ᠰᠢ ᠶᠢᠨ ᠫᠢᠩ᠄ ᠠᠷᠠᠳ ᠲᠦᠮᠡᠨ ᠪᠣᠯ ᠮᠠᠨ ᠤ ᠨᠠᠮ ᠤᠨ ᠲᠥᠷᠥ ᠪᠠᠷᠢᠬᠤ ᠬᠠᠮᠤᠭ ᠤᠨ ᠶᠡᠭᠡ ᠡᠷᠴᠢ ᠬᠦᠴᠦᠨ ᠮᠥᠨ
ᠨᠡᠶᠢᠲᠡᠯᠡᠭᠰᠡᠨ ᠴᠠᠭ᠄
2020/5/28
     5 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ‌ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦ ᠰᠠᠭᠤᠷᠢ ᠨᠢ ᠠᠷᠠᠳ ᠲᠦᠮᠡᠨ ᠳᠤ ᠪᠤᠢ᠂ ᠴᠢᠰᠤᠨ ᠪᠠᠷᠢᠯᠳᠤᠯᠭ᠎ᠠ ᠨᠢ ᠠᠷᠠᠳ ᠲᠦᠮᠡᠨ ᠳᠤ ᠪᠤᠢ︾᠂ ︽ᠠᠷᠠᠳ ᠲᠦᠮᠡᠨ ᠪᠣᠯ ᠮᠠᠨ ᠤ ᠨᠠᠮ ᠤᠨ ᠲᠦᠷᠦ ᠪᠠᠷᠢᠬᠤ‌ᠬᠠᠮᠤᠭ ᠤᠨ ᠶᠡᠭᠡ ᠬᠦᠴᠦᠨ ᠴᠢᠳᠠᠯ ᠮᠥᠨ︾ ᠭᠡᠵᠦ ᠴᠢᠬᠤᠯᠠᠴᠢᠯᠠᠪᠠ᠃ ᠰᠢ ᠶᠢᠨ ᠫᠢᠩ ᠠᠷᠠᠳ ᠲᠦᠮᠡᠨ ᠢ ᠢᠮᠠᠭᠲᠠ ᠬᠠᠮᠤᠭ ᠤᠨ ᠳᠡᠭᠡᠳᠦ ᠪᠠᠶᠢᠷᠢᠨ ᠳᠤ ᠲᠠᠯᠪᠢᠭᠰᠠᠭᠠᠷ ᠢᠷᠡᠪᠡ᠃2020 ᠣᠨ ᠤ ᠪᠦᠬᠦ ᠤᠯᠤᠰ ᠤᠨ ᠬᠤᠶᠠᠷ ᠬᠤᠷᠠᠯ ᠳᠤ᠂ ᠲᠡᠷᠡ ᠠᠩᠬ᠎ᠠ ᠤᠳᠠᠭ᠎ᠠ ᠪᠦᠯᠬᠦᠮ ᠳᠤᠭᠤᠶᠢᠯᠠᠩ ‍ᠤᠨ‌‍ᠬᠢᠨᠠᠨ ᠵᠥᠪᠯᠡᠬᠦ ᠳᠤ ᠣᠷᠣᠯᠴᠠᠵᠤ᠂ ᠲᠠᠯᠪᠢᠭᠰᠠᠨ ᠶᠠᠷᠢᠶ᠎ᠠ ᠨᠢ ᠨᠡᠩ ᠴᠤ ︽ᠠᠷᠠᠳ ᠲᠦᠮᠡᠨ︾ ᠭᠡᠬᠦ ᠬᠤᠶᠠᠷ ᠥᠰᠥᠭ ᠲᠠᠢ ᠨᠢᠭᠲᠠ ᠤᠶᠠᠯᠳᠤᠵᠤ ᠪᠠᠶᠢᠪᠠ᠃ ᠪᠢᠳᠠ ᠬᠠᠮᠲᠤ ᠪᠠᠷ ᠰᠢ ᠶᠢᠨ ᠫᠢᠩ ᠤᠨ ︽ᠠᠷᠠᠳ ᠲᠦᠮᠡᠨ︾ ᠤ ᠲᠤᠬᠠᠢ ᠴᠢᠩ ᠦᠨᠡᠨᠴᠢ ᠦᠭᠡ ᠶᠢ ᠰᠣᠨᠣᠰᠴᠤ᠂ ᠶᠡᠷᠦᠩᠬᠡᠢ ᠱᠦᠵᠢ ᠶᠢᠨ ᠠᠷᠠᠳ ᠲᠦᠮᠡᠨ ᠤ ᠲᠥᠯᠥᠭᠡ ᠵᠢᠳᠬᠦᠬᠦ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠣᠶᠢᠯᠠᠭᠠᠶ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号