ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 124 ᠳ᠋ᠤᠭᠡᠷ ᠤᠳᠠᠭᠠᠨ ᠤ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/8/17
     8 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠶᠠᠨ ᠳ᠋ᠦᠩ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 124 ᠳ᠋ᠤᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠳ᠋ᠢᠩ ᠺᠠᠢ᠂ ᠯᠢᠦ ᠰᠢᠶᠤᠤ ᠫᠢᠩ᠂ ᠵᠤᠤ ᠸᠠᠨ ᠰᠢ᠂ ᠰᠢᠤᠢ ᠶᠸᠤ ᠴᠢᠩ᠂ ᠬᠤ᠋ ᠰᠢᠶᠠ᠂ ᠪᠠᠢ ᠷᠦᠨ ᠬᠤᠩ᠂ ᠱᠸᠦ ᠯᠠᠨ ᠯᠠᠨ ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠸᠠᠩ ᠶᠦᠩ ᠱᠧᠩ᠂ ᠦ᠋ ᠸᠧᠨ ᠴᠢᠩ᠂ ᠭᠤᠤ ᠢᠦᠢ᠂ ᠵᠤᠤ ᠲᠠᠢ ᠰᠢᠶᠠᠨ ᠬᠤᠷᠠᠯ ᠳᠤ ᠰᠤᠯᠠ ᠣᠷᠣᠯᠴᠠᠪᠠ᠃   ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠪᠤᠰᠤ ᠬᠥᠮᠦᠰ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠵᠠᠰᠠᠬᠤ ᠠᠵᠢᠯ ᠤᠨ ᠲᠤᠬᠠᠶ ᠴᠣᠬᠤᠯᠠᠪᠤᠷᠢᠯᠠᠭᠰᠠᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠬᠤᠷᠢᠶᠠᠨ ᠤ ᠡᠷᠬᠢᠯᠡᠭᠴᠢ ᠯᠢᠦ ᠴᠢ ᠹᠠᠨ ᠤ ᠪᠦᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠵᠠᠰᠠᠬᠤ ᠠᠵᠢᠯ ᠢ ᠬᠦᠨᠵᠡᠬᠡᠶᠢᠶᠢᠷᠡᠬᠦᠯᠦᠨ ᠠᠬᠢᠭᠤᠯᠬᠤ ᠲᠧᠯᠸᠢᠰ ᠤᠳᠠᠰᠤ ᠬᠤᠷᠠᠯ ᠲᠡᠬᠡᠷᠡᠬᠢ  ᠶᠠᠷᠢᠶᠠᠨ ᠤ  ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠮᠠᠨ ᠤ ᠲᠤᠭᠤᠷᠢᠭ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠪᠣᠯᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠶᠢᠨ ᠪᠠᠶᠢᠳᠠᠯ᠂ ᠪᠦᠬᠦ ᠲᠤᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠶᠡᠷᠦᠩᠬᠡᠢ ᠠᠬᠢᠯᠲᠠ ᠶᠢᠨ ᠪᠠᠶᠢᠳᠠᠯ᠂ ᠪᠦᠬᠦ ᠲᠤᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ︽ᠪᠥᠬᠦ ᠲᠤᠭᠤᠷᠢᠭ  ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠪᠡ᠃             ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号