ᠪᠤᠭᠤᠲᠤ ᠶᠢᠨ ᠪᠦᠷᠢᠨ ᠪᠠᠷᠠᠭᠠᠲᠤ ᠲᠤᠮᠤ ᠠᠰᠠᠷ ᠢ 1959 ᠣᠨ ᠳᠤ ᠡᠬᠢᠯᠡᠨ ᠪᠠᠶᠢᠭᠤᠯᠵᠤ᠂ 1984 | ᠣᠨ ᠳᠤ ᠤᠯᠤᠰ ᠤᠨ ᠬᠤᠳᠠᠯᠳᠤᠭᠠᠨ ᠤ ᠶᠠᠮᠤᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠭᠤᠷᠪᠠᠨ | ᠱᠠᠲᠤᠨ ᠤ ᠵᠠᠰᠠᠭ ᠤᠨ ᠣᠷᠳᠣᠨ ᠠᠴᠠ ᠪᠡᠯᠡ ᠣᠷᠣᠭᠤᠯᠵᠤ᠂ ᠬᠦᠨᠳᠡᠯᠡᠨ ᠲᠣᠭᠤᠷᠢᠭ ᠤᠨ ᠪᠦᠷᠢᠨ ᠪᠠᠷᠠᠭᠠᠲᠤ ᠲᠤᠮᠤ | ᠠᠰᠠᠷ ᠤᠨ ᠬᠠᠭᠤᠴᠢᠨ ᠰᠠᠭᠤᠷᠢᠨ ᠳᠤ ᠲᠠᠪᠤᠨ ᠳᠠᠪᠬᠤᠷ ᠪᠦᠷᠢᠨ ᠪᠠᠷᠠᠭᠠᠲᠤ ᠲᠤᠮᠤ ᠠᠰᠠᠷ ᠪᠣᠯᠭᠠᠨ ᠥᠭᠡᠷᠡᠴᠢᠯᠡᠨ | ᠪᠠᠶᠢᠭᠤᠯᠵᠤ᠂ ᠵᠢᠩᠬᠢᠨᠢ ᠪᠠᠷ ︽ᠪᠤᠭᠤᠲᠤ ᠶᠢᠨ ᠪᠦᠷᠢᠨ ᠪᠠᠷᠠᠭᠠᠲᠤ ᠲᠤᠮᠤ ᠠᠰᠠᠷ︾ ᠭᠡᠵᠦ ᠨᠡᠷᠡᠶᠢᠳᠪᠡ᠃ | ᠰᠡᠭᠦᠯᠡᠷ ᠨᠢ 1997 ᠣᠨ ᠪᠠ 2002 ᠣᠨ ᠳᠤ ᠬᠤᠶᠠᠷ ᠤᠳᠠᠭ᠎ᠠ ᠳᠦᠷᠢᠮ ᠤᠨ ᠥᠭᠡᠷᠡᠴᠢᠯᠡᠯᠲᠡ ᠬᠢᠵᠦ᠂ | 2008 ᠣᠨ ᠳᠤ ᠥᠷᠭᠡᠳᠬᠡᠨ ᠪᠦᠳᠦᠬᠡᠨ ᠪᠠᠶᠢᠭᠤᠯᠵᠤ᠂ 2012 ᠣᠨ ᠳᠤ ᠳᠡᠰ ᠳᠡᠪᠰᠢᠬᠦᠯᠵᠦ᠂ ᠬᠠᠭᠠᠰ | ᠵᠠᠭᠤᠨ ᠤ ᠪᠤᠶᠢᠵᠢᠯᠲᠠ ᠪᠠ ᠬᠥᠭᠵᠢᠯᠲᠡ ᠶᠢ ᠥᠩᠭᠡᠷᠡᠭᠡᠭᠡᠳ᠂ ᠪᠤᠭᠤᠳᠤ ᠶᠢᠨ ᠪᠦᠷᠢᠨ ᠪᠠᠷᠠᠭᠠᠳᠤ ᠲᠤᠮᠤ | ᠠᠰᠠᠷ ᠤᠨ ᠬᠢᠨ ᠡᠷᠡᠮᠡᠬᠡᠶᠢᠯᠡᠨ ᠴᠢᠷᠮᠡᠶᠢᠵᠤ ᠵᠣᠷᠢᠭᠲᠠᠶ ᠪᠠᠷ ᠤᠷᠤᠭᠰᠢᠯᠠᠨ ᠳᠠᠪᠰᠢᠵᠤ᠂ ᠵᠠᠮ ᠨᠡᠭᠡᠭᠡᠨ ᠰᠢᠨ᠎ᠡ ᠶᠢ | ᠡᠭᠦᠳᠴᠦ᠂ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠩᠬ᠎ᠠ ᠡᠬᠢᠨ ᠳᠡᠭᠡᠨ ᠪᠤᠭᠤᠳᠤ ᠶᠢᠨ | ᠪᠤᠯᠤᠳ ᠲᠡᠮᠦᠷ ᠤᠨ ᠪᠦᠳᠦᠬᠡᠨ ᠪᠠᠶᠢᠭᠤᠯᠤᠯᠳᠠ ᠳᠤ ᠦᠢᠯᠡᠴᠢᠯᠡᠬᠦ᠂ ᠲᠠᠯᠠᠪᠠᠢ ᠨᠢ ᠵᠦᠪᠬᠡᠨ 3000 ᠭᠠᠷᠤᠢ ᠲᠡᠭᠰᠢ | ᠲᠦᠷᠪᠡᠯᠵᠢᠨ ᠮᠲᠸᠡᠷ᠂ ᠨᠢᠬᠡ ᠯᠡ ᠲᠡᠯᠬᠡᠬᠦᠷ ᠢᠶᠠᠷ ᠡᠵᠡᠩᠨᠡᠵᠤ ᠪᠠᠶᠢᠬᠰᠠᠨ ᠪᠠᠭ᠎ᠠ ᠬᠡᠯᠪᠡᠷᠢ ᠶᠢᠨ ᠪᠦᠷᠢᠨ ᠪᠠᠷᠠᠭᠠᠳᠤ | ᠲᠡᠯᠬᠡᠬᠦᠷ ᠪᠠᠶᠢᠬᠰᠠᠨ ᠠᠴᠠ ᠪᠠᠨ ᠤᠳᠤ ᠶᠢᠨ 6 ᠲᠤᠮᠤ ᠪᠦᠷᠢᠨ ᠪᠠᠷᠠᠭᠠᠳᠤ ᠲᠡᠯᠬᠡᠬᠦᠷ ᠲᠠᠢ᠂ 10 ᠬᠤᠯᠪᠤᠭᠠᠳᠤ | ᠬᠠᠮ ᠲᠡᠯᠬᠡᠬᠦᠷ᠂ 31 ᠬᠤᠯᠪᠤᠭᠠᠳᠤ ᠡᠮ ᠤᠨ ᠲᠡᠯᠬᠡᠬᠦᠷ ᠲᠠᠢ᠂ ᠡᠵᠡᠩᠨᠡᠯᠳᠡ ᠶᠢᠨ ᠲᠠᠯᠠᠪᠠᠢ ᠨᠢ 20 ᠲᠦᠮᠡᠨ | ᠲᠡᠭᠰᠢ ᠲᠦᠷᠪᠡᠯᠵᠢᠨ ᠮᠧᠲᠷ᠂ ᠵᠢᠯ ᠤᠨ ᠪᠤᠷᠤᠯᠠᠭᠤᠯᠭ᠎ᠠ ᠶᠢᠨ ᠬᠡᠮᠵᠢᠶ᠎ᠠ 15 ᠳ᠋ᠦᠩᠰᠢᠭᠤᠷ ᠭᠠᠷᠤᠢ ᠲᠦᠬᠦᠷᠢᠭ ᠲᠤ | ᠬᠦᠷᠴᠤ᠂ ᠠᠵᠢᠯᠯᠠᠵᠤ ᠪᠠᠶᠢᠭ᠎ᠠ ᠬᠦᠮᠦᠨ ᠤ ᠲᠤᠭ᠎ᠠ 7000 ᠤᠢᠢᠷᠠᠳᠤᠵᠤ᠂ ᠬᠤᠯᠪᠤᠭᠠᠳᠤ ᠲᠡᠯᠬᠡᠬᠦᠷ ᠨᠢ ᠪᠤᠭᠤᠳᠤ | ᠬᠤᠳᠠ ᠶᠢᠨ ᠬᠦᠨᠳᠡᠯᠡᠨ ᠲᠤᠭᠤᠷᠢᠭ᠂ ᠴᠢᠩᠱᠠᠨ ᠲᠤᠭᠤᠷᠢᠭ᠂ ᠳ᠋ᠦᠩ ᠡᠾᠧ ᠲᠤᠭᠤᠷᠢᠭ ᠵᠢᠴᠢ ᠤᠢᠢᠷ᠎ᠠ ᠬᠠᠪᠢ ᠶᠢᠨ | ᠬᠤᠰᠢᠭᠤ ᠰᠢᠶᠠᠨ ᠲᠤᠭᠤᠷᠢᠭ ᠤᠨ ᠬᠤᠳᠠᠯᠳᠤᠭᠠᠨ ᠤ ᠦᠢᠯᠡᠰ ᠠᠵᠤ ᠠᠬᠤᠢᠢᠯᠠᠯ ᠤᠨ ᠪᠦᠯᠦᠭᠯᠡᠯ ᠢᠶᠠᠷ ᠲᠠᠷᠬᠠᠵᠤ ᠪᠤᠢ | ᠃ |