ᠨᠥᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽ᠨᠡᠶᠢᠭᠡᠮ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠵᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ︾ ᠨᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠳᠠ ᠶᠢᠨ ᠰᠢᠨ᠎ᠡ ᠵᠠᠭᠪᠤᠷ ᠢ  ᠪᠠᠶᠢᠭᠤᠯᠵᠠᠢ
ᠨᠡᠶᠢᠲᠡᠯᠡᠭᠰᠡᠨ ᠴᠠᠭ᠄
2020/7/4
     ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠯᠠᠨ ᠡᠰᠢᠴᠢᠯᠡᠭᠰᠡᠨ ᠤᠷᠤᠯᠴᠠᠯᠭ᠎ᠠ ᠶᠢ  ᠠᠬᠢᠭᠤᠯᠪᠠ᠃ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠤᠨ᠂ ᠨᠡᠶᠢᠭᠡᠮ ᠠᠵᠤ ᠠᠬᠤᠶᠢᠯᠠᠯ ᠬᠤᠯᠪᠣᠭᠠᠯᠠᠨ ᠪᠦᠲᠦᠭᠡᠨ ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠨᠡᠶᠢᠯᠡᠯ ᠬᠦᠴᠦᠨ ᠢ ᠪᠦᠷᠢᠯᠳᠦᠭᠦᠯᠬᠦ︾ ᠪᠠᠷ ᠭᠤᠤᠯ ᠠᠳᠬᠤᠴᠠ ᠪᠣᠯᠭᠠᠵᠤ᠂ ᠵᠡᠭᠡᠯᠢ ᠭᠤᠳᠤᠮᠵᠢ ᠶᠢᠨ ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠣᠷᠣᠯᠴᠠᠭᠰᠠᠨ ᠰᠠᠶᠢᠨ  ᠰᠠᠶᠢᠬᠠᠨ ᠤᠷᠴᠢᠯ ᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠶᠢ ᠬᠠᠮᠳᠤ ᠪᠠᠷ ᠵᠥᠪᠳᠡᠯᠴᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠲᠤᠬᠠᠶᠢᠯᠠᠭᠰᠠᠨ ᠠᠵᠢᠯ ᠢ ᠬᠠᠮᠲᠤ ᠪᠠᠷ ᠠᠬᠢᠭᠤᠯᠬᠤ᠂ ᠠᠰᠠᠭᠤᠳᠠᠯ ᠢ ᠬᠠᠮᠲᠤ ᠪᠠᠷ ᠰᠢᠢᠳᠪᠦᠷᠢᠯᠡᠬᠦ᠂ ᠠᠵᠢᠯᠯᠠᠭ᠎ᠠ ᠶᠢ ᠬᠠᠮᠲᠤ ᠪᠠᠷ ᠡᠷᠬᠢᠯᠡᠬᠦ ᠣᠷᠣᠨ ᠪᠦᠰᠡᠵᠢᠭᠰᠡᠨ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠤᠢ ᠪᠤᠯᠭᠠᠵᠠᠢ᠃ ᠬᠤᠶᠠᠷ ᠲᠤ᠂ ᠲᠤᠤᠷᠵᠢᠭᠤᠯᠤᠬᠰᠠᠨ ᠵᠠᠰᠠᠯᠲᠠ ᠶᠢ ᠭᠦᠨᠵᠡᠭᠡᠶᠢᠷᠡᠭᠦᠯᠵᠦ᠂ ᠥᠪᠡᠷᠮᠢᠴᠡ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢ ᠪᠣᠶ ᠪᠤᠯᠭᠠᠵᠠᠢ᠃ ︽ᠨᠥᠬᠦᠷᠯᠡᠯ ᠠᠰᠠᠷ ᠤᠨ ᠳᠠᠷᠤᠭ᠎ᠠ ︾ ᠪᠠᠷ ᠨᠠᠷᠠᠲᠤ ᠲᠡᠮᠳᠡᠭ ᠪᠣᠯᠭᠠᠵᠤ᠂  ᠬᠡᠷ ᠬᠤᠷᠢᠶᠠᠯᠠᠯ ᠤᠨ ᠲᠤᠤᠷᠵᠢᠭᠤᠯᠤᠬᠰᠠᠨ ᠬᠠᠮᠢᠶᠠᠷᠤᠯᠳᠠ ᠶᠢᠨ ᠠᠵᠢᠯᠳᠠᠨ ᠤ ᠦᠢᠯᠡᠳᠦᠯ ᠢ ᠬᠦᠢᠴᠡᠳ ᠪᠠᠳᠠᠷᠠᠭᠤᠯᠪᠠ᠃ ︽ᠭᠤᠷᠪᠠᠨ ᠠᠵᠢᠯᠲᠠᠨ︾ ᠢ ᠪᠦᠷᠢᠨ ᠲᠣᠬᠢᠷᠠᠭᠤᠯᠵᠤ᠂ ︽ᠭᠤᠷᠪᠠ ᠳᠤ ᠰᠠᠭᠤᠷᠢᠰᠢᠬᠤ︾ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂  ᠲᠤᠤᠷᠵᠢᠭᠤᠯᠤᠬᠰᠠᠨ ᠬᠠᠮᠢᠶᠠᠷᠤᠯᠳᠠ ᠶᠢᠨ ᠠᠵᠢᠯᠳᠠᠨ  ᠤ ᠠᠴᠢᠶᠠᠯᠠᠭᠴᠢ ᠶᠢ ᠥᠷᠭᠡᠳᠬᠡᠵᠦ᠂ ᠨᠡᠩ ᠣᠯᠠᠨ ᠨᠡᠶᠢᠭᠡᠮ ᠤᠨ ᠬᠦᠴᠦᠨ ᠢ  ᠲᠤᠤᠷᠵᠢᠭᠤᠯᠤᠬᠰᠠᠨ ᠬᠠᠮᠢᠶᠠᠷᠤᠯᠳᠠ ᠳᠤ ᠰᠢᠩᠭᠡᠭᠡᠨ ᠠᠪᠴᠤ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠨᠡᠶᠢᠭᠡᠮ ᠤᠨ ᠵᠠᠰᠠᠯᠲᠠ ᠶᠢᠨ ᠠᠵᠢᠯ ᠢ ᠭᠦᠨᠵᠡᠭᠡᠶ ᠠᠭᠤᠰᠤᠯᠴᠠᠭᠤᠯᠵᠤ᠂ ᠬᠠᠷᠢᠯᠴᠠᠨ ᠠᠬᠢᠭᠤᠯᠵᠤ᠂ ︽ᠬᠥᠮᠦᠨ ᠲᠤᠤᠷᠵᠢᠭᠤᠯᠤᠬᠰᠠᠨ ᠬᠠᠮᠢᠶᠠᠷᠤᠯᠳᠠ ᠳᠤ ᠪᠠᠶᠢᠵᠤ᠂ ᠤᠴᠢᠷ ᠶᠠᠪᠤᠳᠠᠯ ᠢ ᠲᠤᠤᠷᠵᠢᠭᠤᠯᠤᠬᠰᠠᠨ ᠬᠠᠮᠢᠶᠠᠷᠤᠯᠳᠠ ᠲᠤᠳᠤᠷ᠎ᠠ  ᠰᠢᠢᠳᠪᠦᠷᠢᠯᠡᠬᠦ︾ ᠠᠵᠢᠯ ᠤᠨ ᠲᠣᠭᠲᠠᠴᠠ ᠶᠢ ᠪᠡᠶᠡᠯᠡᠬᠦᠯᠦᠭᠰᠡᠨ ᠪᠠᠶᠢᠨ᠎ᠠ᠃ ᠭᠤᠷᠪᠠ ᠳᠤ᠂ ᠬᠠᠷᠢᠯᠴᠠᠨ ᠠᠬᠢᠭᠤᠯᠵᠤ ᠬᠠᠷᠢᠯᠴᠠᠨ ᠬᠠᠪᠰᠤᠷᠤᠯᠴᠠᠬᠤ ᠶᠢ ᠪᠠᠷᠢᠮᠲᠠᠯᠠᠵᠤ᠂ ᠬᠠᠮᠲᠤᠪᠠᠷ ᠵᠠᠰᠠᠵᠤ ᠬᠠᠮᠳᠤ ᠪᠠᠷ ᠡᠳ᠋ᠯᠡᠬᠦ ᠶᠢ ᠠᠬᠢᠭᠤᠯᠪᠠ᠃ ︽ᠭᠤᠷᠪᠠᠨ ᠬᠠᠩᠭᠠᠯᠭ᠎ᠠ ᠨᠢᠭᠡ ᠦᠢᠯᠡᠰ︾ ᠢᠶᠠᠷ ᠲᠥᠯᠥᠭᠡᠯᠡᠭᠦᠯᠦᠭᠰᠡᠨ ᠨᠡᠶᠢᠭᠡᠮ ᠤᠨ ᠬᠦᠴᠦᠨ ᠢ ᠰᠠᠶᠢᠲᠤᠷ ᠪᠠᠳᠠᠷᠠᠭᠤᠯᠵᠤ᠂ ᠬᠠᠮᠲᠤᠪᠠᠷ ᠪᠠᠶᠢᠭᠤᠯᠬᠤ ᠬᠡᠯᠡᠯᠴᠡᠭᠡᠷ ᠲᠣᠭᠲᠠᠬᠤ ᠶᠢᠨ ᠬᠠᠮᠲᠤ᠂ ᠦᠢᠯᠡᠳᠦᠯᠬᠡ ᠶᠢᠨ ᠳᠤᠮᠳᠠ ᠠᠵᠢᠯ ᠤᠨ ᠲᠤᠬᠳᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠲᠣᠭᠲᠠᠴᠠ ᠪᠠᠷ ᠳᠠᠮᠵᠢᠨ ᠬᠥᠮᠦᠨ ᠢ ᠬᠠᠮᠢᠶᠠᠷᠴᠤ ᠤᠴᠢᠷ ᠶᠠᠪᠤᠳᠠᠯ ᠢ ᠬᠠᠮᠢᠶᠠᠷᠤᠨ᠂ ᠬᠡᠷ ᠬᠤᠷᠢᠶᠠᠯᠠᠯ ᠤᠨ ᠲᠣᠤᠷᠵᠢᠭᠤᠯᠤᠭᠰᠠᠨ ᠵᠠᠰᠠᠯᠲᠠ ᠶᠢ ᠦᠨᠡᠨ ᠬᠦ ᠠᠮᠢᠳᠤᠯᠢᠭ ᠬᠢᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠷ᠎ᠡ ᠪᠦᠲᠦᠮᠵᠢ ᠲᠠᠢ᠂ ᠦᠷ᠎ᠡ ᠪᠦᠲᠦᠮᠵᠢ ᠲᠤᠪᠤᠶᠢᠮ᠎ᠠ ᠪᠠᠶᠢᠬᠤ ᠶᠢ ᠪᠡᠶᠡᠯᠡᠬᠦᠯᠵᠤ᠂ ᠬᠠᠷᠢᠶ᠎ᠠ ᠣᠷᠣᠨ ᠤ ᠨᠠᠮ ᠤᠨ ᠭᠡᠰᠢᠭᠦᠨ ᠤᠯᠠᠨ ᠲᠦᠮᠡᠨ ᠤ ᠬᠠᠷᠢᠶᠠᠯᠠᠭᠳᠠᠬᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠴᠢᠷᠮᠠᠶᠢᠨ ᠲᠡᠭᠡᠭᠰᠢᠯᠡᠬᠦᠯᠵᠡᠢ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号