ᠪᠤᠷᠬᠠᠨᠲᠤ  ᠪᠠᠯᠭᠠᠰᠤ  ᠬᠤᠶᠠᠷ ᠲᠠᠯ᠎ᠠ ᠶᠢ ᠵᠡᠷᠭᠡ ᠪᠠᠷ  ᠴᠢᠩᠭᠠᠳᠬᠠᠵᠤ ᠬᠠᠪᠤᠷ ᠤᠨ ᠲᠠᠷᠢᠶᠠᠯᠠᠭ᠎ᠠ ᠶᠢ  ᠲᠡᠮᠵᠢᠵᠤ ᠪᠤᠢ
ᠨᠡᠶᠢᠲᠡᠯᠡᠭᠰᠡᠨ ᠴᠠᠭ᠄
2020/4/16
       ᠨᠢᠭᠡ ᠳᠤ ᠡᠰᠢ ᠰᠦᠷᠡᠯ ᠢ ᠰᠢᠲᠠᠭᠠᠬᠤ ᠶᠢ ᠴᠡᠭᠴᠡᠯᠡᠨ ᠵᠠᠰᠠᠪᠠ᠃ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠵᠤ᠂ ᠭᠠᠳᠠᠭ᠎ᠠ ᠢᠯᠡ ᠪᠠᠷ ᠰᠢᠳᠠᠭᠠᠬᠤ ᠶᠢ ᠴᠠᠭᠠᠵᠠᠯᠠᠬᠤ ᠠᠵᠢᠯ ᠤᠨ ᠲᠣᠭᠲᠠᠴᠠ ᠶᠢ ᠪᠠᠶᠢᠭᠤᠯᠤᠨ  ᠲᠡᠬᠦᠯᠳᠡᠷᠵᠢᠬᠦᠯᠪᠡ᠃ ᠱᠠᠯᠠᠪᠳᠠᠭᠤᠯᠤᠨ ᠵᠢᠯᠣᠭᠤᠳᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠡᠰᠢ  ᠰᠦᠷᠠᠯ ᠢ ᠭᠠᠳᠠᠭ᠎ᠠ ᠢᠯᠡ   ᠪᠠᠷ ᠰᠢᠲᠠᠭᠠᠬᠤ ᠶᠢ ᠴᠠᠭᠠᠵᠠᠯᠠᠵᠤ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ  ᠰᠢᠢᠳᠪᠦᠷᠢᠯᠡᠬᠦ  ᠪᠠ ᠪᠠᠶᠢᠴᠠᠭᠠᠨ ᠰᠢᠢᠳᠪᠦᠷᠢᠯᠡᠬᠦ ᠳᠦᠷᠢᠮ ᠢ ᠪᠠᠶᠢᠭᠤᠯᠤᠨ᠂ ᠡᠭᠦᠷᠭᠡ ᠶᠢ ᠲᠣᠰᠬᠤᠨ ᠳᠤ ᠬᠦᠷᠲᠡᠯ᠎ᠡ ᠨᠠᠷᠢᠯᠢᠭᠵᠢᠭᠤᠯᠤᠨ᠂ ᠲᠠᠷᠢᠶᠠᠨ ᠭᠠᠵᠠᠷ ᠬᠦᠷᠲᠡᠯ᠎ᠡ ᠨᠠᠶᠢᠳᠠᠪᠦᠷᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ  ᠨᠠᠶᠢᠳᠠᠪᠤᠷᠢᠵᠢᠭᠤᠯᠤᠬᠰᠠᠨ ᠪᠠᠶᠢᠨ᠎ᠠ᠃ ᠭᠠᠴᠠᠭᠠᠨ ᠤ ᠠᠷᠠᠳ ᠤᠨ  ᠦᠪᠡᠷ ᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠡᠯ᠎ᠡ ᠭᠠᠴᠠᠭᠠᠨ ᠳᠤ  ᠭᠠᠳᠠᠭ᠎ᠠ ᠢᠯᠡ ᠪᠠᠷ  ᠰᠢᠳᠠᠭᠠᠬᠤ ᠶᠢ ᠴᠠᠭᠠᠵᠠᠯᠠᠬᠤ ᠵᠠᠷᠯᠠᠯ 16 ᠬᠤᠪᠢ ᠨᠠᠭᠠᠵᠤ᠂ ︽ᠭᠠᠴᠠᠭᠠᠨ ᠤ ᠠᠷᠠᠳ ᠲᠤ ᠥᠭᠭᠦᠭᠰᠡᠨ ᠵᠠᠬᠢᠳᠠᠯ︾᠂ ᠤᠬᠠᠭᠤᠯᠭ᠎ᠠ ᠶᠢᠨ ᠤᠷᠢᠶ᠎ᠠ ᠪᠢᠴᠢᠬᠡᠰᠦ ᠶᠢ 400 ᠭᠠᠷᠤᠢ ᠬᠤᠪᠢ ᠲᠠᠷᠬᠠᠭᠠᠪᠠ᠃ ᠡᠭᠦᠨ ᠤ ᠬᠠᠮᠲᠤ᠂ ᠬᠤᠯᠪᠣᠭᠳᠠᠯ ᠪᠥᠬᠦᠶ ᠲᠣᠰᠬᠤᠨ ᠤ ᠲᠦᠷᠢᠮ ᠠᠷᠠᠳ ᠤᠨ ᠭᠡᠷ᠎ᠡ ᠶᠢ ᠵᠣᠬᠢᠶᠠᠨ ᠪᠠᠶᠢᠭᠤᠯᠤᠨ  ᠲᠤᠬᠳᠠᠭᠠᠵᠤ᠂ ᠡᠰᠢ ᠰᠦᠷᠡᠯ ᠢ ᠢᠯᠡ ᠪᠠᠷ ᠰᠢᠲᠠᠭᠠᠬᠤ ᠶᠢ ᠴᠠᠭᠠᠵᠠᠯᠠᠭᠰᠠᠨ ᠪᠠᠶᠢᠳᠠᠯ ᠢ ᠪᠣᠯᠪᠠᠰᠤᠨ ᠬᠥᠳᠡᠭᠡ  ᠲᠤᠰᠬᠤᠨ ᠢ ᠡᠭᠦᠳᠦᠨ ᠪᠠᠶᠢᠭᠤᠯᠬᠤ ᠴᠢᠬᠤᠯᠠ ᠠᠭᠤᠯᠭ᠎ᠠ ᠪᠣᠯᠭᠠᠵᠤ᠂ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ᠂  ᠲᠤᠰᠬᠠᠢ ᠬᠥᠮᠦᠨ ᠬᠢᠨᠠᠨ ᠬᠠᠮᠢᠶᠠᠷᠬᠤ᠂ ᠴᠡᠭ ᠲᠣᠭᠲᠠᠭᠠᠨ ᠲᠣᠭᠤᠷᠢᠨ ᠪᠠᠶᠢᠴᠠᠭᠠᠬᠤ ᠶᠢ ᠬᠡᠷᠡᠭᠵᠢᠭᠦᠯᠵᠦ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠬᠤ ᠬᠡᠷᠡᠭᠲᠡᠶ᠃ ᠬᠤᠶᠠᠷ ᠲᠤ ᠮᠧᠬᠠᠨᠢᠭ ᠢᠶᠠᠷ ᠪᠣᠭᠤᠳᠠᠯᠯᠠᠵᠤ ᠳᠠᠬᠢᠨ ᠠᠰᠢᠬᠯᠠᠪᠠ᠃ ᠡᠰᠢ ᠰᠦᠷᠡᠯ ᠤᠨ ᠶᠡᠷᠦᠩᠬᠡᠶᠢᠯᠡᠭᠰᠡᠨ ᠬᠡᠰᠡᠭᠯᠡᠬᠦ ᠮᠠᠰᠢᠨ ᠢ ᠠᠰᠢᠭᠯᠠᠨ᠂ ᠪᠦᠬᠦ ᠪᠠᠯᠭᠠᠰᠤᠨ ᠤ ᠨᠢᠭᠡ ᠲᠦᠮᠡᠨ ᠮᠦ ᠡᠷᠳᠡᠨᠢ ᠰᠢᠰᠢ ᠶᠢᠨ ᠲᠠᠷᠢᠶᠠᠨ ᠭᠠᠵᠠᠷ ᠤᠨ ᠦᠯᠡᠳᠡᠭᠳᠡᠯ  ᠭᠤᠤᠷᠰᠤ   ᠶᠢ ᠬᠡᠰᠡᠭᠯᠡᠵᠦ᠂ ᠣᠳᠣᠬᠠᠨ ᠳᠤ ᠡᠰᠢ ᠰᠦᠷᠡᠯ ᠢ ᠡᠭᠡᠭᠦᠯᠦᠨ ᠬᠤᠷᠢᠶᠠᠬᠤ ᠠᠵᠢᠯ ᠨᠢᠭᠡᠨᠲᠡ 8000 ᠮᠦ ᠪᠣᠯᠪᠠ᠃ ᠡᠭᠡᠭᠦᠯᠦᠨ ᠬᠤᠷᠢᠶᠠᠭᠰᠠᠨ ᠤ ᠳᠠᠷᠠᠭᠠᠬᠢ ᠡᠰᠢ ᠰᠦᠷᠡᠯ ᠢ  ᠪᠤᠷᠳᠤᠭ᠎ᠠ ᠪᠤᠯᠭᠠᠬᠤ᠂ ᠰᠠᠭᠤᠷᠢ  ᠪᠤᠷᠳᠤᠭᠤᠷ ᠪᠤᠯᠭᠠᠬᠤ᠂ ᠲᠦᠭᠦᠬᠡᠶ  ᠮᠠᠲ᠋ᠧᠷᠢᠶᠠᠯ ᠪᠤᠯᠭᠠᠬᠤ᠂  ᠲᠦᠯᠡᠰᠢ ᠪᠤᠯᠭᠠᠬᠤ  ᠵᠡᠷᠬᠡ ︽ ᠲᠠᠪᠤ  ᠪᠤᠯᠭᠠᠬᠤ︾ ᠠᠷᠭ᠎ᠠ ᠪᠠᠷ ᠠᠰᠢᠬᠯᠠᠵᠤ ᠂ ᠡᠰᠢ ᠰᠦᠷᠠᠯ ᠢ ᠲᠠᠷᠢᠶᠠᠨ ᠭᠠᠵᠠᠷ ᠲᠤ ᠪᠤᠴᠠᠭᠠᠬᠤ ᠰᠠᠭᠤᠷᠢᠨ ᠳᠡᠭᠡᠷ᠎ᠡ᠂ ᠡᠰᠢ  ᠰᠦᠷᠡᠯ ᠢ ᠴᠤᠭᠯᠠᠭᠤᠯᠬᠤ ᠬᠢᠭᠡᠳ ᠡᠰᠢ  ᠰᠦᠷᠠᠯ ᠢᠶᠠᠷ ᠮᠠᠯ ᠲᠡᠵᠢᠭᠡᠬᠦ᠂ ᠡᠰᠢ ᠰᠦᠷᠡᠯ ᠤᠨ ᠰᠢᠨ᠎ᠡ ᠡᠨᠧᠷᠭᠢ ᠶᠢ ᠨᠡᠭᠡᠭᠡᠬᠦ᠂ ᠡᠰᠢ ᠰᠦᠷᠡᠯ ᠢ ᠠᠵᠤ  ᠦᠢᠯᠡᠳᠪᠦᠷᠢ ᠳᠤ ᠡᠳ᠋ᠰᠢᠬᠦᠯᠬᠦ᠂ ᠡᠰᠢ ᠰᠦᠷᠠᠯ ᠤᠨ ᠢᠳᠡᠭᠡᠨ ᠤ ᠪᠠᠺᠲ᠋ᠧᠷᠢ ᠵᠡᠷᠭᠡ ᠠᠰᠢᠭᠯᠠᠬᠤ ᠠᠷᠭ᠎ᠠ ᠮᠠᠶ᠋ᠢᠭ ᠢ ᠬᠠᠷᠢᠯᠴᠠᠨ ᠤᠶᠠᠯᠳᠤᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠯᠠᠪᠳᠠᠭᠤᠨ ᠢᠶᠠᠷ ᠲᠡᠭᠡᠭᠰᠢᠯᠡᠬᠦᠯᠵᠤ ᠪᠤᠢ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号