ᠬᠠᠳᠤᠨ ᠭᠤᠤᠯ ᠪᠠᠷᠠᠭᠤᠨ ᠵᠠᠮ  ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠣᠷᠴᠢᠨ ᠲᠣᠭᠤᠷᠢᠨ  ᠢ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ  ᠨᠠᠮᠠᠷᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2020/4/17
       ᠨᠢᠭᠡ ᠳᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠠᠷᠠᠳ ᠢ ᠳᠠᠶᠢᠴᠢᠯᠠᠨ  ᠤᠷᠤᠯᠴᠠᠭᠤᠯᠪᠠ᠃ ᠡᠯ᠎ᠡ ᠬᠤᠷᠢᠶᠠᠯᠠᠯ ᠤᠨ ᠬᠢᠨ ᠠᠳᠠᠯ ᠠᠬᠤᠢ ᠶᠢᠨ ᠬᠠᠮᠢᠶᠠᠷᠤᠯᠳᠠ ᠶᠢᠨ ᠺᠣᠮᠫᠠᠨᠢ ᠲᠠᠢ ᠬᠠᠮᠳᠤᠷᠠᠨ LED ᠳᠡᠯᠭᠡᠴᠡ ᠶᠢ ᠠᠰᠢᠭᠯᠠ ᠡᠷᠡᠬᠦᠯ ᠬᠠᠮᠠᠭᠠᠯᠠᠯ ᠤᠨ ᠪᠤᠯᠪᠠᠰᠤᠨ ᠬᠤᠳᠠ ᠶᠢ ᠡᠭᠦᠳᠬᠦ ᠤᠷᠢᠶ᠎ᠠ ᠯᠣᠽᠦ᠋ᠩ ᠢ ᠨᠡᠪᠲᠡᠷᠡᠭᠦᠯᠵᠦ᠂ ᠬᠠᠷᠢᠶ᠎ᠠ ᠣᠷᠣᠨ ᠤ ᠬᠥᠮᠦᠨ ᠠᠮᠠ ᠨᠢᠭᠲᠠᠷᠠᠭᠰᠠᠨ ᠭᠠᠵᠠᠷ ᠤᠷᠤᠨ ᠳᠤ ᠪᠢᠴᠢᠭᠡᠰᠦ ᠡᠯᠭᠦᠬᠦ᠂ ᠠᠯᠪᠠᠨ ᠵᠠᠷ ᠨᠠᠭᠠᠬᠤ᠂ ᠷᠠᠳᠢᠣ᠋ ᠨᠡᠪᠲᠡᠷᠡᠭᠦᠯᠭᠡ᠂ ᠵᠢᠷᠬᠢᠶ᠎ᠡ ᠴᠤᠬᠯᠠᠷᠠᠯ ᠢᠶᠠᠷ ᠲᠡᠮᠵᠢᠭᠤᠯᠬᠤ ᠵᠡᠷᠬᠡ ᠠᠷᠭ᠎ᠠ ᠮᠠᠶ᠋ᠢᠭ ᠢᠶᠠᠷ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢᠨ ᠴᠢᠬᠤᠯᠠ ᠴᠢᠨᠠᠷ ᠢ ᠥᠷᠭᠡᠨ ᠢᠶᠠᠷ ᠤᠬᠠᠭᠤᠯᠵᠤ ᠂ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠬᠤᠭ ᠨᠣᠪᠰᠢ ᠶᠢ ᠴᠡᠪᠡᠷᠯᠡᠬᠦᠯᠵᠤ᠂  ᠬᠡᠷ ᠬᠤᠷᠢᠶ᠋ᠶᠠᠯᠠᠯ ᠤᠨ ᠣᠷᠴᠢᠨ ᠲᠣᠭᠤᠷᠢᠨ ᠢ ᠬᠠᠮᠠᠭᠠᠯᠠᠵᠠᠢ᠃ ᠬᠤᠶᠠᠷ ᠲᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ  ᠪᠤᠯᠭᠠᠵᠠᠢ᠃ ᠡᠯ᠎ᠡ  ᠬᠡᠷ ᠬᠤᠷᠢᠶᠠᠯᠠᠯ ᠤᠨ ᠬᠢᠨ ᠰᠠᠶᠢᠨ ᠳᠤᠷᠠᠴᠤᠳ ᠂ ᠨᠠᠮ ᠤᠨ ᠭᠡᠰᠢᠭᠦᠨ ᠺᠠᠳ᠋ᠷ᠂ ᠠᠳᠠᠯ ᠠᠬᠤᠶ ᠶᠢᠨ ᠬᠠᠮᠢᠶᠠᠷᠤᠯᠳᠠ ᠵᠢᠴᠢ ᠤᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠳᠠᠶᠢᠴᠢᠯᠠᠵᠤ᠂ ᠲᠤᠰᠬᠠᠶ ᠬᠥᠮᠦᠨ ᠢ ᠵᠣᠬᠢᠶᠠᠨ ᠪᠠᠶᠢᠭᠤᠯᠤᠨ᠂ ᠭᠡᠷ ᠤᠨ ᠠᠷᠤ ᠦᠪᠦᠷ ᠲᠠᠯ᠎ᠠ ᠵᠢᠴᠢ ᠵᠠᠮ ᠤᠨ ᠠᠷᠢᠭᠤᠨ ᠴᠡᠪᠡᠷ ᠢ ᠪᠠᠳᠤᠯᠠᠬᠤ ᠶᠢᠨ ᠬᠠᠮᠲᠤ᠂ ᠣᠯᠠᠨ ᠨᠡᠶᠢᠲᠡ ᠶᠢᠨ ᠲᠠᠯᠠᠪᠤᠷ ᠭᠠᠵᠠᠷ᠂ ᠬᠤᠭ ᠨᠣᠪᠰᠢ ᠴᠢᠳᠬᠤᠬᠤ ᠴᠡᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠡᠪᠡᠷᠯᠡᠨ ᠴᠡᠭᠴᠡᠯᠡᠵᠤ᠂ ᠤᠷᠢᠳᠠᠪᠠᠷ ᠬᠢᠯᠪᠠᠷ ᠢ ᠨᠢ᠂ ᠳᠠᠷᠠᠭ᠎ᠠ ᠨᠢ ᠬᠦᠴᠢᠷ ᠲᠠᠢ ᠶᠢ ᠨᠢ᠂ ᠭᠤᠤᠯᠳᠠᠯᠭ᠎ᠠ ᠲᠠᠢ ᠰᠢᠪᠲᠤᠯᠤᠯᠲᠠ ᠬᠢᠬᠦ᠂ ᠠᠯᠬᠤᠮ ᠬᠤᠪᠢᠶᠠᠨ ᠠᠬᠢᠭᠤᠯᠬᠤ ᠠᠵᠢᠯ ᠤᠨ ᠰᠡᠳᠬᠢᠮᠵᠢ ᠶᠣᠰᠣᠭᠠᠷ᠂ ᠬᠠᠮᠢᠶᠠᠷᠬᠤ ᠬᠦᠮᠦᠨ ᠦᠬᠡᠢ ᠭᠠᠵᠠᠷ ᠪᠠᠶᠢᠯᠭᠠᠬᠤ  ᠦᠭᠡᠶ᠂ ᠥᠨᠴᠥᠭ ᠪᠤᠯᠤᠩ ᠦᠯᠡᠳᠡᠭᠡᠬᠦ ᠦᠭᠡᠶ  ᠪᠠᠶᠢᠬᠤ ᠶᠢ ᠪᠠᠳᠤᠯᠠᠵᠤ᠂ ᠣᠯᠠᠨ ᠲᠦᠮᠡᠨ ᠤ ᠡᠷᠡᠭᠦᠯ ᠮᠡᠨᠳᠦ ᠪᠠ ᠠᠮᠤᠷ ᠲᠦᠪᠰᠢᠨ ᠢ ᠬᠠᠮᠠᠭᠠᠯᠠᠵᠠᠢ᠃ ᠭᠤᠷᠪᠠ ᠳᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠦᠷ᠎ᠡ ᠪᠦᠳᠦᠮᠵᠢ ᠶᠢ ᠪᠠᠬᠢᠵᠢᠭᠦᠯᠦᠨ ᠲᠡᠭᠡᠭᠰᠢᠯᠡᠬᠦᠯᠪᠡ᠃ ᠠᠵᠢᠯᠲᠠᠳ ᠠᠴᠠ ᠲᠣᠭᠤᠷᠢᠭ ᠬᠤᠪᠢᠶᠠᠨ ᠬᠡᠰᠡᠭ ᠬᠤᠪᠢᠶᠠᠵᠤ ᠡᠯ᠎ᠡ ᠬᠡᠷ ᠬᠤᠷᠢᠶᠠᠯᠠᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠭᠰᠠᠨ ᠪᠠᠶᠢᠳᠠᠯ ᠢ ᠡᠳᠦᠷ ᠪᠦᠷᠢ ᠲᠣᠭᠤᠷᠢᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠬᠠᠷᠢᠭᠤ ᠲᠤᠰᠬᠠᠬᠤ ᠶᠢᠨ ᠬᠠᠮᠲᠤ ᠬᠡᠷ ᠬᠤᠷᠢᠶᠠᠯᠠᠯ ᠤᠨ ᠴᠡᠪᠡᠷᠯᠡᠨ ᠴᠡᠭᠴᠡᠯᠡᠬᠦ ᠠᠵᠢᠯ ᠢ ᠵᠣᠬᠢᠶᠠᠨ  ᠪᠠᠶᠢᠭᠤᠯᠬᠤ ᠶᠢ ᠱᠠᠯᠠᠪᠳᠠᠭᠤᠯᠵᠤ᠂ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠳᠤᠯᠠᠪᠠ᠃ ᠳᠥᠷᠪᠡ ᠳᠤ᠂ ᠬᠢᠵᠢᠭ ᠢ ᠰᠡᠷᠭᠡᠶᠢᠯᠡᠬᠦ ᠭᠤᠤᠯᠳᠠᠯᠭ᠎ᠠ ᠶᠢ ᠳᠣᠪᠤᠶᠢᠯᠭᠠᠵᠤ᠂ ᠡᠷᠡᠭᠦᠯ ᠬᠠᠮᠠᠭᠠᠯᠠᠯ ᠤᠨ ᠪᠠᠶᠢᠩᠭᠤᠵᠢᠬᠰᠠᠨ ᠬᠠᠮᠢᠶᠠᠷᠤᠯᠲᠠ ᠶᠢᠨ ᠳᠦᠷᠢᠮ ᠢ ᠪᠤᠢ ᠪᠤᠯᠭᠠᠵᠠᠢ᠃ ᠡᠯ᠎ᠡ ᠬᠡᠷ ᠬᠤᠷᠢᠶᠠᠯᠠᠯ ᠣᠳᠣᠬᠠᠨ ᠳᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠤᠤᠯᠳᠠᠯᠭ᠎ᠠ ᠲᠠᠢ ᠠᠵᠢᠯ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠢ ᠤᠶᠠᠯᠳᠤᠭᠤᠯᠤᠨ᠂  ᠲᠤᠤᠷᠵᠢᠭᠤᠯᠤᠬᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠰᠡᠭ ᠬᠤᠪᠢᠶᠠᠨ ᠬᠢᠨᠠᠨ ᠵᠢᠯᠣᠭᠤᠳᠬᠤ ᠶᠢ ᠬᠡᠷᠡᠭᠵᠢᠬᠦᠯᠵᠤ᠂ ᠡᠳᠦᠷ ᠤᠨ  ᠭᠠᠷᠭᠠᠬᠰᠠᠨ ᠬᠤᠭ ᠨᠤᠪᠰᠢ ᠶᠢ ᠡᠳᠦᠷ ᠲᠤᠨᠢ  