ᠶᠠᠷᠢᠯᠴᠠᠭᠠᠨ ᠤ ᠭᠤᠤᠯ ᠰᠡᠳᠦᠪ᠄ ︽ᠳᠣᠯᠣᠳᠤᠭᠠᠷ ᠲᠠᠪᠤᠨ ᠵᠢᠯ︾᠎ ᠤᠨ ᠬᠠᠤᠯᠢ ᠶᠢ ᠲᠦᠭᠡᠮᠡᠯᠵᠢᠭᠦᠯᠬᠦ ᠲᠦᠯᠦᠪᠵᠢᠬᠦᠯᠬᠡ ᠶᠢ ᠭᠦᠨᠵᠡᠭᠡᠶ ᠬᠡᠷᠡᠭᠵᠢᠭᠦᠯᠵᠦ᠂ ︽ᠬᠠᠤᠯᠢᠵᠢᠯ ᠤᠨ ᠬᠦᠨᠳᠡᠯᠡᠨ ᠲᠣᠭᠤᠷᠢᠭ︾᠎ ᠤᠨ ᠪᠥᠲᠥᠭᠡᠨ ᠪᠠᠶᠢᠭᠤᠯᠤᠯᠳᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2020/4/30
     ᠶᠠᠷᠢᠯᠴᠠᠭᠠᠨ ᠤ ᠭᠤᠤᠯ ᠰᠡᠳᠦᠪ᠄ ︽ᠳᠣᠯᠣᠳᠤᠭᠠᠷ ᠲᠠᠪᠤᠨ ᠵᠢᠯ︾᠎ ᠤᠨ ᠬᠠᠤᠯᠢ ᠶᠢ ᠲᠦᠭᠡᠮᠡᠯᠵᠢᠭᠦᠯᠬᠦ ᠲᠦᠯᠦᠪᠵᠢᠬᠦᠯᠬᠡ ᠶᠢ ᠭᠦᠨᠵᠡᠭᠡᠶ ᠬᠡᠷᠡᠭᠵᠢᠭᠦᠯᠵᠦ᠂ ︽ᠬᠠᠤᠯᠢᠵᠢᠯ ᠤᠨ ᠬᠦᠨᠳᠡᠯᠡᠨ ᠲᠣᠭᠤᠷᠢᠭ︾᠎ ᠤᠨ ᠪᠥᠲᠥᠭᠡᠨ ᠪᠠᠶᠢᠭᠤᠯᠤᠯᠳᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠶ᠎ᠠ      ᠶᠠᠷᠢᠯᠴᠠᠬᠰᠠᠨ ᠴᠠᠭ᠄ 2020 ᠤᠨ ᠤ 4 ᠰᠠᠷ᠎ᠠ ᠶᠢᠨ 28᠃   ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠧ ᠴᠢᠩ     ᠶᠠᠷᠢᠯᠴᠠᠭ᠎ᠠ ᠶᠢᠨ ᠲᠣᠪᠴᠢ ᠲᠠᠨᠢᠯᠴᠠᠭᠤᠯᠭ᠎ᠠ᠄ 2016 ᠣᠨ ᠠᠴᠠ ᠨᠠᠭᠠᠰᠢ᠂ ᠬᠠᠤᠯᠢ ᠴᠠᠭᠠᠵᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠠᠯᠬᠤᠮ ᠬᠤᠪᠢᠶᠠᠨ ᠬᠡᠷᠡᠭᠵᠢᠭᠦᠯᠵᠦ᠂ ︽ᠳᠣᠯᠣᠳᠤᠭᠠᠷ ᠲᠠᠪᠤᠨ ᠵᠢᠯ︾᠎ ᠤᠨ ᠬᠠᠤᠯᠢ ᠶᠢ ᠲᠦᠭᠡᠮᠡᠯᠵᠢᠭᠦᠯᠬᠦ ᠲᠦᠯᠦᠪᠵᠢᠬᠦᠯᠬᠡ ᠶᠢ ᠨᠠᠶᠢᠳᠠᠪᠤᠷᠢᠵᠢᠭᠤᠯᠬᠤ ᠶᠢ ᠶᠡᠬᠡᠪᠡᠷ ᠠᠬᠢᠭᠤᠯᠵᠤ᠂ ︽ᠬᠠᠤᠯᠢᠵᠢᠯ ᠤᠨ ᠬᠥᠨᠳᠡᠯᠡᠨ ᠲᠤᠭᠤᠷᠢᠭ︾᠎ ᠤᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠪᠠ᠃    ᠬᠥᠲᠥᠯᠥᠭᠴᠢ᠄ ︽ᠳᠣᠯᠣᠳᠤᠭᠠᠷ ᠲᠠᠪᠤᠨ ᠵᠢᠯ︾᠎ ᠤᠨ ᠬᠠᠤᠯᠢ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠬᠡᠷᠡᠭᠵᠢᠬᠦᠯᠦᠭᠰᠡᠨ ᠠᠴᠠ ᠨᠠᠭᠠᠰᠢ᠂ ᠬᠦᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠠᠮᠠᠷ ᠶᠠᠮᠠᠷ ᠠᠵᠢᠯ ᠬᠢᠭᠰᠡᠨ ᠪᠣᠶ︖    ᠾᠧ ᠴᠢᠩ᠄ 2016 ᠣᠨ ᠠᠴᠠ ᠨᠠᠭᠠᠰᠢ᠂ ᠬᠠᠤᠯᠢ ᠴᠠᠭᠠᠵᠠ ᠶᠢᠨ ᠲᠣᠪᠴᠢᠶ᠎ᠠ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢᠨ ᠲᠣᠭᠤᠷᠢᠨ ᠳᠤ ᠪᠦᠬᠦ ᠠᠷᠠᠳ ᠤᠨ ᠬᠠᠤᠯᠢᠵᠢᠯ ᠤᠨ ᠬᠡᠪ ᠪᠣᠯᠪᠠᠰᠤᠷᠠᠯ ᠢ ᠲᠡᠭᠡᠭᠰᠢᠯᠡᠬᠦᠯᠬᠦ ᠪᠠᠷ ᠶᠡᠷᠦᠩᠬᠡᠶ ᠬᠠᠷᠠᠯᠲᠠ ᠪᠠᠨ ᠪᠤᠯᠭᠠᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠪᠠᠷ ᠭᠤᠣᠯᠳᠠᠯᠭ᠎ᠠ ᠪᠣᠯᠭᠠᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠶᠢ ᠲᠦᠭᠡᠮᠡᠯᠵᠢᠭᠦᠯᠬᠦ︾᠂ ︽ᠬᠡᠨ ᠦᠢᠯᠡᠴᠢᠯᠡᠪᠡᠯ ᠬᠡᠨ ᠬᠠᠤᠯᠢ ᠶᠢ ᠲᠦᠬᠡᠮᠡᠯᠵᠢᠬᠦᠯᠬᠦ︾ ᠬᠠᠤᠯᠢ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠪᠠᠷ ᠠᠳᠬᠤᠴᠠ ᠪᠣᠯᠭᠠᠵᠤ᠂ ︽ᠳᠣᠯᠣᠳᠤᠭᠠᠷ ᠲᠠᠪᠤᠨ ᠵᠢᠯ︾᠎ ᠤᠨ ᠬᠠᠤᠯᠢ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠡᠯ᠎ᠡ ᠵᠦᠢᠯ ᠤᠨ ᠠᠷᠭ᠎ᠠ ᠪᠠᠷᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠠᠶ᠃ ᠪᠦᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠶ᠃ 2018 ᠣᠨ ᠤ 6 ᠰᠠᠷ᠎ᠠ ᠳᠤ᠂ ᠮᠠᠨ ᠤ ᠲᠤᠭᠤᠷᠢᠭ ︽ᠪᠥᠬᠦ ᠤᠯᠤᠰ ᠤᠨ ᠬᠠᠤᠯᠢᠵᠢᠯ ᠤᠨ ᠰᠢᠶᠠᠨ ︵ᠬᠤᠲᠠ᠂ ᠲᠣᠭᠤᠷᠢᠭ︶᠎ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠡᠷᠢᠭᠦᠨ ᠤ ᠨᠢᠭᠡᠴᠡ︾᠎ ᠶᠢᠨ ᠢᠷᠠᠭᠤ ᠠᠯᠳᠠᠷ ᠢ ᠭᠥᠷᠳᠡᠵᠦ᠂ 2019 ᠣᠨ ᠤ 12 ᠰᠠᠷ᠎ᠠ ᠳᠤ᠂ ᠬᠦᠨᠳᠡᠯᠡᠨ ᠲᠣᠭᠤᠷᠢᠭ ᠨᠢ ᠪᠥᠬᠦ ᠤᠯᠤᠰ ᠤᠨ ︽ᠳᠣᠯᠣᠳᠤᠭᠠᠷ ᠲᠠᠪᠤᠨ ᠵᠢᠯ︾᠎ ᠤᠨ ᠬᠠᠤᠯᠢ ᠶᠢ ᠲᠦᠭᠡᠮᠡᠯᠵᠢᠭᠦᠯᠬᠦ ᠲᠤᠮᠳᠠ ᠬᠤᠭᠤᠴᠠᠭᠠᠨ ᠤ ᠰᠢᠯᠭᠠᠨ ᠪᠠᠶᠢᠴᠠᠭᠠᠬᠰᠠᠨ ᠬᠠᠤᠯᠢᠵᠢᠯ ᠎ ᠤᠨ ᠤᠬᠠᠭᠤᠯᠭ᠎ᠠ ᠶᠢᠨ ᠲᠡᠷᠢᠭᠦᠨ ᠤ ᠰᠢᠶᠠᠨ ︵ᠬᠤᠲᠠ᠂ ᠲᠣᠭᠤᠷᠢᠭ︶᠎ ᠎ ᠤ ᠢᠷᠠᠭᠤ  ᠠᠯᠳᠠᠷ ᠢ ᠭᠥᠷᠳᠡᠪᠡ᠃   ᠨᠢᠭᠡ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠳᠦᠷᠢᠮ ᠢᠶᠠᠨ ᠪᠦᠷᠢᠨᠰᠢᠬᠦᠯᠪᠡ᠃ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠪᠦᠬᠦ ᠲᠤᠭᠤᠷᠢᠭ ᠤᠨ ᠬᠠᠤᠯᠢ ᠶᠢ ᠲᠦᠭᠡᠮᠡᠯᠵᠢᠭᠦᠯᠬᠦ ᠬᠠᠤᠯᠢ ᠶᠤᠰᠤᠭᠠᠷ ᠲᠤᠭᠤᠷᠢᠭ ᠢᠶᠠᠨ ᠵᠠᠰᠠᠬᠤ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠡᠢ᠃ ᠵᠢᠯ ᠪᠦᠷᠢ ᠶᠢᠨ ᠡᠬᠢᠨ ᠳᠤ ᠲᠤᠭᠤᠷᠢᠭ ᠎ ᠤᠨ ᠬᠠᠤᠯᠢ ᠶᠢ ᠲᠦᠭᠡᠮᠡᠯᠵᠢᠭᠦᠯᠬᠦ ᠠᠯᠪᠠᠨ ᠭᠡᠷ ᠴᠥᠮ ︽ᠬᠠᠤᠯᠢ ᠶᠢ ᠲᠦᠭᠡᠮᠡᠯᠵᠢᠭᠦᠯᠬᠦ ᠠᠵᠢᠯ ᠢ ᠰᠢᠯᠭᠠᠨ ᠪᠠᠶᠢᠴᠠᠭᠠᠬᠤ ᠨᠠᠷᠢᠨ ᠳᠦᠷᠢᠮ︾᠎ ᠢ ᠲᠣᠭᠲᠠᠭᠠᠵᠤ᠂ ᠬᠠᠤᠯᠢ ᠶᠢ ᠲᠦᠭᠡᠮᠡᠯᠵᠢᠭᠦᠯᠬᠦ ᠬᠠᠤᠯᠢ  ᠶᠤᠰᠤᠭᠠᠷ ᠵᠠᠰᠠᠬᠤ ᠠᠵᠢᠯ ᠢ ᠪᠦᠬᠦ ᠲᠤᠭᠤᠷᠢᠭ ᠤᠨ ᠤᠨ ᠤ ᠬᠢᠨᠠᠨ ᠰᠢᠯᠭᠠᠬᠤ ᠬᠠᠷᠠᠯᠲᠠ ᠳᠤ ᠣᠷᠣᠭᠤᠯᠵᠤ᠂ ᠰᠠᠯᠠᠭ᠎ᠠ ᠮᠥᠴᠢᠷ ︵ᠨᠢᠬᠡᠴᠡ︶᠂ ᠵᠡᠭᠡᠯᠢ ᠪᠠᠯᠭᠠᠰᠤ᠂ ᠭᠠᠴᠠᠭ᠎ᠠ ᠲᠣᠰᠬᠤᠨ  ᠬᠡᠷ ᠬᠤᠷᠢᠶᠠᠯᠠᠯ ᠤᠨ ᠲᠠᠪᠬᠤᠷᠭ᠎ᠠ ᠠᠴᠠ ᠣᠨ ᠤ ᠠᠵᠢᠯ ᠤᠨ ᠱᠠᠭᠠᠷᠳᠠᠯᠭ᠎ᠠ ᠪᠣᠯᠤᠨ ᠠᠵᠢᠯ ᠤᠨ ᠭᠤᠤᠯᠳᠠᠯᠭ᠎ᠠ ᠪᠠᠨ ᠲᠤᠷᠠᠳᠤᠨ ᠭᠠᠷᠭᠠᠵᠤ ᠬᠡᠷᠡᠭᠵᠢᠬᠦᠯᠦᠭᠰᠡᠨ ᠪᠠᠶᠢᠨ᠎ᠠ᠃ ᠪᠦᠬᠦ ᠲᠤᠭᠤᠷᠢᠭ ᠤᠨ ᠰᠦᠯᠵᠢᠶᠡᠨ ᠲᠡᠭᠡᠷ᠎ᠡ ᠬᠠᠤᠯᠢ ᠰᠤᠷᠤᠯᠴᠠᠬᠤ ᠪᠠ ᠬᠠᠤᠯᠢ ᠶᠢ ᠲᠦᠭᠡᠮᠡᠯᠵᠢᠭᠦᠯᠬᠦ ᠰᠢᠯᠭᠠᠯᠲᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠡᠨᠡ ᠵᠢᠯ ᠤᠨ ᠨᠢᠭᠡᠳᠦᠭᠡᠷ ᠤᠯᠠᠷᠢᠯ ᠤᠨ ᠯᠠᠪᠯᠠᠯᠲᠠ ᠪᠣᠯᠭᠠᠬᠤ ᠨᠤᠷᠮ᠎ᠠ 87.15%᠎ ᠳᠤ ᠬᠦᠷᠴᠦ᠂ ᠯᠠᠪᠯᠠᠯᠲᠠ ᠪᠤᠯᠭᠠᠬᠤ ᠨᠤᠷᠮ᠎ᠠ ᠵᠢᠯ ᠳᠠᠷᠠᠭᠠᠯᠠᠨ ᠳᠡᠭᠡᠭᠰᠢᠯᠡᠪᠡ᠃   ᠬᠤᠶᠠᠷ ᠲᠤ᠂ ᠬᠠᠤᠯᠢ ᠶᠢ ᠲᠦᠭᠡᠮᠡᠯᠵᠢᠭᠦᠯᠦᠨ ᠬᠠᠤᠯᠢ ᠪᠠᠷ ᠵᠠᠰᠠᠬᠤ ᠠᠵᠢᠯ ᠢ ᠯᠠᠪᠳᠠᠭᠤᠨ ᠪᠠᠲᠤᠲᠠᠶ  ᠲᠦᠯᠬᠢᠨ ᠠᠬᠢᠭᠤᠯᠪᠠ᠃ ᠲᠣᠭᠤᠷᠢᠭ — ᠵᠡᠭᠡᠯᠢ ᠪᠠᠯᠭᠠᠰᠤ — ᠲᠣᠰᠬᠤᠨ ︵ᠰᠠᠭᠤᠭᠠᠯᠢ ᠠᠷᠠᠳ ᠤᠨ ᠲᠤᠭᠤᠷᠢᠭ︶ ᠭᠤᠷᠪᠠᠨ ᠱᠠᠲᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠰᠢᠰᠲ᠋ᠧᠮ᠂ 15 ᠵᠡᠭᠡᠯᠢ ᠪᠠᠯᠭᠠᠰᠤ ᠶᠢᠨ ᠬᠠᠤᠯᠢ ᠴᠠᠭᠠᠵᠠ ᠶᠢᠨ ᠭᠠᠵᠠᠷ᠂ 11 ᠬᠡᠷ ᠪᠦᠯᠢ ᠶᠢᠨ ᠶᠠᠪᠤᠳᠠᠯ ᠤᠨ ᠬᠠᠤᠯᠢ ᠴᠠᠭᠠᠵᠠ ᠶᠢᠨ  ᠦᠢᠯᠡᠴᠢᠯᠡᠬᠡᠨ ᠤ ᠲᠠᠰᠤᠭ᠂ ᠬᠠᠤᠯᠢ ᠴᠠᠭᠠᠵᠠ ᠶᠢᠨ ᠦᠢᠯᠡᠴᠢᠯᠡᠬᠡᠨ ᠤ ᠬᠠᠯᠠᠮᠰᠢᠯ ᠤᠲᠠᠰᠤ ᠶᠢᠨ ᠲᠠᠪᠴᠠᠩ᠂ ︽ᠬᠥᠨᠳᠡᠯᠡᠨ ᠲᠣᠭᠤᠷᠢᠭ ᠤᠨ 12348︾ ᠵᠢᠷᠬᠢᠶ᠎ᠡ ᠨᠡᠶᠢᠲᠡ ᠶᠢᠨ ᠲᠠᠪᠴᠠᠩ ᠵᠡᠷᠭᠡ ᠣᠯᠠᠨ ᠲᠠᠪᠴᠠᠩ ᠢᠶᠠᠷ ᠳᠠᠮᠵᠢᠭᠤᠯᠤᠨ᠂ ᠥᠷᠭᠡᠨ ᠤᠯᠠᠨ ᠲᠦᠮᠡᠨ ᠳᠤ ᠤᠯᠠᠨ ᠶᠠᠩᠵᠤ ᠬᠡᠯᠪᠡᠷᠢ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠠᠶ᠃ ᠵᠠᠰᠠᠭ ᠤᠨ ᠣᠷᠳᠣᠨ ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠦᠷᠭᠦᠯᠵᠢᠯᠡᠨ ᠴᠢᠩᠭᠠᠳᠬᠠᠵᠤ᠂ ᠣᠳᠣ 6 ᠬᠠᠤᠯᠢ ᠴᠠᠭᠠᠵᠠ ᠶᠢᠨ ᠭᠠᠵᠠᠷ᠂ 13 ᠬᠠᠤᠯᠢᠴᠢ ᠪᠠᠶᠢᠵᠤ᠂ ᠲᠤᠭᠤᠷᠢᠭ ᠎ ᠤᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠵᠢᠴᠢ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠳᠠᠷᠤᠭ᠎ᠠ ᠳᠤ ᠠᠵᠢᠯ ᠲᠥᠷᠥᠯ ᠤᠨ ᠰᠢᠰᠲ᠋ᠧᠮ ᠢᠶᠠᠷ ᠦᠢᠯᠡᠴᠢᠯᠡᠵᠦ ᠪᠠᠶᠢᠨ᠎ᠠ᠃ ᠵᠠᠰᠠᠭ ᠤᠨ ᠣᠷᠳᠣᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ᠪᠠᠷ ᠳᠠᠮᠵᠢᠭᠤᠯᠤᠨ᠂ ᠬᠠᠤᠯᠢᠴᠢ 1+8 ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠦᠷᠳᠡᠭᠡ ᠳᠤ ᠣᠷᠣᠵᠤ᠂ ᠪᠦᠬᠦ ᠴᠠᠭ ᠣᠷᠣᠨ ᠵᠠᠶ ᠪᠦᠬᠦᠢ ᠲᠤᠬᠠᠶᠢᠯᠠᠭᠰᠠᠨ ᠠᠵᠢᠯ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠤᠤᠷ ᠰᠢᠰᠲ᠋ᠧᠮ ᠢ ᠪᠠᠶᠢᠭᠤᠯᠵᠤ᠂ ᠠᠷᠠᠳ ᠤᠨ ᠡᠶᠡᠳᠡᠭᠦᠯᠭᠡ᠂ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ ᠪᠠ ᠬᠠᠤᠯᠢ ᠴᠠᠭᠠᠵᠠ ᠶᠢᠨ ᠵᠥᠪᠯᠡᠯᠭᠡ ᠥᠭᠬᠦ ᠳᠤ ᠤᠷᠤᠯᠴᠠᠪᠠ᠃ 2020 ᠣᠨ ᠤ 2 ᠰᠠᠷ᠎ᠠ ᠳᠤ᠂ ᠬᠦᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠥᠬᠦ ᠤᠯᠤᠰ ᠤᠨ ᠣᠯᠠᠨ ᠨᠠᠶᠢᠳᠠ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠠᠵᠢᠯ ᠤᠨ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠠᠷ ᠢ ᠭᠥᠷᠳᠡᠪᠡ᠃ ᠲᠣᠭᠤᠷᠢᠭ ᠤᠨ ᠡᠶᠡᠳᠡᠭᠦᠯᠦᠨ  ᠰᠢᠢᠳᠪᠦᠷᠢᠯᠡᠬᠦ ᠲᠥᠪ ᠢ ᠨᠢᠭᠡᠳᠦᠯᠲᠡᠶ ᠲᠥᠯᠥᠪᠵᠢᠭᠦᠯᠬᠦ᠂ ᠵᠡᠭᠡᠯᠢ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠦᠷᠦᠭᠦᠯᠡᠨ᠂ ᠣᠯᠠᠨ ᠲᠦᠮᠡᠨ ᠤ ᠠᠵᠢᠯᠯᠠᠬᠤ ᠲᠠᠰᠤᠭ ᠬᠤᠯᠪᠣᠭᠠᠯᠠᠨ ᠠᠵᠢᠯᠯᠠᠬᠰᠠᠨ ᠣᠯᠠᠨ ᠡᠰᠢᠲᠦ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠦᠷᠢᠯᠳᠦᠭᠦᠯᠵᠡᠶ᠃ ᠵᠢᠯ ᠳᠤᠮᠳᠠᠴᠢ ᠪᠠᠷ 1500 ᠭᠠᠷᠤᠶ ᠵᠢᠭᠤᠷᠠᠯᠳᠤᠭᠠᠨ ᠢ ᠡᠶᠡᠳᠡᠬᠦᠯᠦᠨ ᠰᠢᠢᠳᠪᠦᠷᠢᠯᠡᠭᠰᠡᠨ ᠪᠠᠶᠢᠨ᠎ᠠ᠃ 2020 ᠣᠨ ᠤ 2 ᠰᠠᠷ᠎ᠠ ᠳᠤ ᠪᠥᠬᠦ ᠤᠯᠤᠰ ᠤᠨ ︽︿ᠵᠢᠭᠰᠠᠭᠠᠨ ᠪᠠᠶᠢᠴᠠᠭᠠᠬᠤ᠂ ᠡᠷᠲᠡ ᠡᠶᠡᠳᠡᠭᠦᠯᠬᠦ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠤᠯᠤᠰ ᠤᠨ ᠪᠠᠶᠠᠷ ᠢ ᠤᠭᠲᠤᠬᠤ﹀ ᠲᠤᠰᠬᠠᠶ ᠠᠵᠢᠯᠯᠠᠭ᠎ᠠ ᠶᠢᠨ ᠲᠤᠪᠤᠶᠢᠮ᠎ᠠ ᠬᠤᠪᠢ ᠨᠠᠮᠠᠷᠢ ᠦᠵᠡᠬᠦᠯᠦᠭᠰᠡᠨ ᠬᠠᠮᠲᠤ ᠨᠡᠶᠢᠲᠡ︾  ᠎ ᠶᠢᠨ ᠢᠷᠠᠭᠤ ᠠᠯᠳᠠᠷ ᠢ ᠭᠥᠷᠳᠡᠪᠡ᠃    ᠭᠤᠷᠪᠠ ᠳᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ  ᠎ ᠶᠢ ᠲᠦᠭᠡᠮᠡᠯᠵᠢᠭᠦᠯᠬᠦ︾᠂ ︽ᠬᠡᠨ ᠦᠢᠯᠡᠴᠢᠯᠡᠪᠡᠯ ᠬᠡᠨ ᠬᠠᠤᠯᠢ ᠶᠢ ᠲᠦᠭᠡᠮᠡᠯᠵᠢᠭᠦᠯᠬᠦ︾ ᠬᠠᠤᠯᠢ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠬᠦᠴᠦᠯᠡᠨ  ᠪᠤᠳᠠᠳᠠᠶᠢᠵᠢᠭᠤᠯᠵᠠᠢ᠃ 2018 ᠣᠨ ᠳᠤ ︽ᠬᠥᠨᠳᠡᠯᠡᠨ ᠲᠣᠭᠤᠷᠢᠭ ᠤᠨ ︿ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠶᠢ ᠲᠦᠭᠡᠮᠡᠯᠵᠢᠭᠦᠯᠬᠦ﹀ ᠬᠠᠤᠯᠢ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠲᠥᠰᠦᠯ︾᠎ ᠢ ᠲᠣᠭᠲᠠᠭᠠᠵᠤ᠂ ᠲᠤᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠰᠠᠯᠠᠭ᠎ᠠ ᠮᠥᠴᠢᠷ ︵ ᠨᠢᠬᠡᠴᠡ ︶᠎ ᠤᠨ ᠬᠠᠤᠯᠢ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠡᠷᠬᠡᠪᠡᠷ ᠠᠳᠬᠤᠵᠤ ᠬᠠᠮᠲᠤ ᠪᠠᠷ ᠬᠠᠮᠢᠶᠠᠷᠬᠤ ᠬᠠᠤᠯᠢ ᠶᠢ ᠲᠦᠭᠡᠮᠡᠯᠵᠢᠭᠦᠯᠬᠦ ᠠᠵᠢᠯ ᠤᠨ ᠪᠠᠶᠢᠷᠢᠰᠢᠯ ᠢ ᠤᠯᠠᠮ ᠨᠢᠭᠡ ᠠᠯᠬᠤᠮ  ᠪᠦᠷᠢᠯᠳᠦᠬᠦᠯᠵᠡᠢ᠃ ︽ᠳᠣᠯᠣᠳᠤᠭᠠᠷ ᠲᠠᠪᠤᠨ ᠵᠢᠯ︾᠎ ᠤᠨ ᠬᠠᠤᠯᠢ ᠶᠢ ᠲᠦᠬᠡᠮᠡᠯᠵᠢᠬᠦᠯᠬᠦ ᠠᠵᠢᠯ ᠢ  ᠦᠷᠨᠢᠬᠦᠯᠦᠭᠰᠡᠨ ᠠᠴᠠ ᠨᠠᠭᠠᠰᠢ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠬᠠᠮᠢᠶᠠᠷᠤᠯᠳᠠ ᠵᠡᠷᠭᠡ ᠬᠠᠯᠠᠮᠰᠢᠯ ᠴᠡᠭ ᠤᠨ ᠲᠣᠭᠤᠷᠢᠨ ᠳᠤ᠂ ᠬᠠᠤᠯᠢ ᠶᠢ ᠲᠦᠭᠡᠮᠡᠯᠵᠢᠭᠦᠯᠬᠦ ᠡᠯ᠎ᠡ ᠪᠦᠷᠢᠯᠳᠦᠬᠦᠨ ᠨᠢᠭᠡᠴᠡ ︽ᠬᠠᠤᠯᠢ ᠴᠠᠭᠠᠵᠠ ᠶᠢ ᠨᠠᠢᠮᠠ ᠳᠤ ᠬᠦᠷᠬᠡᠬᠦ︾ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠤᠨ ᠠᠬᠢᠭᠤᠯᠵᠤ᠂ ᠡᠯ᠎ᠡ ᠲᠦᠷᠦᠯ ᠤᠨ ᠬᠠᠤᠯᠢᠵᠢᠯ ᠤᠨ ᠤᠬᠠᠭᠤᠯᠭ᠎ᠠ ᠶᠢ ᠨᠡᠶᠢᠳᠡ 3000 ᠭᠠᠷᠤᠶ ᠤᠳᠠᠭ᠎ᠠ ᠥᠷᠨᠢᠭᠦᠯᠵᠦ᠂ ᠬᠥᠮᠦᠵᠢᠯ ᠬᠥᠷᠳᠡᠭᠰᠡᠨ ᠬᠥᠮᠦᠨ ᠤ ᠲᠤᠭ᠎ᠠ 5 ᠲᠦᠮᠡ ᠭᠠᠷᠤᠶ ᠪᠣᠯᠪᠠ᠃ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ ᠵᠣᠬᠢᠶᠠᠨ ᠪᠠᠶᠢᠭᠤᠯᠤᠨ ᠬᠠᠤᠯᠢ ᠴᠠᠭᠠᠵᠠ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠪᠠ ᠣᠷᠣᠯᠠᠨ ᠰᠢᠢᠳᠪᠦᠷᠢᠯᠡᠬᠦ ᠠᠵᠢᠯ ᠳᠤ ᠣᠷᠣᠯᠴᠠᠵᠤ᠂ 2016 ᠣᠨ ᠠᠴᠠ ᠨᠠᠭᠠᠰᠢ᠂ ᠨᠡᠶᠢᠲᠡ 400 ᠭᠠᠷᠤᠶ ᠠᠰᠠᠭᠤᠨ ᠯᠠᠪᠯᠠᠭ᠎ᠠ ᠶᠢ ᠬᠦᠯᠢᠶᠡᠨ ᠠᠪᠴᠦ᠂ 30 ᠭᠠᠷᠤᠶ ᠴᠢᠬᠤᠯᠠ ᠶᠡᠭᠡ ᠪᠤᠳᠤᠯᠢᠶᠠᠨᠲᠠᠶ ᠵᠢᠭᠤᠷᠠᠯᠳᠤᠭᠠᠨ ᠢ ᠰᠢᠢᠳᠪᠦᠷᠢᠯᠡᠵᠤ᠂ ᠲᠤᠬᠠᠶ ᠶᠢᠨ ᠬᠥᠮᠦᠨ ᠢ ᠬᠠᠪᠰᠤᠷᠤᠨ ᠬᠠᠤᠯᠢ ᠶᠣᠰᠣᠭᠠᠷ ᠳᠡᠰ ᠳᠠᠷᠠᠭᠠᠯᠠᠯ ᠶᠣᠰᠣᠭᠠᠷ ᠬᠦᠰᠡᠯ ᠱᠠᠭᠠᠷᠳᠠᠯᠭ᠎ᠠ ᠶᠢ ᠨᠢ ᠲᠤᠰᠬᠠᠵᠤ᠂ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠬᠰᠠᠨ ᠪᠠᠶᠢᠨ᠎ᠠ᠃    ᠲᠦᠷᠪᠡ ᠳᠤ᠂ ︽ᠠᠷᠠᠳ ᠲᠦᠮᠡᠨ ᠢᠶᠠᠷ ᠭᠤᠤᠯ ᠪᠣᠯᠭᠠᠬᠤ︾  ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶ ᠦᠷᠨᠢᠬᠦᠯᠪᠡ᠃ 2018 ᠣᠨ ᠤ 6 ᠰᠠᠷ᠎ᠠ ᠳᠤ᠂ ︽ᠦᠨᠳᠦᠰᠦᠨ ᠬᠠᠤᠯᠢ ᠶᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠬᠡᠷᠡᠭᠵᠢᠭᠦᠯᠬᠦ ᠠᠵᠢᠯᠯᠠᠭ᠎ᠠ ᠶᠢ ᠬᠦᠨᠵᠡᠬᠡᠢ ᠥᠷᠨᠢᠭᠦᠯᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠴᠠᠭ ᠲᠤᠬᠠᠶ ᠳᠤᠨᠢ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠦᠨᠳᠦᠰᠦᠨ ᠬᠠᠤᠯᠢ ᠶᠢᠨ ᠬᠤᠯᠪᠣᠭᠳᠠᠯ ᠪᠦᠬᠦᠢ ᠮᠡᠳᠡᠯᠭᠡ ᠶᠢ ᠬᠠᠮᠲᠤ ᠪᠠᠷ ᠰᠤᠷᠤᠯᠴᠠᠵᠠᠢ᠃ ᠪᠦᠬᠦ ᠲᠤᠭᠤᠷᠢᠭ ᠤᠨ ᠰᠠᠯᠠᠭᠠᠨ  ᠲᠡᠰ ᠤᠨ ᠤᠳᠤᠷᠢᠳᠬᠤ ᠺᠠᠳ᠋ᠷ ᠤᠨ ᠦᠨᠳᠦᠰᠦᠨ ᠬᠠᠤᠯᠢ ᠶᠢᠨ ᠲᠤᠰᠬᠠᠶ ᠰᠡᠳᠦᠪᠲᠦ ᠲᠡᠶᠢᠯᠤᠮᠵᠢ ᠶᠢ ᠡᠷᠬᠢᠯᠡᠵᠦ᠂ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠭᠤᠤᠯᠳᠠᠯᠭ᠎ᠠ ᠲᠠᠢ ᠰᠤᠷᠤᠯᠴᠠᠪᠠ᠃ 2019 ᠣᠨ ᠤ 12 ᠰᠠᠷ᠎ᠠ ᠶᠢᠨ 13᠎ ᠤ ᠡᠳᠦᠷ᠂ ᠬᠦᠨᠳᠡᠯᠡᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠲᠤᠯᠤᠭᠠᠨ ᠬᠦᠮᠦᠨ ᠤ ᠬᠠᠮᠲᠤᠷᠠᠨ ᠵᠥᠪᠯᠡᠬᠦ ᠳᠦᠷᠢᠮᠲᠦ ᠰᠢᠭᠦᠬᠦ ᠲᠢᠩᠬᠢᠮ ᠳᠤ 2019 ᠣᠨ ᠤ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠪᠥᠬᠦ ᠲᠤᠭᠤᠷᠢᠭ ᠤᠨ ᠰᠠᠯᠠᠭᠠᠨ ᠲᠠᠰ ᠤᠨ ᠺᠠᠳ᠋ᠷ ᠵᠠᠰᠠᠭ ᠵᠠᠬᠢᠷᠭᠠᠨ ᠤ ᠬᠡᠷᠡᠭ ᠤᠨ ᠰᠢᠭᠦᠯᠲᠡ ᠶᠢ ᠰᠤᠯᠠ ᠰᠣᠨᠣᠰᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠵᠢᠱᠢᠶ᠎ᠡ ᠦᠵᠡᠬᠦᠯᠬᠦ  ᠬᠠᠤᠯᠢᠵᠢᠯ ᠤᠨ ᠵᠠᠰᠠᠭ ᠤᠨ ᠣᠷᠳᠣᠨ ᠢ ᠡᠭᠦᠳᠦᠨ ᠪᠠᠶᠢᠭᠤᠯᠬᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠡᠯ᠎ᠡ ᠲᠦᠷᠦᠯ ᠤᠨ ᠤᠬᠠᠭᠤᠯᠭ᠎ᠠ ᠶᠢᠨ ᠬᠠᠭᠤᠳᠠᠰᠤ ᠶᠢ 12 ᠲᠦᠮᠡᠨ ᠬᠤᠪᠢ ᠳᠠᠷᠤᠮᠠᠯᠯᠠᠵᠤ᠂ ᠬᠠᠤᠯᠢ ᠶᠢ ᠲᠦᠭᠡᠮᠡᠯᠵᠢᠭᠦᠯᠬᠦ 2 ᠲᠦᠮᠡᠨ ᠬᠤᠪᠢ ᠵᠢᠵᠢᠭ ᠪᠡᠯᠡᠭ ᠢ ᠬᠤᠳᠠᠯᠳᠤᠨ ᠠᠪᠴᠤ᠂ ᠰᠠᠯᠠᠭ᠎ᠠ ᠮᠥᠴᠢᠷ ᠤᠳ ᠲᠤᠰ ᠲᠤᠰ ᠤᠨ ᠬᠠᠷᠢᠭᠤᠴᠠᠯᠭ᠎ᠠ ᠪᠠᠨ ᠬᠦᠢᠴᠡᠳᠬᠡᠵᠤ᠂ ᠨᠡᠶᠢᠭᠡᠮ ᠨᠠᠶᠢᠳᠠ ᠪᠠᠷ ᠢᠶᠠᠨ ᠬᠠᠮᠲᠤᠪᠠᠷ ᠤᠷᠤᠯᠴᠠᠬᠰᠠᠨ ᠬᠠᠤᠯᠢ ᠶᠢ ᠲᠦᠭᠡᠮᠡᠯᠵᠢᠭᠦᠯᠬᠦ ᠠᠵᠢᠯ ᠤᠨ ᠪᠠᠶᠢᠷᠢᠰᠢᠯ ᠢ ᠢᠳᠡᠪᠬᠢᠲᠡᠶ ᠪᠦᠷᠢᠯᠳᠦᠬᠦᠯᠵᠤ᠂ ᠪᠦᠬᠦ ᠲᠤᠭᠤᠷᠢᠭ ᠲᠤ ᠬᠦᠴᠦᠷᠭᠡᠭ ᠶᠡᠭᠡ ᠶᠠᠷᠢᠶ᠎ᠠ ᠬᠡᠯᠡᠯᠴᠡᠭᠡᠨ ᠤ ᠲᠦᠪ ᠴᠢᠩᠭ᠎ᠠ ᠪᠠᠶᠢᠳᠠᠯ ᠢ ᠪᠣᠶ ᠪᠤᠯᠭᠠᠵᠤ᠂ ᠪᠦᠬᠦ ᠲᠤᠭᠤᠷᠢᠭ ᠤᠨ ᠤᠯᠠᠨ ᠲᠦᠮᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠤᠶᠢᠯᠠᠭᠠᠵᠤ ᠮᠡᠳᠡᠬᠦ ᠨᠣᠷᠮ᠎ᠠ 97.2%᠎ ᠶᠢ ᠪᠡᠶᠡᠯᠡᠭᠦᠯᠬᠦ ᠳᠤ ᠲᠤᠪᠤᠶᠢᠮ᠎ᠠ ᠬᠤᠪᠢ ᠨᠡᠮᠡᠷᠢ ᠦᠵᠡᠭᠦᠯᠵᠦ᠂ ᠵᠢᠱᠢᠶ᠎ᠡ ᠦᠵᠡᠬᠦᠯᠬᠦ ᠬᠠᠤᠯᠢᠵᠢᠯ ᠎ ᠤᠨ ᠵᠠᠰᠠᠭ ᠤᠨ ᠣᠷᠳᠣᠨ ᠢ ᠡᠭᠦᠳᠦᠨ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠪᠦᠲᠦᠭᠡᠯ ︽ᠭᠡᠷ ᠵᠠᠭᠤᠷ᠎ᠠ ᠶᠢᠨ ᠵᠢᠵᠢᠭ ᠰᠠᠵᠢᠭ ᠶᠠᠪᠤᠳᠠᠯ ᠠᠴᠠ ᠡᠶ᠎ᠡ ᠵᠣᠬᠢᠴᠠᠯ ᠢ ᠦᠬᠦᠯᠡᠬᠦᠢ︾᠂ ︽ᠬᠠᠯᠠᠭᠤᠨ ᠳᠣᠲᠣᠨᠣ ᠬᠠᠤᠯᠢ ᠴᠠᠭᠠᠵᠠ ᠎ ᠪᠠᠷ ᠡᠶ᠎ᠡ ᠵᠣᠬᠢᠴᠠᠯ ᠢ ᠴᠤᠬᠴᠠᠯᠠᠬᠤᠢ︾ ︵ᠳᠡᠭᠡᠷ᠎ᠡ  ᠲᠤᠤᠷ᠎ᠠ ᠠᠩᠬᠢ︶᠂ ︽ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠶᠢᠨ ᠠᠷᠪᠠᠨ ᠬᠤᠶᠠᠷ ᠴᠠᠭ︾᠂ ︽ᠠᠷᠠᠳ ᠤᠨ ᠡᠶᠡᠳᠡᠬᠦᠯᠦᠭᠴᠢ ᠬᠠᠮ ᠳᠡᠯᠭᠡᠭᠦᠷ︾ ᠵᠡᠷᠭᠡ 10 ᠬᠠᠤᠯᠢᠵᠢᠯ ᠤᠨ  ᠲᠤᠬᠠᠢ ᠬᠢᠯᠪᠢᠬᠡᠨ ᠵᠦᠴᠦᠬᠡ᠂ ᠬᠠᠤᠯᠢᠵᠢᠯ ᠤᠨ ᠪᠢᠴᠢᠯ ᠺᠢᠨᠣ᠋᠂ ᠬᠠᠤᠯᠢᠵᠢᠯ ᠤᠨ ᠪᠢᠴᠢᠯ ᠺᠠᠷᠲ᠋ᠣᠨ ᠵᠦᠴᠦᠬᠡ᠂ ᠬᠠᠤᠯᠢᠵᠢᠯ ᠤᠨ ᠵᠠᠷ ᠮᠡᠳᠡᠭᠡ ᠶᠢ ᠵᠤᠬᠢᠶᠠᠨ ᠪᠦᠳᠦᠬᠡᠭᠰᠡᠨ ᠪᠠᠶᠢᠨ᠎ᠠ᠃ 1+8 ᠬᠤᠲᠠ ᠬᠥᠳᠡᠭᠡ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ  ᠰᠠᠭᠤᠭᠠᠯᠢ ᠠᠷᠠᠳ ᠤᠨ ᠲᠤᠭᠤᠷᠢᠭ ᠤᠨ ᠬᠠᠤᠯᠢ ᠶᠣᠰᠣᠭᠠᠷ ᠥᠪᠡᠷᠲᠡᠭᠡᠨ ᠵᠠᠰᠠᠬᠤ ᠶᠢ ᠵᠢᠯᠣᠭᠤᠳᠴᠤ᠂ ᠬᠠᠤᠯᠢᠴᠢ᠂ ᠬᠠᠤᠯᠢ ᠴᠠᠭᠠᠵᠠ ᠶᠢᠨ ᠠᠵᠢᠯᠲᠠᠨ᠂ ᠠᠯᠪᠠᠨ ᠭᠡᠷᠡᠴᠢᠯᠡᠭᠡ ᠶᠢᠨ ᠬᠥᠮᠦᠰ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠲᠣᠰᠬᠤᠨ ᠰᠠᠭᠤᠭᠠᠯᠢ ᠠᠷᠠᠳ ᠤᠨ ᠲᠤᠭᠤᠷᠢᠭ ᠲᠤ ᠭᠦᠨᠵᠡᠭᠡᠶᠢᠷᠡᠨ ᠰᠦᠢᠳᠬᠡᠯ ᠬᠤᠷᠢᠶᠠᠬᠤ ᠦᠭᠡᠢ ᠪᠠᠷ ᠬᠠᠤᠯᠢ ᠴᠠᠭᠠᠵᠠ ᠶᠢᠨ ᠤᠬᠠᠭᠤᠯᠭ᠎ᠠ ᠪᠠ ᠬᠠᠤᠯᠢ ᠴᠠᠭᠠᠵᠠ ᠶᠢᠨ ᠵᠥᠪᠯᠡᠯᠭᠡ ᠥᠭᠴᠦ᠂ ᠨᠢᠭᠡ ᠲᠣᠰᠬᠤᠨ ︵ᠰᠠᠭᠤᠭᠠᠯᠢ ᠠᠷᠠᠳ ᠤᠨ ᠲᠤᠭᠤᠷᠢᠭ︶ ᠨᠢᠭᠡ ᠬᠠᠤᠯᠢ ᠴᠠᠭᠠᠵᠠ ᠶᠢᠨ ᠵᠥᠪᠯᠡᠭᠴᠢ ᠲᠠᠢ ᠪᠠᠶᠢᠬᠤ ᠶᠢ ᠪᠡᠶᠡᠯᠡᠬᠦᠯᠵᠡᠢ᠃ 2016 ᠣᠨ ᠠᠴᠠ ᠨᠠᠭᠠᠰᠢ᠂ ᠨᠡᠶᠢᠲᠡ 200 ᠭᠠᠷᠤᠶ ᠤᠳᠠᠭ᠎ᠠ ᠬᠠᠤᠯᠢ ᠴᠠᠭᠠᠵᠠ ᠶᠢᠨ ᠲᠠᠶᠢᠯᠤᠮᠵᠢ ᠬᠢᠵᠦ᠂ 300 ᠭᠠᠷᠤᠶ ᠤᠳᠠᠭ᠎ᠠ ᠬᠠᠤᠯᠢ ᠴᠠᠭᠠᠵᠠ ᠶᠢᠨ ᠵᠥᠪᠯᠡᠯᠭᠡ ᠥᠭᠬᠦ ᠠᠵᠢᠯᠯᠠᠭ᠎ᠠ ᠥᠷᠨᠢᠭᠦᠯᠵᠦ᠂ 3 ᠲᠦᠮᠡ ᠭᠠᠷᠤᠶ ᠬᠦᠮᠦᠨ ᠠᠰᠢᠭ ᠭᠥᠷᠳᠡᠪᠡ ᠃ ᠡᠭᠦᠨ ᠤ ᠬᠠᠮᠲᠤ᠂ 50 ᠭᠠᠷᠤᠶ 4k᠎ ᠶᠢᠨ ᠲᠤᠬᠢᠶ᠎ᠠ ᠵᠠᠯᠭᠠᠬᠤ ᠬᠠᠶᠢᠷᠴᠠᠭᠲᠤ ᠬᠤᠲᠠ ᠬᠥᠳᠡᠭᠡ ᠲᠣᠰᠬᠤᠨ ᠬᠡᠵᠤ ᠢᠯᠭᠠᠭ᠎ᠠ ᠥᠬᠡᠶ ᠴᠠᠭ ᠣᠷᠣᠨ ᠵᠠᠶ ᠶᠢ ᠠᠯᠤᠰᠯᠠᠬᠰᠠᠨ ᠵᠠᠪᠰᠠᠷ ᠦᠬᠡᠢ ᠪᠠᠷ ᠬᠠᠤᠯᠢ ᠶᠢ ᠲᠦᠭᠡᠮᠡᠯᠵᠢᠭᠦᠯᠵᠦ᠂ ᠬᠠᠤᠯᠢ ᠎ ᠶᠢ ᠲᠦᠬᠡᠮᠡᠯᠵᠢᠬᠦᠯᠬᠦ ︽ᠡᠴᠦᠰ ᠤᠨ ᠨᠢᠭᠡ ᠺᠢᠯᠣᠮᠧᠲᠷ︾᠎ ᠤᠨ ᠲᠦᠭᠵᠢᠷᠡᠯ ᠪᠠ ᠬᠦᠴᠢᠷ ᠠᠰᠠᠭᠤᠳᠠᠯ ᠢ ᠪᠦᠲᠦᠮᠵᠢᠲᠡᠶ  ᠰᠢᠢᠳᠪᠦᠷᠢᠯᠡᠪᠡ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠡᠬᠢ ᠪᠠᠶᠠᠯᠢᠭ ᠤᠨ ︽ᠪᠦᠷᠢᠨ ᠭᠦᠢᠴᠡᠳ ᠪᠤᠰᠤ᠂ ᠲᠡᠩᠴᠡᠭᠦᠷᠢ ᠦᠭᠡᠢ︾  ᠪᠠᠶᠢᠬᠤ ᠵᠥᠷᠢᠴᠡᠯ ᠢ ᠨᠠᠮᠳᠠᠭᠤᠯᠵᠤ᠂ ᠣᠯᠠᠨ ᠲᠦᠮᠡᠨ ᠢ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠲᠠᠢ ᠪᠣᠯᠭᠠᠵᠠᠶ᠃   ᠬᠥᠲᠥᠯᠥᠭᠴᠢ᠄ ᠮᠠᠨ ᠤ ᠲᠤᠭᠤᠷᠢᠭ ︽ᠳᠣᠯᠣᠳᠤᠭᠠᠷ ᠲᠠᠪᠤᠨ ᠵᠢᠯ︾᠎ ᠤᠨ ᠬᠠᠤᠯᠢ ᠶᠢ ᠲᠦᠭᠡᠮᠡᠯᠵᠢᠭᠦᠯᠬᠦ  ᠲᠦᠯᠦᠪᠵᠢᠬᠦᠯᠬᠡ ᠳᠥᠯᠭᠢᠨ ᠠᠬᠢᠭᠤᠯᠬᠤ ᠶᠠᠪᠤᠴᠠ ᠳᠤ ᠶᠠᠮᠠᠷ ᠰᠠᠶᠢᠨ ᠠᠷᠭ᠎ᠠ ᠬᠡᠮᠵᠢᠶ᠎ᠠ ᠶᠢ ᠬᠡᠷᠡᠭᠵᠢᠬᠦᠯᠦᠭᠰᠡᠨ ᠪᠣᠶ︖    ᠾᠧ ᠴᠢᠩ᠄ 2016 ᠣᠨ ᠠᠴᠠ ᠨᠠᠭᠠᠰᠢ᠂ ᠬᠦᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠶᠢ ᠲᠦᠬᠡᠮᠡᠯᠵᠢᠬᠦᠯᠬᠦ ᠠᠵᠢᠯ ᠤᠨ ᠠᠷᠭ᠎ᠠ ᠬᠡᠮᠵᠢᠶ᠎ᠡ ᠶᠢ ᠲᠥᠷᠥᠯ ᠵᠦᠢᠯ ᠪᠣᠯᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠨᠢᠭᠡ ᠳᠤ᠂ ᠵᠡᠭᠦᠨ ᠨᠥᠬᠦᠷᠯᠡᠯ 22 ᠬᠡᠷ ᠬᠤᠷᠢᠶᠠᠯᠠᠯ ᠤᠨ ᠬᠠᠤᠯᠢᠵᠢᠯ ᠤᠨ ᠠᠮᠢᠳᠤᠷᠠᠯ ᠢ ᠪᠡᠶᠡᠳᠡᠨ ᠣᠶᠢᠯᠠᠭᠠᠬᠤ ᠣᠷᠳᠣᠨ ᠢ ᠪᠠᠶᠢᠭᠤᠯᠵᠤ᠂ ᠦᠨᠳᠦᠰᠦᠨ ᠬᠠᠤᠯᠢ ᠳᠤ  ᠲᠠᠩᠭᠠᠷᠢᠬᠯᠠᠬᠤ ᠶᠢ ᠪᠡᠶᠡᠴᠢᠯᠡᠨ ᠣᠶᠢᠯᠠᠭᠠᠬᠤ ᠣᠷᠣᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠶᠡᠴᠢᠯᠡᠨ ᠣᠶᠢᠯᠠᠭᠠᠬᠤ ᠣᠷᠣᠨ ᠵᠡᠷᠭᠡ ᠶᠢ ᠪᠠᠶᠢᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ᠂ ᠵᠤᠭ᠎ᠠ ᠴᠡᠩᠭᠡᠯ ᠢ  ᠡᠳ᠋ᠯᠡᠬᠦ ᠶᠢᠨ ᠬᠠᠮᠲᠤ ᠬᠠᠤᠯᠢ ᠴᠠᠭᠠᠵᠠ ᠶᠢᠨ ᠮᠡᠳᠡᠯᠭᠡ ᠶᠢ ᠢᠳᠡᠪᠬᠢᠲᠡᠶ ᠰᠤᠷᠤᠯᠴᠠᠭᠤᠯᠵᠠᠢ᠃ ᠬᠤᠶᠠᠷ ᠲᠤ᠂ ᠬᠠᠤᠯᠢ ᠎ ᠶᠢ ᠲᠦᠭᠡᠮᠡᠯᠵᠢᠭᠦᠯᠬᠦ ᠤᠬᠠᠭᠤᠯᠭ᠎ᠠ ᠬᠢᠭᠡᠳ ︽ᠬᠤᠶᠠᠷ ᠪᠦᠬᠦᠨ︾᠎ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠰᠢᠰᠲ᠋ᠧᠮ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ 3 ᠳ᠋ᠤᠭᠠᠷ ᠠᠰᠠᠷ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠬᠦᠨᠳᠡᠯᠡᠨ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ  ᠦᠢᠯᠡᠴᠢᠯᠡᠬᠡᠨ‌‍ᠤ ᠲᠥᠪ ᠢ ᠪᠠᠶᠢᠭᠤᠯᠵᠠᠶ᠃ ᠲᠤᠰ ᠲᠥᠪ ᠤᠨ ᠡᠵᠡᠯᠡᠬᠦ ᠲᠠᠯᠠᠪᠠᠢ ᠨᠢ ᠪᠠᠷᠤᠭ 300 ᠲᠡᠭᠰᠢ ᠳᠥᠷᠪᠡᠯᠵᠢᠨ ᠮᠧᠲᠷ ᠪᠠᠶᠢᠵᠤ᠂ ᠡᠯ᠎ᠡ ᠲᠥᠷᠥᠯ ᠤᠨ ᠬᠠᠤᠯᠢ ᠴᠠᠭᠠᠵᠠ ᠶᠢᠨ ᠦᠢᠯᠡᠴᠢᠯᠡᠬᠡᠨ ᠤ ᠡᠬᠢ ᠪᠠᠶᠠᠯᠢᠭ ᠢ ᠪᠦᠲᠦᠮᠵᠢᠲᠡᠶ ᠪᠠᠷ ᠨᠡᠶᠢᠳᠬᠡᠨ ᠰᠢᠯᠢᠳᠡᠭᠵᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ᠂ ᠬᠠᠤᠯᠢᠴᠢ᠂ ᠠᠯᠪᠠᠨ ᠭᠡᠷᠡᠴᠢᠯᠡᠭᠡ᠂ ᠠᠷᠠᠳ ᠤᠨ ᠡᠶᠡᠳᠡᠭᠦᠯᠭᠡ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ ᠠᠷᠠᠳ ᠲᠤ ᠳᠥᠭᠦᠮ ᠦᠵᠡᠭᠦᠯᠬᠦ ᠦᠢᠯᠡᠴᠢᠯᠡᠬᠡᠨ ᠤ ᠴᠤᠩᠬᠤᠪᠴᠢ ᠶᠢ ᠨᠡᠬᠡᠬᠡᠵᠡᠢ᠃ ᠵᠠᠯᠠᠭᠤᠴᠤᠳ ᠵᠠᠮ ᠤᠨ ᠨᠠᠢᠮᠠᠳᠤᠭᠠᠷ ᠨᠤᠮᠧᠷ ᠵᠡᠷᠭᠡ ᠬᠠᠤᠯᠢᠵᠢᠯ ᠤᠨ ᠬᠡᠷ ᠬᠤᠷᠢᠶᠠᠯᠠᠯ ᠳᠤ᠂ ᠰᠢᠨ᠎ᠡ ᠪᠠᠷ ᠪᠠᠶᠢᠭᠤᠯᠤᠭᠳᠠᠭᠰᠠᠨ 7 ᠬᠠᠤᠯᠢ ᠴᠠᠭᠠᠵᠠ ᠶᠢᠨ  ᠦᠢᠯᠡᠴᠢᠯᠡᠬᠡᠨ ᠤ ᠭᠠᠵᠠᠷ ᠵᠢᠴᠢ ᠠᠯᠪᠠᠨ ᠬᠡᠷᠡᠴᠢᠯᠡᠭᠡ ᠶᠢᠨ ᠭᠠᠵᠠᠷ ᠤᠨ 60 ᠭᠠᠷᠤᠶ ᠠᠵᠢᠯᠲᠠᠨ ᠵᠡᠭᠡᠯᠢ ᠪᠠᠯᠭᠠᠰᠤ ᠶᠢ ᠵᠤᠯᠭᠠᠯᠴᠠᠭᠤᠯᠵᠤ᠂ ᠲᠣᠰᠬᠤᠨ ᠰᠠᠭᠤᠭᠠᠯᠢ ᠠᠷᠠᠳ ᠤᠨ ᠲᠤᠭᠤᠷᠢᠭ ᠢ ᠪᠦᠷᠬᠦᠵᠤ᠂ ᠣᠯᠠᠨ ᠲᠦᠮᠡᠨ ᠳᠤ ᠬᠠᠤᠯᠢᠵᠢᠯ ᠎ ᠤᠨ ᠤᠬᠠᠭᠤᠯᠭ᠎ᠠ᠂ ᠭᠡᠷ ᠤᠨ ᠶᠠᠪᠤᠳᠠᠯ ᠤᠨ ᠡᠶᠡᠳᠡᠭᠦᠯᠭᠡ᠂ ᠠᠯᠪᠠᠨ ᠬᠡᠷᠡᠴᠢᠯᠡᠭᠡ ᠵᠡᠷᠭᠡ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠤᠯᠠᠨ ᠲᠦᠮᠡᠨ ᠳᠤ ︽ᠭᠡᠷ ᠤᠨ ᠶᠠᠪᠤᠳᠠᠯ ᠤᠨ ᠬᠠᠤᠯᠢ ᠴᠠᠭᠠᠵᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ︾᠎ ᠶᠢᠨ 2000 ᠭᠠᠷᠤᠶ ᠳᠡᠪᠲᠡᠷ ᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠪᠠ᠃ ᠡᠭᠦᠨ ᠤ ᠬᠠᠮᠲᠤ᠂ ᠫᠢᠸᠤ᠋ ᠴᠡᠴᠡᠷᠯᠢᠭ ᠤᠨ ᠬᠠᠤᠯᠢ ᠪᠠᠷ ᠵᠠᠰᠠᠬᠤ LED ᠳᠡᠯᠭᠡᠴᠡ᠂ ᠦᠵᠡᠭᠦᠯᠭᠡ ᠶᠢᠨ ᠬᠠᠪᠲᠠᠰᠤ ᠵᠡᠷᠭᠡ ᠠᠮᠢᠳᠤᠯᠢᠭ ᠬᠡᠯᠪᠡᠷᠢ ᠶᠢᠨ  ᠬᠠᠤᠯᠢᠵᠢᠯ ᠤᠨ ᠤᠬᠠᠭᠤᠯᠭ᠎ᠠ ᠶᠢᠨ ᠠᠭᠤᠯᠭ᠎ᠠ ᠨᠢ ᠡᠷᠬᠢᠨ ᠲᠣᠭᠤᠷᠢᠨ ᠤ ᠰᠢᠶᠠᠩ ᠯᠢᠨ ᠮᠧᠶ ᠳ᠋ᠢ ᠵᠡᠷᠭᠡ 5  ᠬᠡᠷ ᠬᠤᠷᠢᠶᠠᠯᠠᠯ ᠢ ᠨᠥᠯᠥᠭᠡᠯᠡᠵᠡᠶ᠃ ᠭᠤᠷᠪᠠ ᠳᠤ ︽ᠢᠨᠲ᠋ᠧᠷ ᠰᠦᠯᠵᠢᠶ᠎ᠡ + ᠬᠠᠤᠯᠢ ᠶᠢ ᠲᠦᠭᠡᠮᠡᠯᠵᠢᠭᠦᠯᠬᠦ︾ ᠰᠢᠨ᠎ᠡ ᠵᠠᠭᠪᠤᠷ ᠢ ᠪᠠᠶᠢᠭᠤᠯᠵᠤ᠂ ᠬᠠᠤᠯᠢ ᠶᠢ ᠲᠦᠭᠡᠮᠡᠯᠵᠢᠭᠦᠯᠬᠦ ᠮᠠᠰᠢᠨ ᠬᠥᠮᠦᠨ ᠢ ᠢᠳᠡᠪᠬᠢᠲᠡᠢ ᠠᠰᠢᠬᠯᠠᠵᠤ᠂ ︽ᠰᠢᠤᠢ ᠨᠠ ᠬᠠᠤᠯᠢ ᠲᠠᠶᠢᠯᠪᠤᠷᠢᠯᠠᠬᠤ︾ ᠪᠤᠯᠤᠩ ᠢ ᠳᠡᠰ ᠳᠡᠪᠰᠢᠭᠦᠯᠵᠦ᠂ ︽ᠬᠥᠨᠳᠡᠯᠡᠨ ᠲᠣᠭᠤᠷᠢᠭ ᠤᠨ 12348︾  ᠵᠢᠷᠬᠢᠶ᠎ᠡ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠵᠢᠩᠬᠢᠨᠢ ᠪᠠᠷ  ᠠᠰᠢᠬᠯᠠᠯᠳᠠ ᠳᠤ ᠤᠷᠤᠵᠤ᠂ ︽ᠬᠠᠤᠯᠢᠵᠢᠯ ᠤᠨ ᠬᠦᠨᠳᠡᠯᠡᠨ ᠲᠣᠭᠤᠷᠢᠭ︾᠎ ᠤᠨ ᠵᠢᠷᠬᠢᠶ᠎ᠡ ᠲᠠᠪᠴᠠᠩ᠂ ︽ᠬᠦᠨᠳᠡᠯᠡᠨ ᠲᠣᠭᠤᠷᠢᠭ ᠤᠨ ᠬᠠᠤᠯᠢ ᠶᠢ ᠲᠦᠬᠡᠮᠡᠯᠵᠢᠬᠦᠯᠬᠦ︾  ᠵᠢᠷᠬᠢᠶ᠎ᠠ ᠴᠤᠬᠯᠠᠷᠠᠯ ᠢᠶᠠᠷ ᠬᠠᠤᠯᠢ ᠴᠠᠭᠠᠵᠠ ᠬᠠᠤᠯᠢ ᠲᠣᠭᠲᠠᠭᠠᠯ᠂ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠨᠡᠶᠢᠳᠡᠯᠡᠨ ᠰᠢᠨᠡᠳᠬᠡᠵᠦ᠂ 2016 ᠣᠨ ᠠᠴᠠ ᠨᠠᠭᠠᠰᠢ᠂ ᠨᠡᠶᠢᠲᠡ 100 ᠭᠠᠷᠤᠶ ᠬᠤᠭᠤᠴᠠᠭ᠎ᠠ ᠰᠢᠨᠡᠳᠬᠡᠵᠡᠢ᠃ ᠳᠥᠷᠪᠡ ᠳᠤ᠂ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠬᠢᠭᠡᠳ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠢᠵᠢᠯ ᠠᠯᠬᠤᠮ ᠢᠶᠠᠷ  ᠶᠠᠪᠤᠬᠳᠠᠬᠤ ᠶᠢ ᠠᠬᠢᠭᠤᠯᠪᠠ᠃ ᠪᠠᠷᠠᠭᠤᠨ ᠬᠡᠰᠡᠭ ᠤᠨ ᠭᠠᠵᠠᠷ ᠣᠷᠣᠨ ᠳᠤ ᠵᠠᠯᠠᠭᠤᠴᠤᠳ ᠪᠠᠭᠠᠴᠤᠳ ᠤᠨ ᠬᠠᠤᠯᠢᠵᠢᠯ ᠠᠮᠤᠷ ᠲᠦᠪᠰᠢᠨ ᠤ  ᠬᠦᠮᠦᠵᠢᠯ ᠤᠨ ᠰᠠᠭᠤᠷᠢᠨ ᠢ  ᠤᠷᠢᠳ ᠎ ᠢᠶᠠᠷ ᠪᠠᠶᠢᠭᠤᠯᠵᠤ᠂ ᠵᠤᠬᠢᠶᠠᠮᠠᠯ ᠰᠢᠭᠦᠬᠦ ᠲᠢᠩᠬᠢᠮ᠂ ᠬᠡᠷᠡᠭᠯᠡᠭᠡ ᠶᠢᠨ ᠡᠷᠬᠡ ᠠᠰᠢᠭ ᠢᠶᠠᠨ ᠬᠠᠮᠠᠭᠠᠯᠠᠬᠤ᠂ ᠤᠯᠤᠰ ᠤᠨ ᠪᠠᠲᠤᠯᠠᠨ ᠬᠠᠮᠠᠭᠠᠯᠠᠯᠳᠠ ᠶᠢᠨ ᠰᠤᠷᠭᠠᠨ ᠬᠥᠮᠦᠵᠢᠯ ᠵᠡᠷᠭᠡ 7 ᠲᠤᠰᠬᠠᠢ ᠬᠢᠴᠢᠶᠡᠯ ᠤᠨ ᠭᠡᠷ ᠢᠶᠠᠷ ᠳᠠᠮᠵᠢᠭᠤᠯᠤᠨ᠂ ᠨᠡᠶᠢᠳᠡ 20 ᠲᠦᠮᠡᠨ ᠰᠤᠷᠤᠭᠴᠢᠳ  ᠎ ᠲᠤ ᠬᠦᠮᠦᠵᠢᠯ ᠬᠦᠷᠳᠡᠬᠡᠵᠤ ᠪᠣᠯᠪᠠᠰᠤᠷᠠᠭᠤᠯᠪᠠ᠃ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ︽ᠵᠠᠮ ᠬᠠᠷᠢᠯᠴᠠᠭᠠᠨ ᠤ ᠪᠢᠴᠢᠬᠠᠨ ᠴᠠᠭᠳᠠᠭ᠎ᠠ︾᠎ ᠶᠢᠨ ᠣᠨᠴᠠᠯᠢᠭᠲᠤ ᠰᠤᠷᠭᠠᠭᠤᠯᠢ ᠶᠢ ᠪᠠᠶᠢᠭᠤᠯᠵᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠭᠠᠷ ᠲᠤᠬᠢᠶ᠎ᠠ ᠶᠢᠨ ᠲᠠᠮᠢᠷ ᠢ  ᠲᠤᠬᠢᠷᠠᠭᠤᠯᠵᠤ᠂ ᠰᠤᠷᠭᠠᠬᠤᠯᠢ ᠳᠤ ᠢᠷᠠᠵᠤ ᠰᠤᠷᠭᠠᠭᠤᠯᠢ ᠠᠴᠠ ᠰᠠᠯᠬᠤ ᠳᠤ ᠵᠠᠮ ᠬᠠᠷᠢᠯᠴᠠᠭᠠᠨ ᠤ ᠪᠢᠴᠢᠬᠠᠨ ᠴᠠᠭᠳᠠᠭ᠎ᠠ ᠪᠠᠷ ᠪᠦᠷᠢᠯᠳᠦᠭᠰᠡᠨ ︽ᠠᠮᠤᠷ ᠲᠦᠪᠰᠢᠨ ᠤ ᠪᠢᠴᠢᠬᠠᠨ ᠬᠠᠮᠠᠭᠠᠯᠠᠬᠴᠢ︾ ᠨᠠᠷ ᠰᠤᠷᠭᠠᠭᠤᠯᠢ ᠶᠢᠨ ᠡᠭᠦᠳᠡᠨ ᠤ ᠬᠤᠶᠠᠷ ᠬᠠᠵᠠᠭᠤ ᠳᠤ ᠵᠠᠮ ᠬᠠᠷᠢᠯᠴᠠᠭᠠᠨ ᠤ ᠪᠢᠴᠢᠬᠠᠨ ᠴᠠᠭᠳᠠᠭ᠎ᠠ ᠶᠢᠨ ᠠᠮᠤᠷ ᠲᠦᠪᠰᠢᠨ ᠤ ᠨᠡᠪᠲᠡᠷᠡᠬᠦ ᠵᠠᠮ ᠢ  ᠨᠡᠬᠡᠬᠡᠵᠡᠢ᠃ ᠪᠥᠬᠦ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠡᠭᠦᠳᠡ ᠪᠠᠷ ᠣᠷᠣᠵᠤ ᠭᠠᠷᠬᠤ ᠠᠮᠤᠷ ᠲᠦᠪᠰᠢᠨ ᠎ ᠢ  ᠪᠠᠳᠤᠯᠠᠵᠤ᠂ ︽ᠴᠠᠭᠳᠠᠭ᠎ᠠ ᠰᠤᠷᠭᠠᠭᠤᠯᠢ ᠬᠠᠮᠲᠤ ᠪᠠᠷ ᠪᠠᠶᠢᠭᠤᠯᠬᠤ︾ ᠶᠣᠰᠣ ᠰᠤᠷᠲᠠᠬᠤᠨ ᠤ ᠬᠥᠮᠦᠵᠢᠯ ᠤᠨ ᠬᠠᠤᠯᠢᠵᠢᠯ ᠤᠨ ᠠᠴᠢᠶᠠᠯᠠᠪᠤᠷᠢ ᠶᠢᠨ ᠬᠥᠮᠦᠨ ᠬᠥᠮᠦᠵᠢᠭᠦᠯᠬᠦ ᠴᠢᠳᠠᠮᠵᠢ ᠶᠢ ᠶᠡᠬᠡᠪᠡᠷ ᠪᠠᠳᠠᠷᠠᠭᠤᠯᠪᠠ᠃ ᠲᠠᠪᠤ ᠳᠤ᠂ ᠬᠤᠲᠠ ᠶᠢᠨ ᠨᠣᠮ ᠤᠨ ᠰᠠᠩ ᠲᠠᠢ ᠬᠠᠮᠲᠤᠷᠠᠨ ︽ᠬᠥᠨᠳᠡᠯᠡᠨ ᠲᠣᠭᠤᠷᠢᠭ ᠤᠨ ᠬᠤᠲᠠ ᠶᠢᠨ ᠠᠷᠠᠳ ᠤᠨ ᠬᠠᠤᠯᠢ ᠴᠠᠭᠠᠵᠠ ᠶᠢᠨ  ᠬᠢᠴᠢᠶᠡᠯ ᠤᠨ ᠬᠡᠷ︾᠎ ᠢ ᠪᠠᠶᠢᠭᠤᠯᠵᠤ᠂ ᠨᠡᠷᠡᠲᠦ ᠰᠢᠭᠦᠬᠦ ᠲᠤᠰᠢᠶᠠᠯᠲᠠᠨ᠂ ᠬᠠᠤᠯᠢ ᠶᠢᠨ ᠤᠬᠠᠭᠠᠨ ᠤ ᠲᠤᠰᠬᠠᠶ ᠮᠡᠷᠭᠡᠵᠢᠯᠲᠡᠨ ᠢ ᠤᠷᠢᠵᠤ᠂ ᠨᠡᠶᠢᠲᠡᠯᠢᠭ ᠬᠡᠷᠡᠭ ᠤᠨ ᠵᠢᠱᠢᠶ᠎ᠡ᠂ ᠬᠠᠤᠯᠢ ᠴᠠᠭᠠᠵᠠ ᠬᠠᠤᠯᠢ ᠲᠣᠭᠲᠠᠭᠠᠯ ᠲᠠᠢ ᠤᠶᠠᠯᠳᠤᠭᠤᠯᠤᠨ ᠬᠠᠤᠯᠢ ᠴᠠᠭᠠᠵᠠ ᠶᠢᠨ ᠠᠰᠠᠭᠤᠳᠠᠯ ᠢ ᠲᠠᠶᠢᠯᠪᠤᠷᠢᠯᠠᠵᠤ᠂ ᠨᠡᠶᠢᠲᠡ 26 ᠬᠤᠭᠤᠴᠠᠭᠠᠨ ᠤ ᠲᠠᠶᠢᠯᠤᠮᠵᠢ ᠬᠢᠵᠡᠶ᠃ ᠡᠶᠢᠨᠬᠦ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ︽ᠲᠠᠪᠤᠨ ᠣᠳᠣᠨ ᠲᠠᠰ︾᠎ ᠤᠨ ᠬᠢᠴᠢᠶᠡᠯ ᠤᠨ ᠲᠠᠩᠬᠢᠮ ᠤᠨ ᠢᠷᠠᠭᠤ ᠠᠯᠳᠠᠷ ᠤᠨ ᠴᠣᠯᠠ ᠣᠯᠭᠤᠪᠠ᠃ ᠵᠢᠷᠭᠤᠭ᠎ᠠ ᠳᠤ᠂ ᠬᠦᠨᠳᠡᠯᠡᠨ ᠲᠣᠭᠤᠷᠢᠭ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠢ ᠪᠠᠶᠢᠭᠤᠯᠪᠠ᠃ ᠲᠤᠰ ᠰᠠᠭᠤᠷᠢᠨ ᠳᠤ᠂ ᠬᠡᠷ ᠬᠤᠷᠢᠶᠠᠯᠠᠯ ᠤᠨ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠬᠤᠤᠰᠯᠠᠭᠤᠯᠵᠤ᠂ ᠲᠡᠬᠢᠨ ᠨᠡᠶᠢᠬᠡᠮ ᠳᠤ ᠪᠤᠴᠠᠬᠤ ᠳᠤ  ᠲᠤᠰᠠᠯᠠᠬᠤ᠂ ᠪᠠᠶᠢᠴᠠᠭᠠᠬᠤ ᠬᠢᠨᠠᠯᠲᠠ ᠲᠠᠯᠪᠢᠬᠤ ᠰᠢᠳᠤᠷᠭᠤ ᠶᠣᠰᠣ ᠶᠢ ᠰᠠᠬᠢᠬᠤ᠂ ᠰᠡᠷᠡᠮᠵᠢᠯᠡᠭᠦᠯᠬᠦ ᠬᠥᠮᠦᠵᠢᠯ ᠤᠨ  ᠸᠢᠳᠢᠤ᠋ ᠨᠡᠪᠳᠡᠷᠡᠬᠦᠯᠬᠡ᠂ ᠨᠡᠶᠢᠬᠡᠮ ᠵᠢᠷᠤᠮ ᠤᠨ  ᠭᠤᠤᠯᠯᠠᠬᠴᠢ ᠥᠷᠲᠡᠭ ᠤᠨ ᠵᠣᠷᠢᠭ ᠰᠠᠨᠠᠭ᠎ᠠ ᠪᠠᠷ ᠬᠥᠲᠥᠯᠥᠨ ᠳᠠᠭᠠᠭᠤᠯᠬᠤ ᠵᠡᠷᠭᠡ ᠪᠠᠷ ᠭᠤᠤᠯ ᠰᠡᠳᠦᠪ ᠪᠤᠯᠭᠠᠬᠰᠠᠨ ᠠᠷᠪᠠᠨ ᠬᠤᠶᠠᠷ ᠬᠡᠰᠡᠭ ᠢ ᠪᠠᠶᠢᠷᠢᠯᠠᠭᠤᠯᠵᠤ᠂ ᠵᠥᠪ ᠲᠠᠯ᠎ᠠ ᠠᠴᠠ ᠬᠥᠲᠥᠯᠥᠨ ᠵᠢᠯᠤᠭᠤᠳᠴᠤ ᠨᠦᠬᠦᠬᠡ ᠲᠠᠯ᠎ᠠ ᠪᠠᠷ ᠰᠡᠷᠡᠮᠵᠢᠯᠡᠬᠦᠯᠬᠦ ᠶᠢ ᠨᠢᠭᠡ ᠴᠣᠭᠴᠠᠵᠢᠭᠤᠯᠤᠭᠰᠠᠨ ᠪᠠᠶᠢᠨ᠎ᠠ᠃ ᠬᠡᠷ ᠬᠤᠷᠢᠶᠠᠯᠠᠯ ᠤᠨ ᠡᠷᠡᠭᠦᠤ ᠰᠢᠢᠳᠬᠡᠯ ᠬᠦᠢᠴᠡᠳᠬᠡᠵᠤ ᠪᠠᠶᠢᠭ᠎ᠠ ᠬᠥᠮᠦᠰ ᠤᠨ ᠬᠠᠤᠯᠢ ᠴᠠᠭᠠᠵᠠ ᠶᠢ  ᠰᠤᠷᠤᠯᠴᠠᠬᠤ᠂ ᠥᠪᠡᠷ ᠤᠨ ᠪᠡᠶ᠎ᠡ ᠪᠠᠨ ᠲᠠᠬᠢᠨ ᠲᠠᠨᠢᠬᠤ ᠵᠢᠴᠢ ᠳᠠᠬᠢᠨ ᠢᠲᠡᠭᠡᠯ ᠲᠠᠢ ᠪᠤᠯᠬᠤ ᠳᠤ ᠴᠢᠬᠤᠯᠠ ᠲᠠᠪᠴᠠᠩ ᠬᠠᠩᠭᠠᠨ ᠦᠭᠴᠡᠢ᠃ ᠡᠭᠦᠨ ᠤ ᠬᠠᠮᠲᠤ᠂ ᠪᠤᠭᠤᠲᠤ ᠬᠤᠲᠠ ᠶᠢᠨ ᠮᠠᠩᠬᠠᠨ ᠠᠶᠠᠯᠭᠤ ᠵᠦᠴᠦᠬᠡ ᠶᠢᠨ  ᠬᠦᠷᠢᠶᠡᠯᠡᠩ ᠯᠦᠭᠡ ᠢᠳᠡᠪᠬᠢᠲᠡᠢ ᠵᠤᠯᠭᠠᠯᠴᠠᠭᠤᠯᠵᠤ᠂ ᠤᠯᠠᠭᠠᠨᠮᠥ᠋ᠴᠢᠷ ᠤᠨ ᠬᠠᠤᠯᠢᠵᠢᠯ ᠤᠨ ᠤᠬᠠᠭᠤᠯᠭ᠎ᠠ ᠶᠢᠨ ᠨᠠᠷᠠᠲᠤ ᠲᠥᠷᠥᠯ ᠲᠡᠮᠳᠡᠭ ᠢ ᠡᠬᠦᠳᠴᠦ᠂ ᠬᠠᠤᠯᠢᠵᠢᠯ ᠤᠨ ᠤᠯᠠᠭᠠᠨᠮᠥ᠋ᠴᠢᠷ ᠤᠨ ᠡᠩᠨᠡᠭᠡ ᠪᠠᠶᠢᠬᠰᠠᠨ ᠦᠬᠡᠢ ᠠᠴᠠ ᠪᠠᠨ ᠪᠠᠶᠢᠬᠤ ᠪᠤᠯᠤᠬᠰᠠᠨ ᠲᠡᠦᠬᠡ ᠶᠢᠨ ᠲᠠᠪᠠᠯᠳᠠ ᠶᠢ ᠪᠡᠶᠡᠯᠡᠭᠦᠯᠪᠡ᠃ ︽ᠤᠯᠠᠭᠠᠨᠮᠥ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠤ ᠲᠤᠮᠳᠠ ᠤᠴᠢᠬᠤ ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠨᠢ ᠬᠦᠨᠳᠡᠯᠡᠨ ᠭᠤᠤᠯ ᠪᠠᠯᠭᠠᠰᠤ᠂ ᠪᠤᠷᠬᠠᠨᠲᠤ ᠪᠠᠯᠭᠠᠰᠤ᠂ ᠬᠦᠨᠳᠡᠯᠡᠨ ᠬᠤᠶᠢᠳᠤ ᠵᠠᠮ ᠎ ᠤᠨ ᠵᠡᠬᠡᠯᠢ ᠭᠤᠳᠤᠮᠵᠢ ᠶᠢᠨ ᠠᠯᠪᠠᠨ ᠬᠡᠷ ᠵᠡᠷᠭᠡ ᠵᠡᠭᠡᠯᠢ ᠪᠠᠯᠭᠠᠰᠤᠨ ᠳᠤ ᠭᠦᠨᠵᠡᠭᠡᠶᠢᠷᠡᠨ 20 ᠭᠠᠷᠤᠶ ᠲᠠᠯᠠᠪᠤᠷ ᠤᠯᠠᠭᠠᠨᠮᠥ᠋ᠴᠢᠷ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠬᠦᠯᠢᠶᠡᠨ ᠠᠪᠤᠭᠴᠢᠳ 3 ᠲᠦᠮᠡ ᠭᠠᠷᠤᠶ ᠬᠥᠮᠦᠨ  ᠎ ᠳᠤ ᠬᠦᠷᠴᠦ᠂ ︽ᠭᠡᠷ ᠵᠠᠭᠤᠷ᠎ᠠ ᠶᠢᠨ ᠵᠢᠵᠢᠭ ᠰᠠᠵᠢᠭ ᠶᠠᠪᠤᠳᠠᠯ ᠠᠴᠠ ᠡᠶ᠎ᠡ ᠵᠣᠬᠢᠴᠠᠯ ᠢ ᠦᠬᠦᠯᠡᠬᠦᠢ︾  ᠬᠢᠯᠪᠢᠬᠡᠨ ᠵᠦᠴᠦᠬᠡ ᠣᠯᠠᠨ ᠲᠦᠮᠡᠨ ᠤ ᠰᠠᠶᠢᠨ ᠦᠨᠡᠯᠡᠯᠲᠡ ᠶᠢ ᠤᠯᠵᠤ ᠪᠠᠶᠢᠨ᠎ᠠ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号