ᠬᠤᠲᠠ ᠶᠢᠨ ᠵᠠᠰᠠᠭ ᠤᠨ ᠵᠡᠭᠦᠨ ᠵᠠᠮ ᠤᠨ ᠵᠡᠭᠡᠯᠢ ᠭᠤᠳᠤᠮᠵᠢ ᠳᠤ ︽ᠨᠠᠮ ᠤᠨ ᠪᠠᠶᠢᠭᠤᠯᠤᠯᠲᠠ ᠨᠢ ᠠᠷᠠᠳ ᠤᠨ ᠰᠡᠳᠬᠢᠯ ᠢ ᠨᠢᠭᠲᠠᠷᠠᠭᠤᠯᠤᠨ᠂ ᠣᠷᠣᠨ ᠪᠦᠰᠡ ᠶᠢ ᠬᠠᠮᠲᠤᠪᠠᠷ ᠪᠠᠶᠢᠭᠤᠯᠵᠤ ᠰᠡᠳᠬᠢᠯ ᠨᠢᠭᠡᠳᠦᠨ᠂  ᠲᠤᠤᠷᠵᠢᠭᠤᠯᠤᠯᠳᠠ ᠶᠢᠨ ᠵᠠᠰᠠᠯᠲᠠ ᠨᠡᠶᠢᠯᠡᠯ ᠬᠦᠴᠦᠨ ᠢ ᠨᠢᠭᠲᠠᠷᠠᠭᠤᠯᠤᠨ᠂ ᠪᠣᠯᠪᠠᠰᠤᠨ ᠢ ᠡᠭᠦᠳᠦᠨ ᠪᠠᠶᠢᠭᠤᠯᠵᠤ ᠡᠶ᠎ᠡ ᠵᠣᠬᠢᠴᠠᠯ ᠢ ᠴᠤᠬᠴᠠᠯᠠᠰᠤᠭᠠᠢ︾  ᠵᠤᠰᠠᠯᠠᠩ ᠤᠨ ᠦᠳᠡᠰᠢᠯᠡᠭᠡ ᠡᠷᠬᠢᠯᠡᠪᠡ
ᠨᠡᠶᠢᠲᠡᠯᠡᠭᠰᠡᠨ ᠴᠠᠭ᠄
2020/8/17
     8 ᠰᠠᠷ᠎ᠠ ᠶᠢᠨ 13 ᠤ ᠡᠳᠦᠷ᠂ ᠬᠤᠲᠠ ᠶᠢᠨ ᠵᠠᠰᠠᠭ ᠤᠨ ᠵᠡᠭᠦᠨ ᠵᠠᠮ ᠤᠨ ᠵᠡᠭᠡᠯᠢ ᠭᠤᠳᠤᠮᠵᠢ ᠪᠣᠯᠤᠨ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠬᠢᠯᠡᠭᠰᠡᠨ  ᠵᠤᠰᠠᠯᠠᠩ ᠤᠨ ᠤᠷᠠᠯᠢᠭ ᠤᠨ ᠦᠳᠡᠰᠢᠯᠡᠭᠡ ᠠᠷᠠᠳ ᠤᠨ ᠲᠠᠯᠠᠪᠠᠶ ᠳᠤ ᠦᠪᠡᠳᠡᠭᠰᠢ ᠶᠡᠬᠡᠪᠡᠷ ᠶᠠᠪᠤᠭᠳᠠᠵᠠᠶ᠃     ᠲᠣᠭᠤᠷᠢᠭ ᠤᠨ ᠤᠳᠤᠷᠢᠳᠤᠯᠭ᠎ᠠ ᠯᠢᠦ ᠰᠢᠶᠤᠤ ᠫᠢᠩ᠂ ᠬᠤ᠋ ᠰᠢᠶᠠ᠂ ᠪᠠᠢ ᠷᠦᠨ ᠬᠤᠩ᠂ ᠱᠸᠦ ᠯᠠᠨ ᠯᠠᠨ᠂ ᠸᠠᠩ ᠸᠧᠢ᠂ ᠯᠢᠦ ᠴᠢᠶᠠᠨ ᠶᠢᠨ᠂ ᠾᠧ ᠵᠢᠶᠦ᠋ᠨ ᠠᠵᠢᠯᠯᠠᠭ᠎ᠠ ᠳᠤ ᠣᠷᠣᠯᠴᠠᠪᠠ᠃    ᠦᠳᠡᠰᠢᠯᠡᠭᠡ ᠨᠢ ︽ᠨᠠᠮ ᠤᠨ ᠪᠠᠶᠢᠭᠤᠯᠤᠯᠲᠠ ᠨᠢ ᠠᠷᠠᠳ ᠤᠨ ᠰᠡᠳᠬᠢᠯ ᠢ ᠨᠢᠭᠲᠠᠷᠠᠭᠤᠯᠤᠨ᠂ ᠣᠷᠣᠨ ᠪᠦᠰᠡ ᠶᠢ ᠬᠠᠮᠲᠤᠪᠠᠷ ᠪᠠᠶᠢᠭᠤᠯᠵᠤ ᠰᠡᠳᠬᠢᠯ ᠨᠢᠭᠡᠳᠦᠨ᠂  ᠲᠤᠤᠷᠵᠢᠭᠤᠯᠤᠯᠳᠠ ᠶᠢᠨ ᠵᠠᠰᠠᠯᠲᠠ ᠨᠡᠶᠢᠯᠡᠯ ᠬᠦᠴᠦᠨ ᠢ ᠨᠢᠭᠲᠠᠷᠠᠭᠤᠯᠤᠨ᠂ ᠪᠣᠯᠪᠠᠰᠤᠨ ᠢ ᠡᠭᠦᠳᠦᠨ ᠪᠠᠶᠢᠭᠤᠯᠵᠤ ᠡᠶ᠎ᠡ ᠵᠣᠬᠢᠴᠠᠯ ᠢ ᠴᠤᠬᠴᠠᠯᠠᠰᠤᠭᠠᠢ︾  ᠬᠡᠬᠦ ᠭᠤᠤᠯ ᠰᠡᠳᠦᠪ ᠤᠨ  ᠲᠤᠭᠤᠷᠢᠨ ᠳᠤ᠂ ᠤᠷᠠᠨ ᠤᠩᠰᠢᠯᠭ᠎ᠠ᠂ ᠳᠠᠭᠤᠤ᠂ ᠪᠥᠵᠢᠭ᠂  ᠵᠡᠪᠰᠡᠭ ᠤᠨ ᠡᠷᠳᠡᠮ ᠵᠢᠴᠢ ᠥᠪᠥᠷ ᠮᠣᠩᠭᠤᠯ ᠤᠨ ᠣᠨᠴᠠᠯᠢᠭ ᠲᠠᠢ ᠲᠣᠭᠯᠠᠯᠲᠠ᠂ ᠮᠣᠩᠭᠤᠯ ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ ᠣᠯᠠᠨ ᠵᠦᠢᠯ ᠤᠨ ᠲᠣᠭᠯᠠᠯᠲᠠ ᠶᠢ ᠨᠢᠭᠡ ᠴᠤᠬᠴᠠᠵᠢᠭᠤᠯᠵᠤ᠂ ᠫᠷᠤᠭ᠍ᠷᠠᠮ ᠤᠨ ᠲᠦᠷᠦᠯ ᠵᠦᠢᠯ ᠨᠢ ᠤᠯᠠᠨ ᠶᠠᠩᠵᠤ ᠶᠢᠨ ᠪᠠᠶᠢᠵᠤ᠂ ᠠᠭᠤᠯᠭ᠎ᠠ ᠨᠢ ᠪᠠᠶᠠᠯᠢᠭ ᠰᠠᠶᠢᠬᠠᠨ ᠪᠤᠯᠵᠠᠢ᠃ ᠰᠢᠯᠦᠭ ︽ᠳᠤᠮᠳᠠᠳᠤ ᠤᠯᠤᠰ ᠤᠨ ᠬᠤᠷᠢᠬᠯᠠᠯᠳᠠ ᠶᠢᠨ   ᠲᠠᠶᠢᠯᠠᠯᠳᠤᠭᠠᠨ︾ ᠨᠢ ᠦᠳᠡᠰᠢᠯᠡᠭᠡ ᠶᠢᠨ ᠬᠥᠰᠢᠭᠡ ᠶᠢ ᠰᠡᠬᠦᠵᠦ᠂ ᠤᠯᠤᠰ ᠤᠨ ᠶᠡᠭᠡ ᠭᠠᠮᠰᠢᠭ ᠬᠦᠴᠢᠷᠳᠡᠯ ᠤᠨ ᠳᠤᠮᠳᠠ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠬᠠᠮᠲᠤᠪᠠᠷ ᠡᠰᠡᠷᠭᠦᠴᠡᠭᠰᠡᠨ ᠣᠮᠤᠭ ᠵᠣᠷᠢᠭ ᠢ ᠬᠦᠤᠷᠨᠢᠵᠡᠶ᠃ ᠳᠡᠪᠢᠭᠦᠷ ᠪᠥᠵᠢᠭ ᠤᠨ ᠲᠣᠭᠯᠠᠯᠲᠠ ︽ᠪᠢ ᠡᠬᠡ ᠤᠯᠤᠰ ᠲᠠᠢ ᠪᠠᠨ︾ ᠭᠡᠬᠦ ᠲᠣᠭᠯᠠᠯᠲᠠ ᠨᠢ ᠠᠭᠤᠤ ᠶᠡᠭᠡ ᠡᠬᠡ ᠤᠯᠤᠰ ᠲᠠᠭᠠᠨ ᠬᠠᠯᠠᠭᠤᠨ ᠬᠠᠶᠢᠷ᠎ᠠ ᠪᠠ ᠴᠢᠩ ᠰᠡᠳᠬᠢᠯ ᠤᠨ ᠮᠠᠭᠲᠠᠭᠠᠯ ᠰᠠᠶᠢᠰᠢᠶᠠᠯ ᠢᠶᠠᠨ ᠢᠯᠡᠳᠬᠡᠪᠡ᠃ ᠬᠥᠷ ᠬᠥᠭᠵᠢᠶᠡᠨ ᠲᠠᠢ ᠶᠠᠪᠤᠬᠳᠠᠬᠰᠠᠨ ︽ᠡᠯ ᠷᠧᠨ ᠲᠠᠢ ︾ ᠲᠣᠭᠯᠠᠯᠲᠠ ᠨᠢ ᠲᠣᠰ ᠭᠠᠵᠠᠷ ᠤᠨ ᠰᠤᠶᠤᠯ ᠤᠨ ᠣᠨᠴᠠᠯᠢᠭ ᠪᠠ ᠥᠪᠡᠷᠮᠢᠴᠡ ᠤᠷᠠᠯᠢᠭ ᠤᠨ ᠷᠢᠳᠢ ᠰᠢᠳᠢ ᠶᠢ ᠢᠯᠡᠷᠡᠭᠦᠯᠪᠡ᠃ ᠮᠣᠩᠭᠤᠯ ᠬᠤᠪᠴᠠᠰᠤ ᠵᠠᠰᠠᠯ ᠤᠨ ᠦᠵᠡᠭᠦᠯᠦᠯᠭᠡ ︽ᠮᠣᠩᠭᠤᠯ ᠤᠨ ᠵᠠᠩ ᠠᠭᠠᠯᠢ︾ ᠨᠢ ᠭᠤᠶᠢᠳᠠ ᠰᠠᠶᠢᠬᠠᠨ ᠮᠣᠩᠭᠤᠯ ᠬᠤᠪᠴᠠᠰᠤ ᠬᠤᠨᠠᠷ ᠢᠶᠠᠨ ᠦᠵᠡᠭᠴᠢᠳ ᠤᠨ ᠡᠮᠦᠨ᠎ᠡ ᠳᠡᠯᠭᠡᠨ ᠦᠵᠡᠭᠦᠯᠵᠦ᠂ ᠮᠣᠩᠭᠤᠯ ᠰᠤᠶᠤᠯ  ᠤᠨ ᠪᠠᠶᠠᠯᠢᠭ ᠠᠭᠤᠯᠤᠭᠳᠠᠬᠤᠨ ᠪᠠ ᠥᠪᠡᠷᠮᠢᠴᠡ ᠴᠤᠭ ᠵᠢᠪᠬᠤᠭ᠎ᠠ ᠶᠢ ᠢᠯᠡᠷᠡᠭᠦᠯᠵᠡᠶ᠃ 500 ᠭᠠᠷᠤᠶ ᠣᠯᠠᠨ ᠲᠦᠮᠡᠨ ᠲᠤᠰ ᠤᠳᠠᠭᠠᠨ ᠤ ᠲᠣᠭᠯᠠᠯᠲᠠ ᠶᠢ ᠰᠣᠨᠢᠷᠬᠠᠵᠠᠶ᠃    ᠲᠤᠰ ᠤᠳᠠᠭᠠᠨ ᠤ ᠵᠤᠰᠠᠯᠠᠩ ᠤᠨ ᠦᠳᠡᠰᠢᠯᠡᠭᠡ ᠨᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠪᠠᠷ ᠠᠳᠬᠤᠴᠠ ᠪᠣᠯᠭᠠᠵᠠᠶ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ︽ᠵᠢᠷᠭᠤᠭᠠᠨ ᠵᠢᠯ ᠲᠠᠷᠠᠭᠠᠯᠠᠨ ᠲᠦᠷᠦᠬᠦᠯᠡᠬᠦ︾ ᠠᠵᠢᠯ ᠢᠶᠠᠷ ᠲᠣᠬᠢᠶᠠᠯ ᠪᠣᠯᠭᠠᠨ᠂ ᠨᠡᠶᠢᠭᠡᠮ ᠵᠢᠷᠤᠮ ᠤᠨ ᠭᠤᠤᠯᠯᠠᠬᠴᠢ ᠥᠷᠲᠡᠭ ᠤᠨ ᠦᠵᠡᠯᠲᠡ ᠪᠣᠯᠤᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠬᠠᠷᠠᠯᠳᠠ ᠪᠣᠯᠭᠠᠵᠠᠶ᠃ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠶᠢ ᠬᠡᠷᠡᠭᠯᠡᠵᠦ᠂ ᠪᠦᠬᠦ ᠲᠤᠭᠤᠷᠢᠭ ᠤᠨ ᠠᠷᠠᠳ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ ᠣᠮᠤᠭ ᠪᠠᠳᠠᠷᠠᠩᠭᠤᠢ ᠥᠭᠡᠳᠡᠯᠡᠨ ᠳᠠᠪᠰᠢᠬᠤ᠂ ᠨᠠᠮ ᠳᠤ ᠲᠠᠯᠠᠷᠬᠠᠬᠤ᠂ ᠡᠬᠡ ᠤᠯᠤᠰ ᠢᠶᠠᠨ ᠮᠠᠭᠲᠠᠨ ᠳᠠᠭᠤᠯᠠᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠡᠢ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号