᠯᠳᠠ᠂ ᠲᠦᠷᠭᠡᠨ ᠲᠠᠮᠵᠢᠭᠤᠯᠭ᠎ᠠ ᠶᠢᠨ ᠪᠤᠭᠤᠳᠠᠯ ᠢ ᠭᠥᠯᠢᠶᠡᠨ ᠠᠪᠬᠤ ᠴᠢᠭ᠋᠂  ᠦᠢᠯᠡᠳᠪᠦᠷᠢ ᠬᠤᠳᠠᠯᠳᠤᠭᠠᠨ ᠤ  ᠬᠤᠪᠢ ᠡᠷᠦᠬᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠠᠭᠤᠭᠠᠯᠢ ᠠᠷᠠᠳ ᠲᠤ ᠲᠦᠷᠭᠡᠨ ᠲᠡᠮᠵᠢᠭᠤᠯᠭ᠎ᠠ ᠶᠢᠨ ᠪᠣᠭᠤᠳᠠᠯ ᠢ ᠰᠦᠢᠳᠬᠡᠯ ᠬᠤᠷᠢᠶᠠᠬᠤ ᠥᠬᠡᠶ ᠪᠠᠷ  ᠬᠠᠳᠠᠭᠠᠯᠠᠨ ᠦᠭᠴᠦ᠂ ᠲᠦᠷᠭᠡᠨ ᠲᠡᠮᠵᠢᠭᠤᠯᠭ᠎ᠠ ᠶᠢᠨ ᠪᠤᠭᠤᠳᠠᠯ ᠢ ᠲᠠᠯᠪᠢᠬᠤ ᠪᠠ ᠢᠯᠡᠭᠡᠬᠦ ᠳᠤ ᠲᠥᠬᠦᠮ ᠦᠵᠡᠭᠦᠯᠵᠦ᠂ ᠬᠥᠮᠦᠰ ᠤᠨ ᠣᠷᠣᠵᠤ ᠭᠠᠷᠬᠤ ᠶᠢ ᠪᠠᠭᠠᠰᠬᠠᠵᠠᠢ᠃ ᠭᠤᠷᠪᠠ ᠳᠤ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠬᠡᠨ ᠤ ︽ᠪᠡᠯᠡᠭ︾᠃ ᠬᠠᠷᠢᠶ᠎ᠠ ᠣᠷᠣᠨ ᠤ ᠭᠠᠭᠴᠠᠭᠠᠷ ᠰᠠᠭᠤᠷᠢᠰᠢᠵᠤ ᠪᠠᠶᠢᠭ᠎ᠠ ᠨᠠᠰᠤᠲᠠᠨ᠂ ᠬᠡᠷ ᠲᠡᠭᠡᠨ ᠦᠯᠡᠳᠡᠭᠰᠡᠨ ᠨᠠᠰᠤᠳᠠᠨ᠂  ᠭᠠᠭᠴᠠ ᠬᠡᠦᠬᠡᠳ ᠢᠶᠠᠨ ᠠᠯᠳᠠᠭᠰᠠᠨ ᠭᠡᠷ ᠪᠦᠯᠢ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ  ᠬᠦᠷᠳᠡᠵᠤ ᠪᠠᠶᠢᠭ᠎ᠠ ᠡᠷᠦᠬᠡ ᠵᠡᠷᠭᠡ ᠬᠦᠴᠢᠷᠳᠡᠯᠲᠡᠶ ᠬᠦᠮᠦᠰ ᠤᠨ ᠡᠳᠦᠷ ᠲᠤᠲᠤᠮ ᠤᠨ ᠠᠮᠢᠳᠤᠷᠠᠯ ᠢ ᠭᠤᠤᠯᠳᠠᠯᠭ᠎ᠠ ᠲᠠᠢ ᠠᠩᠬᠠᠷᠴᠤ᠂ ᠶᠠᠳᠠᠭᠤ ᠬᠦᠴᠢᠷᠳᠡᠯᠲᠡᠶ 69 ᠡᠷᠦᠬᠡ ᠳᠤ ᠠᠮᠠᠪᠴᠢ᠂ ᠠᠷᠢᠭᠤᠳᠬᠠᠬᠤ ᠰᠢᠩᠭᠡᠨ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠢ ᠬᠦᠷᠭᠡᠵᠦ  ᠦᠭᠴᠡᠢ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号