ᠴᠡᠪᠡᠷᠯᠡᠨ ᠰᠢᠢᠳᠪᠦᠷᠢᠯᠡᠬᠦ ᠶᠢ ᠪᠠᠲᠤᠯᠠᠵᠤ᠂ ︽ᠪᠤᠵᠠᠷ᠂  ᠰᠠᠮᠠᠭᠤᠷᠠᠬᠰᠠᠨ᠂ ᠮᠠᠭᠤ︾  ᠪᠠᠶᠢᠳᠠᠯ ᠢ ᠣᠯᠵᠤ ᠮᠡᠳᠡᠪᠡᠯ ᠳᠠᠷᠦ᠋ᠢᠬᠠᠨ  ᠰᠢᠢᠳᠪᠦᠷᠢᠯᠡᠵᠤ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠪᠠᠶᠢᠩᠭᠤᠵᠢᠬᠰᠠᠨ ᠬᠠᠮᠢᠶᠠᠷᠤᠯᠳᠠ ᠶᠢᠨ ᠳᠦᠷᠢᠮ ᠢ ᠪᠣᠶ ᠪᠤᠯᠭᠠᠵᠠᠢ᠃ ᠣᠳᠣᠬᠠᠨ ᠪᠣᠯᠲᠠᠯ᠎ᠠ᠂ ᠡᠯ᠎ᠡ ᠬᠡᠷ ᠬᠤᠷᠢᠶᠠᠯᠠᠯ ᠨᠡᠶᠢᠲᠡ 400 ᠭᠠᠷᠤᠶ ᠬᠥᠮᠦᠨ ᠢ ᠵᠣᠬᠢᠶᠠᠨ ᠪᠠᠶᠢᠭᠤᠯᠵᠤ᠂ 30 ᠭᠠᠷᠤᠢ ᠲᠡᠷᠭᠡ ᠶᠢ  ᠬᠦᠳᠡᠯᠬᠡᠵᠤ᠂ ᠬᠡᠷ ᠬᠤᠷᠢᠶᠠᠯᠠᠯ ᠤᠨ ᠠᠷᠢᠭᠤᠨ ᠴᠡᠪᠡᠷ ᠢ ᠴᠡᠪᠡᠷᠯᠡᠵᠦ᠂ ᠨᠡᠶᠢᠲᠡ 200 ᠭᠠᠷᠤᠶ ᠲᠣᠨ ᠬᠤᠭ ᠨᠣᠪᠰᠢ ᠶᠢ ᠴᠡᠪᠡᠷᠯᠡᠵᠦ᠂ ᠮᠥᠰᠥ  ᠴᠠᠰᠤ ᠬᠤᠷᠠᠭᠰᠠᠨ158 ᠭᠠᠵᠠᠷ ᠢ  ᠴᠡᠪᠡᠷᠯᠡᠵᠤ᠂ 1000 ᠺᠢᠯᠣᠭ᠍ᠷᠠᠮ ᠤᠨ ᠠᠷᠢᠭᠤᠳᠬᠠᠬᠤ ᠰᠢᠩᠭᠡᠨ᠂ ᠰᠫᠢᠷᠲ ᠰᠦᠷᠴᠢᠵᠦ᠂ ᠬᠤᠷᠢᠶᠠᠯᠠᠯ᠂ ᠠᠰᠠᠷ ᠤᠨ ᠬᠤᠩᠬᠢᠯ  ᠪᠠᠷᠤᠭ 10 ᠲᠦᠮᠡᠨ ᠲᠡᠭᠰᠢ ᠳᠥᠷᠪᠡᠯᠵᠢᠨ ᠮᠧᠲᠷ ᠰᠢᠬᠠᠮ ᠢ ᠠᠷᠢᠭᠤᠳᠬᠠᠵᠠᠢ᠃ ᠡᠯ᠎ᠡ ᠬᠡᠷ ᠬᠤᠷᠢᠶᠠᠯᠠᠯ ᠲᠤᠰ ᠤᠳᠠᠭᠠᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠪᠠᠷ ᠲᠡᠮᠵᠢᠨ᠂ ᠬᠢᠵᠢᠭ ᠤᠨ ᠪᠠᠶᠢᠳᠠᠯ ᠤᠨ ᠳᠠᠯᠳᠠ ᠡᠬᠢ ᠶᠢ ᠬᠠᠮᠤᠭ ᠤᠨ ᠶᠡᠭᠡ ᠬᠡᠮᠵᠢᠶ᠎ᠡ ᠪᠠᠷ ᠲᠠᠰᠤᠯᠵᠤ᠂ ᠸᠢᠷᠦ᠋ᠰ ᠡᠭᠦᠰᠬᠦ ᠭᠠᠵᠠᠷ ᠢ ᠪᠠᠭᠠᠰᠬᠠᠵᠠᠶ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号