ᠨᠢᠭᠡ ᠳᠤ᠂ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠪᠡ᠃ ᠵᠡᠭᠡᠯᠢ | ᠭᠤᠳᠤᠮᠵᠢ ᠶᠢᠨ ᠵᠢᠷᠬᠢᠶ᠎ᠠ ᠣᠯᠠᠨ ᠨᠡᠶᠢᠲᠡ ᠶᠢᠨ ᠲᠠᠪᠴᠠᠩ᠂ ᠬᠡᠷ ᠬᠤᠷᠢᠶᠠᠯᠠᠯ ᠤᠨ ᠵᠢᠷᠬᠢᠶ᠎ᠠ ᠴᠤᠬᠯᠠᠷᠠᠯ ᠵᠡᠷᠭᠡ | ᠮᠡᠳᠡᠭᠡ ᠵᠠᠩᠭᠢ ᠶᠢᠨ ᠲᠠᠪᠴᠠᠩ ᠢ ᠠᠰᠢᠭᠯᠠᠨ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ | ᠮᠡᠳᠡᠯᠭᠡ ᠶᠢ ᠦᠷᠭᠦᠯᠵᠢᠯᠡᠨ ᠨᠡᠶᠢᠲᠡᠯᠡᠵᠦ᠂ ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ ᠤᠨ ᠦᠵᠡᠯ ᠤᠬᠠᠮᠰᠠᠷ᠂ | ᠪᠣᠯᠪᠠᠰᠤᠨ ᠤ ᠦᠵᠡᠯ ᠤᠬᠠᠮᠰᠠᠷ᠂ ᠰᠠᠨᠠᠭᠠᠴᠢᠯᠠᠭᠠᠳᠤ ᠦᠵᠡᠯ ᠤᠬᠠᠮᠰᠠᠷ᠂ ᠰᠡᠷᠭᠡᠶᠢᠯᠡᠨ ᠬᠠᠮᠠᠭᠠᠯᠠᠬᠤ ᠦᠵᠡᠯ | ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢ ᠬᠥᠮᠦᠨ ᠪᠦᠬᠦᠨ ᠳᠤ ᠮᠡᠳᠡᠭᠦᠯᠬᠦ ᠪᠠᠷ ᠴᠢᠷᠮᠠᠶᠢᠪᠠ᠃ ︽ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠢ ᠰᠡᠷᠭᠡᠶᠢᠯᠡᠬᠦ︾ ᠤᠬᠠᠭᠤᠯᠭ᠎ᠠ ᠶᠢᠨ | ᠬᠠᠭᠤᠳᠠᠰᠤ ᠶᠢ 600 ᠭᠠᠷᠤᠶ ᠬᠤᠪᠢ ᠨᠠᠭᠠᠵᠤ᠂ ᠥᠷᠭᠡᠨ ᠣᠯᠠᠨ ᠲᠦᠮᠡᠨ ᠢ ᠢᠳᠡᠪᠬᠢᠲᠡᠶ ᠪᠠᠷ ᠳᠠᠶᠢᠴᠢᠯᠠᠨ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠳᠤ | ᠣᠷᠣᠯᠴᠠᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ᠂ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ ᠬᠤᠶᠠᠷ ᠲᠤ᠂ ᠬᠤᠷᠢᠶᠠᠯᠠᠯ ᠢ | ᠪᠢᠲᠡᠭᠦᠮᠵᠢᠯᠡᠬᠦ᠂ ᠨᠡᠶᠢᠳᠬᠡᠬᠦ ᠠᠵᠢᠯ ᠢ ᠰᠢᠯᠢᠳᠡᠭᠵᠢᠬᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠠᠰᠢᠭᠲᠠᠶ ᠲᠣᠬᠢᠶᠠᠯ ᠢ ᠠᠰᠢᠭᠯᠠᠨ᠂ ᠡᠬᠢ ᠪᠠᠶᠠᠯᠢᠭ ᠢ ᠨᠡᠶᠢᠳᠬᠡᠬᠦ ᠡᠷᠴᠢᠮ ᠢ ᠴᠢᠩᠭᠠᠷᠠᠭᠤᠯᠵᠤ᠂ ᠤᠤᠯ ᠤᠨ | ᠤᠬᠰᠠᠷᠠᠬᠰᠠᠨ ᠵᠠᠮ ᠤᠨ ᠰᠠᠭᠠᠳ ᠲᠦᠬᠦᠬᠡᠷᠦᠮᠵᠢ ᠶᠢᠨ ᠰᠠᠭᠤᠷᠢᠨ ᠳᠡᠭᠡᠷ᠎ᠡ᠂ ᠪᠢᠲᠡᠭᠦᠮᠵᠢᠯᠡᠬᠦ ᠨᠥᠬᠦᠴᠡᠯ ᠢ | ᠪᠦᠷᠢᠯᠳᠦᠭᠦᠯᠦᠭᠰᠡᠨ ᠤᠷᠤᠵᠤ ᠭᠠᠷᠬᠤ ᠰᠡᠲᠡᠷᠬᠡᠶ ᠳᠤ᠂ ᠪᠢᠲᠡᠭᠦᠮᠵᠢᠯᠡᠭᠰᠡᠨ ᠮᠠᠶ᠋ᠢᠭ ᠤᠨ ᠲᠣᠭᠤᠰᠬᠠᠨ ᠬᠦᠷᠢᠶ᠎ᠡ ᠬᠡᠷᠡᠮ | ᠪᠠᠷᠢᠬᠤ ᠠᠷᠭ᠎ᠠ ᠮᠠᠶ᠋ᠢᠭ ᠢ ᠠᠪᠴᠤ᠂ ᠪᠠᠶᠢᠩᠭᠤ ᠶᠢᠨ ᠴᠢᠨᠠᠷᠲᠠᠶ ᠪᠢᠳᠡᠬᠦᠮᠵᠢᠯᠡᠬᠦ ᠶᠢ ᠬᠡᠷᠡᠭᠵᠢᠬᠦᠯᠪᠡ᠃ ᠣᠳᠣᠬᠠᠨ ᠳᠤ᠂ | 17 ᠬᠡᠰᠡᠭ ᠲᠠᠷᠠᠬᠠᠶ ᠪᠤᠲᠠᠷᠬᠠᠶ ᠬᠤᠷᠢᠶᠠᠯᠠᠯ ᠢ 14 ᠪᠣᠯᠭᠠᠨ ᠨᠡᠶᠢᠯᠡᠭᠦᠯᠵᠦ᠂ ᠬᠤᠷᠢᠶᠠᠯᠠᠯ ᠤᠨ ᠣᠷᠣᠵᠤ | ᠭᠠᠷᠬᠤ 22 ᠭᠠᠵᠠᠷ ᠢ ᠪᠢᠲᠡᠭᠦᠮᠵᠢᠯᠡᠪᠡ᠃ ᠭᠤᠷᠪᠠ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ | ᠵᠠᠰᠠᠬᠤ ᠠᠵᠢᠯ ᠢ ᠪᠠᠶᠢᠩᠭᠤᠵᠢᠭᠤᠯᠤᠨ ᠦᠷᠨᠢᠬᠦᠯᠪᠡ᠃ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠡᠷ | ᠬᠥᠷᠥᠩᠭᠡ ᠶᠢᠨ ᠺᠣᠮᠫᠠᠨᠢ ᠲᠠᠢ ᠬᠠᠮᠲᠤᠷᠠᠨ᠂ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ | ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠪᠠᠶᠢᠩᠭᠤᠵᠢᠬᠰᠠᠨ | ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠭᠦᠷᠭᠡ ᠲᠤᠰᠢᠶᠠᠯ ᠢᠶᠠᠨ | ᠬᠦᠢᠴᠡᠳᠬᠡᠬᠦ ᠪᠠᠨ ᠴᠢᠩᠭᠠᠳᠬᠠᠨ᠂ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠠᠮᠢᠶ᠎ᠠ ᠪᠥᠬᠦᠶ | ᠣᠷᠣᠨ ᠪᠦᠰᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠣᠳᠠᠲᠠᠶ ᠲᠤᠬᠢᠷᠠᠭᠤᠯᠪᠠ︔ ᠥᠪᠡᠷᠲᠡᠭᠡᠨ | ᠬᠠᠮᠢᠶᠠᠷᠴᠤ ᠪᠠᠶᠢᠭ᠎ᠠ ᠬᠤᠷᠢᠶᠠᠯᠠᠯ ᠤᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠬᠡᠬᠡᠪᠦᠷᠢᠯᠡᠬᠦ ᠤᠳᠠᠭ᠎ᠠ ᠶᠢ | ᠨᠡᠮᠡᠭᠳᠡᠬᠦᠯᠵᠤ᠂ 600 ᠭᠠᠷᠤᠢ ᠪᠤᠰᠤᠭ᠎ᠠ ᠲᠦᠷᠪᠡᠯᠵᠢᠨ ᠮᠧᠲᠷ ᠬᠤᠭ ᠨᠣᠪᠰᠢ ᠶᠢ ᠴᠡᠪᠡᠷᠯᠡᠨ ᠲᠡᠬᠡᠬᠡᠪᠦᠷᠢᠯᠡᠪᠡ᠃ | 14 ᠰᠠᠭᠤᠭᠠᠯᠢ ᠠᠷᠠᠳ ᠤᠨ ᠬᠤᠷᠢᠶᠠᠯᠠᠯ ᠤᠨ ᠣᠷᠣᠵᠤ ᠭᠠᠷᠬᠤ ᠡᠭᠦᠳᠡᠨ ᠳᠤ ᠲᠤᠰᠬᠠᠶᠢᠯᠠᠨ ᠬᠠᠶᠠᠭᠳᠠᠮᠠᠯ | ᠠᠮᠠᠪᠴᠢ ᠶᠢ ᠬᠤᠷᠢᠶᠠᠬᠤ ᠬᠤᠭ ᠨᠣᠪᠰᠢ ᠶᠢᠨ ᠬᠠᠶᠢᠷᠴᠠᠭ 14 ᠶᠢ ᠲᠤᠬᠢᠷᠠᠭᠤᠯᠵᠤ᠂ ᠠᠷᠢᠭᠤᠳᠬᠠᠵᠤ ᠤᠰᠠᠳᠬᠠᠬᠤ | ᠠᠵᠢᠯ ᠤᠨ ᠨᠠᠮ ᠤᠨ ᠭᠡᠰᠢᠭᠦᠨ ᠤ ᠬᠤᠰᠢᠭᠤᠴᠢ ᠠᠩᠭᠢ ᠳᠤ ᠲᠦᠰᠢᠭᠯᠡᠨ᠂ ᠬᠡᠷ ᠬᠤᠷᠢᠶᠠᠯᠠᠯ ᠤᠨ ᠨᠠᠮ ᠤᠨ ᠬᠡᠰᠢᠬᠦᠨ | ᠂ ᠰᠠᠭᠤᠭᠠᠯᠢ ᠠᠷᠠᠳ ᠪᠠ ᠰᠠᠶᠢᠨ ᠲᠤᠷᠠᠴᠤᠳ ᠢ ᠪᠦᠬᠦ ᠲᠠᠯ᠎ᠠ ᠪᠠᠷ ᠲᠠᠶᠢᠴᠢᠯᠠᠨ ᠬᠥᠳᠡᠯᠦᠯᠴᠡᠵᠦ᠂ ᠬᠠᠷᠢᠶ᠎ᠠ | ᠣᠷᠣᠨ ᠤ 201 ᠰᠠᠭᠤᠭᠠᠯᠢ ᠠᠷᠠᠳ ᠤᠨ ᠠᠰᠠᠷ ᠲᠤ 3 ᠡᠭᠡᠯᠵᠢ ᠪᠠᠷ ᠠᠷᠢᠭᠤᠳᠬᠠᠬᠤ ᠶᠢ ᠪᠦᠷᠢᠨ ᠢ | ᠪᠦᠷᠬᠦᠬᠦᠯᠪᠡ᠃ ᠳᠥᠷᠪᠡ ᠳᠤ᠂ ᠬᠠᠭᠤᠴᠢᠨ ᠰᠠᠭᠤᠭᠠᠯᠢ ᠠᠷᠠᠳ ᠤᠨ ᠬᠤᠷᠢᠶᠠᠯᠠᠯ ᠤᠨ ᠲᠣᠭᠲᠠᠭᠠᠯ ᠠᠴᠠ ᠵᠤᠷᠢᠴᠡᠨ | ᠪᠠᠶᠢᠭᠤᠯᠤᠬᠰᠠᠨ ᠪᠠᠷᠢᠯᠭ᠎ᠠ ᠶᠢ ᠨᠤᠷᠠᠭᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠬᠠᠤᠯᠢ ᠬᠡᠷᠡᠭᠵᠢᠭᠦᠯᠬᠦ | ᠲᠣᠪᠴᠢᠶ᠎ᠠ ᠲᠠᠢ ᠬᠠᠮᠲᠤᠷᠠᠨ᠂ ᠬᠤᠪᠢ ᠬᠦᠮᠦᠨ ᠤ ᠲᠤᠷ᠎ᠠ ᠪᠠᠷ ᠢᠶᠠᠨ ᠪᠠᠷᠢᠵᠤ ᠪᠠᠶᠢᠭᠤᠯᠤᠭᠰᠠᠨ 65 ᠭᠠᠷᠤᠶ | ᠬᠡᠰᠡᠭ ᠲᠠᠬᠢ 455 ᠲᠡᠭᠰᠢ ᠳᠥᠷᠪᠡᠯᠵᠢᠨ ᠮᠧᠲᠷ ᠪᠠᠷᠢᠯᠭ᠎ᠠ ᠶᠢ ᠨᠤᠷᠠᠭᠠᠪᠠ᠃ |