ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢ ᠴᠢᠩᠭᠠᠳᠬᠠᠪᠠ᠃ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ | ᠲᠤᠭᠤᠶᠢᠯᠠᠩ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠂ ᠬᠦᠴᠦ ᠪᠠᠨ | ᠬᠠᠮᠲᠤᠳᠬᠠᠨ ᠬᠠᠮᠵᠢᠯᠴᠠᠪᠠ᠃ ᠬᠤᠶᠠᠷ ᠲᠤ᠂ ᠨᠠᠷᠢᠯᠢᠭ ᠣᠨᠣᠴᠠᠲᠠᠶ ᠪᠠᠷ ᠤᠬᠠᠭᠤᠯᠵᠤ᠂ ᠪᠥᠬᠦ ᠠᠷᠠᠳ ᠢᠶᠠᠷ ᠢᠶᠠᠨ | ᠮᠡᠳᠡᠬᠦ ᠶᠢ ᠠᠬᠢᠭᠤᠯᠪᠠ᠃ ᠵᠡᠭᠡᠯᠢ ᠭᠤᠳᠤᠮᠵᠢ᠂ ᠬᠡᠷ ᠬᠤᠷᠢᠶᠠᠯᠠᠯ ᠤᠨ ᠺᠠᠳ᠋ᠷ ᠵᠢᠷᠬᠢᠶ᠎ᠡ ᠣᠯᠠᠨ ᠨᠡᠶᠢᠲᠡ ᠶᠢᠨ | ᠲᠠᠪᠴᠠᠩ᠂ ᠨᠠᠶᠢᠵᠢ ᠶᠢᠨ ᠲᠣᠭᠤᠷᠢᠭ ᠲᠤ ᠬᠥᠮᠦᠨ ᠠᠮᠠ ᠶᠢᠨ ᠨᠡᠶᠢᠳᠡᠮ ᠤᠨ ᠪᠠᠶᠢᠴᠠᠭᠠᠯᠲᠠ ᠶᠢᠨ ᠮᠡᠳᠡᠭᠡ ᠵᠠᠩᠭᠢ | ᠶᠢ ᠨᠡᠶᠢᠲᠡᠯᠡᠵᠦ᠂ ︽ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠤᠨ | ᠪᠠᠶᠢᠴᠠᠭᠠᠯᠲᠠ︾ ᠶᠢᠨ ᠲᠤᠬᠠᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠳᠡᠯᠡᠵᠤ᠂ ᠬᠠᠷᠢᠶ᠎ᠠ ᠣᠷᠣᠨ ᠤ | ᠰᠠᠭᠤᠭᠠᠯᠢ ᠠᠷᠠᠳ ᠲᠤ ᠣᠨᠣᠪᠴᠢᠲᠠᠶ ᠤᠬᠠᠭᠤᠯᠭ᠎ᠠ ᠬᠢᠵᠦ᠂ ᠰᠠᠭᠤᠭᠠᠯᠢ ᠠᠷᠠᠳ ᠤᠨ ᠣᠶᠢᠯᠠᠭᠠᠬᠤ ᠬᠡᠮᠵᠢᠶ᠎ᠡ ᠪᠣᠯᠤᠨ | ᠬᠠᠮᠵᠢᠯᠴᠠᠬᠤ ᠬᠡᠮᠵᠢᠶ᠎ᠡ ᠶᠢ ᠲᠡᠭᠡᠭᠰᠢᠯᠡᠬᠦᠯᠦᠭᠰᠡᠨ ᠪᠠᠶᠢᠨ᠎ᠠ᠃ ᠭᠤᠷᠪᠠ ᠳᠤ᠂ ᠤᠬᠠᠭᠤᠯᠭ᠎ᠠ ᠶᠢᠨ ᠠᠵᠢᠯ ᠤᠨ ᠬᠡᠯᠪᠡᠷᠢ | ᠮᠠᠶ᠋ᠢᠭ ᠨᠢ ᠣᠯᠠᠨ ᠶᠠᠩᠵᠤ ᠶᠢᠨ ᠪᠠᠶᠢᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠤᠯᠭᠠᠬᠰᠠᠨ ᠪᠠᠶᠢᠨ᠎ᠠ᠃ ᠤᠬᠠᠭᠤᠯᠭ᠎ᠠ ᠶᠢᠨ ᠬᠠᠭᠤᠳᠠᠰᠤ 3000 ᠭᠠᠷᠤᠶ ᠬᠤᠪᠢ᠂ | ᠬᠥᠮᠦᠨ ᠠᠮᠠ ᠶᠢᠨ ᠨᠡᠶᠢᠳᠡᠮ ᠤᠨ ᠪᠠᠶᠢᠴᠠᠭᠠᠯᠲᠠ ᠶᠢᠨ ᠬᠥᠨᠳᠡᠯᠡᠨ ᠪᠢᠴᠢᠭᠡᠰᠦ 50 ᠭᠠᠷᠤᠶ ᠵᠤᠷᠪᠤᠰ᠂ | ᠤᠬᠠᠭᠤᠯᠭ᠎ᠠ ᠶᠢᠨ ᠵᠠᠷᠯᠠᠯ 800 ᠭᠠᠷᠤᠶ ᠬᠠᠭᠤᠳᠠᠰᠤ᠂ ᠬᠥᠮᠦᠨ ᠠᠮᠠ ᠶᠢᠨ ᠨᠡᠶᠢᠳᠡᠮ ᠤᠨ ᠪᠠᠶᠢᠴᠠᠭᠠᠯᠲᠠ ᠶᠢᠨ | ᠲᠡᠷᠭᠡ ᠳᠤ ᠬᠡᠷᠡᠭᠯᠡᠬᠦ ᠤᠬᠠᠭᠤᠯᠭ᠎ᠠ ᠶᠢᠨ 20 ᠭᠠᠷᠤᠶ ᠬᠠᠭᠤᠳᠠᠰᠤ ᠶᠢ ᠲᠠᠷᠬᠠᠭᠠᠵᠤ᠂ ᠵᠢᠷᠬᠢᠶ᠎ᠡ ᠴᠤᠬᠯᠠᠷᠠᠯ ᠢᠶᠠᠷ | ᠳᠠᠮᠵᠢᠭᠤᠯᠤᠭᠰᠠᠨ ᠮᠡᠳᠡᠭᠡ ᠵᠠᠩᠭᠢ 200 ᠭᠠᠷᠤᠶ ᠵᠤᠷᠪᠤᠰ ᠲᠤ ᠬᠦᠷᠴᠦ᠂ ᠵᠡᠭᠡᠯᠢ ᠶᠢᠨ ᠵᠠᠮ ᠳᠠᠭᠠᠤ ᠬᠤᠳᠠᠯᠳᠤᠭ᠎ᠠ | ᠳᠡᠯᠭᠡᠭᠦᠷ ᠤᠨ ᠡᠯᠧᠺᠲᠷᠣᠨ ᠳᠡᠯᠭᠡᠴᠡ ᠪᠠᠷ ᠬᠥᠮᠦᠨ ᠠᠮᠠ ᠶᠢᠨ ᠨᠡᠶᠢᠳᠡᠮ ᠤᠨ ᠪᠠᠶᠢᠴᠠᠭᠠᠯᠳᠠ ᠶᠢᠨ ᠮᠡᠳᠡᠭᠡ ᠵᠠᠩᠭᠢ | ᠵᠢᠴᠢ ᠬᠦᠮᠦᠨ ᠠᠮᠠ ᠶᠢᠨ ᠪᠠᠶᠢᠴᠠᠭᠠᠯᠳᠠ ᠶᠢᠨ ᠠᠵᠢᠯᠴᠢᠳ ᠤᠨ ᠡᠷᠦᠬᠡ ᠪᠠᠷ ᠬᠦᠷᠴᠦ ᠤᠬᠠᠭᠤᠯᠭ᠎ᠠ ᠶᠢᠨ | ᠬᠠᠭᠤᠳᠠᠰᠦ ᠲᠠᠷᠬᠠᠭᠠᠬᠤ ᠵᠡᠷᠭᠡ ᠣᠯᠠᠨ ᠬᠡᠯᠪᠡᠷᠢ ᠶᠢ ᠠᠪᠴᠦ᠂ ᠳᠣᠯᠣᠳᠤᠭᠠᠷ ᠤᠳᠠᠭᠠᠨ ᠤ ᠪᠦᠬᠦ ᠤᠯᠤᠰ ᠤᠨ | ᠬᠥᠮᠦᠨ ᠠᠮᠠ ᠶᠢᠨ ᠨᠡᠶᠢᠳᠡᠮ ᠤᠨ ᠪᠠᠶᠢᠴᠠᠭᠠᠯᠲᠠ ᠶᠢᠨ ᠠᠭᠤᠯᠭ᠎ᠠ ᠪᠣᠯᠤᠨ ᠠᠴᠢ ᠬᠤᠯᠪᠣᠭᠳᠠᠯ ᠢ ᠥᠷᠭᠡᠨ ᠢᠶᠠᠷ | ᠤᠬᠠᠭᠤᠯᠵᠤ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠰᠠᠨ ᠪᠠᠶᠢᠨ᠎ᠠ᠃ |