ᠣᠶᠢᠷ᠎ᠠ ᠳᠤ᠂ ᠠᠮᠧᠷᠢᠺᠠ ᠶᠢᠨ ᠰᠢᠨᠰᠢᠨᠨᠠᠲ ᠬᠡᠦᠬᠡᠳ ᠤᠨ ᠡᠮᠨᠡᠯᠭᠡ ᠶᠢᠨ ᠬᠤᠷᠢᠶᠠᠨ ᠤ ᠨᠢᠭᠡᠨ ᠰᠢᠨ᠎ᠡ | ᠰᠤᠳᠤᠯᠭᠠᠨ ᠢᠶᠠᠷ ᠢᠯᠡᠷᠡᠭᠦᠯᠦᠭᠰᠡᠨ ᠢᠶᠠᠷ᠂ ᠴᠠᠬᠢᠮ ᠳᠡᠯᠭᠡᠴᠡ ᠬᠠᠷᠠᠵᠤ ᠰᠠᠭᠤᠬᠤ ᠴᠠᠭ ᠨᠢ ᠬᠡᠲᠦ ᠤᠷᠲᠤ ᠪᠣᠯᠪᠠᠯ | ᠬᠡᠦᠬᠡᠳ ᠤᠨ ᠦᠭᠡ ᠬᠡᠯᠡ ᠪᠠ ᠥᠪᠡᠷ ᠢ ᠪᠠᠨ ᠵᠤᠬᠢᠴᠠᠭᠤᠯᠬᠤ ᠲᠠᠯ᠎ᠠ ᠪᠠᠷ ᠬᠢ ᠴᠢᠳᠠᠪᠤᠷᠢ ᠶᠢ ᠪᠠᠭᠤᠷᠠᠭᠤᠯᠵᠤ | ᠮᠡᠳᠡᠨ᠎ᠡ ᠬᠡᠪᠡ᠃ | ᠰᠤᠳᠤᠯᠤᠭᠠᠴᠢᠳ᠂ 3 ~ 5 ᠨᠠᠰᠤᠨ ᠤ 47 ᠬᠡᠦᠬᠡᠳ ᠲᠤ ᠲᠤᠷᠰᠢᠯᠳᠠ ᠬᠢᠭᠰᠡᠨ ᠳ᠋ᠦᠩ ᠠᠴᠠ ᠦᠵᠡᠪᠡᠯ | ᠂ ᠡᠳᠦᠷ ᠪᠦᠷᠢ ᠺᠣᠮᠫᠢᠦ᠋ᠲ᠋ᠧᠷ᠂ ᠲᠧᠯᠸᠢᠰ ᠪᠠ ᠭᠠᠷ ᠤᠲᠠᠰᠤ ᠵᠡᠷᠭᠡ ᠴᠠᠬᠢᠮ ᠳᠡᠯᠭᠡᠴᠡ ᠶᠢ ᠴᠠᠭ ᠬᠡᠲᠦᠷᠡᠳᠡᠯ᠎ᠡ | ᠦᠵᠡᠭᠰᠡᠨ ᠬᠡᠦᠬᠡᠳ ᠤᠨ ᠲᠠᠷᠢᠬᠢᠨ ᠤ ᠴᠠᠭᠠᠨ ᠡᠳ᠋ ︵ᠦᠭᠡ ᠬᠡᠯᠡ᠂ ᠤᠩᠰᠢᠵᠤ ᠪᠢᠴᠢᠬᠦ ᠵᠢᠴᠢ ᠲᠠᠨᠢᠨ | ᠮᠡᠳᠡᠬᠦᠢ ᠶᠢᠨ ᠴᠢᠳᠠᠪᠤᠷᠢ ᠶᠢ ᠨᠥᠯᠥᠭᠡᠯᠡᠬᠦ ᠪᠣᠳᠠᠰ︶ ᠤᠨ ᠪᠤᠶᠢᠵᠢᠯᠲᠠ ᠨᠢ ᠴᠠᠬᠢᠮ ᠲᠡᠯᠭᠡᠴᠡ ᠤᠳᠠᠭᠠᠨ ᠦᠵᠡᠭᠰᠡᠨ | ᠦᠭᠡᠢ ᠬᠡᠦᠬᠡᠳ ᠤᠨ ᠬᠢ ᠠᠴᠠ ᠢᠯᠡᠷᠬᠡᠶ ᠳᠣᠤᠷ᠎ᠠ ᠪᠠᠶᠢᠳᠠᠭ᠃ | ᠰᠤᠳᠤᠯᠭᠠᠨ ᠠᠴᠠ ᠦᠵᠡᠪᠡᠯ᠂ ᠺᠣᠮᠫᠢᠦ᠋ᠲ᠋ᠧᠷ᠂ ᠲᠧᠯᠸᠢᠰ ᠪᠠ ᠭᠠᠷ ᠤᠲᠠᠰᠤ ᠵᠡᠷᠭᠡ ᠴᠠᠬᠢᠮ ᠳᠡᠯᠭᠡᠴᠡ ᠶᠢ | ᠤᠷᠲᠤ ᠴᠠᠭ ᠢᠶᠠᠷ ᠦᠵᠡᠬᠦ ᠨᠢ ᠬᠡᠦᠬᠡᠳ ᠤᠨ ᠠᠩᠬᠠᠷᠤᠯ ᠲᠥᠪᠯᠡᠷᠡᠬᠦ ᠥᠬᠡᠶ᠂ ᠮᠠᠭᠤ ᠳᠠᠳᠬᠠᠯ ᠪᠠ ᠦᠢᠯᠡ | ᠠᠵᠢᠯᠯᠠᠭ᠎ᠠ ᠶᠢᠨ ᠠᠰᠠᠭᠤᠳᠠᠯ ᠲᠠᠢ ᠬᠤᠯᠪᠣᠭ᠎ᠠ ᠲᠠᠢ ᠪᠠᠶᠢᠳᠠᠭ᠃ ᠳᠡᠯᠭᠡᠴᠡ ᠦᠵᠡᠬᠦ ᠴᠠᠭ ᠨᠢ ᠬᠡᠲᠦᠷᠬᠡᠢ ᠤᠷᠲᠤ | ᠪᠣᠯᠬᠤ ᠠᠴᠠ ᠬᠡᠦᠬᠡᠳ ᠤᠨ ᠦᠭᠡ ᠬᠡᠯᠡᠨ ᠤ ᠪᠤᠶᠢᠵᠢᠯᠲᠠ ᠤᠳᠠᠭᠠᠰᠢᠷᠡᠬᠤ ᠮᠦᠷᠳᠡᠬᠡᠨ ᠡᠴᠢᠭᠡ ᠡᠬᠡ ᠶᠢᠨ ᠢᠶᠠᠨ | ᠬᠤᠭᠤᠷᠤᠨᠳᠤᠬᠢ ᠬᠠᠷᠢᠯᠴᠠᠭ᠎ᠠ ᠬᠤᠯᠪᠤᠭ᠎ᠠ ᠴᠤ ᠪᠠᠭᠠᠰᠤᠨ᠎ᠠ᠃ | ᠡᠶᠢᠮᠦ ᠠᠴᠠ ᠬᠡᠷ ᠤᠨ ᠠᠬᠠᠮᠡᠳ 18 ᠰᠠᠷ᠎ᠠ ᠪᠣᠯᠣᠭᠠᠳᠤᠢ ᠨᠢᠯᠬ᠎ᠠ ᠬᠡᠦᠬᠡᠳ ᠤᠨ ᠴᠠᠬᠢᠮ ᠪᠦᠲᠦᠭᠡᠭᠳᠡᠬᠦᠨ | ᠬᠡᠷᠡᠭᠯᠡᠬᠦ ᠠᠴᠠ ᠵᠠᠶᠢᠯᠠᠰᠬᠢᠬᠦ ᠬᠡᠷᠡᠭᠲᠡᠶ᠂ 2 ~ 5 ᠨᠠᠰᠤᠨ ᠤ ᠬᠡᠦᠬᠡᠳ ᠤᠨ ᠴᠠᠬᠢᠮ ᠳᠡᠯᠭᠡᠴᠡ ᠦᠵᠡᠬᠦ ᠴᠠᠭ ᠢ ᠨᠢ | ᠴᠤ ᠪᠤᠭᠤᠨᠢᠰᠬᠠᠬᠤ ᠬᠡᠷᠡᠭᠲᠡᠢ᠃ ᠡᠭᠦᠨ ᠤ ᠬᠠᠮᠲᠤ᠂ ᠬᠡᠷ ᠤᠨ ᠠᠬᠠᠮᠡᠳ ᠠᠴᠠ ᠪᠠᠰᠠ ᠬᠡᠦᠬᠡᠳ ᠤᠨ ᠣᠷᠣᠢ ᠶᠢᠨ | ᠬᠤᠭᠤᠯᠠ ᠢᠳᠡᠬᠦ ᠦᠶ᠎ᠡ ᠪᠤᠶᠤ ᠤᠨᠲᠠᠬᠤ ᠦᠶ᠎ᠡ ᠳᠤ ᠪᠠᠨ ᠴᠠᠬᠢᠮ ᠪᠦᠲᠦᠭᠡᠭᠳᠡᠬᠦᠨ ᠬᠡᠷᠡᠭᠯᠡᠵᠦ ᠪᠣᠯᠬᠤ ᠦᠭᠡᠢ ᠶᠢ | ᠮᠡᠳᠡᠭᠦᠯᠵᠦ ᠰᠤᠷᠭᠠᠬᠤ ᠬᠡᠷᠡᠭᠲᠡᠢ ᠬᠡᠵᠤ ᠰᠠᠨᠠᠭᠤᠯᠵᠤ ᠪᠠᠶᠢᠨ᠎ᠠ᠃ |