ᠥᠪᠡᠷᠲᠡᠭᠡᠨ ᠵᠠᠰᠠᠬᠤ ᠣᠷᠣᠨ ᠤ ᠬᠠᠦᠯᠢᠵᠢᠯ ᠤᠨ ᠪᠠᠶᠢᠭᠤᠯᠤᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠬᠥᠨᠳᠡᠯᠡᠨ ᠲᠣᠭᠤᠷᠢᠭ ᠲᠤ ᠬᠦᠷᠴᠦ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠪᠠ
ᠨᠡᠶᠢᠲᠡᠯᠡᠭᠰᠡᠨ ᠴᠠᠭ᠄
2020/8/18
    8 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ  ᠬᠠᠦᠯᠵᠢᠯ ᠤᠨ ᠪᠠᠶᠢᠴᠠᠭᠠᠨ ᠰᠤᠳᠤᠯᠤᠯᠲᠠ ᠶᠢᠨ ᠭᠠᠵᠠᠷ ᠤᠨ ᠲᠠᠷᠤᠭ᠎ᠠ ᠴᠠᠩ ᠪᠠᠶ ᠰᠢᠤᠸᠠᠢ ᠹᠧᠩ ᠬᠢᠨᠠᠨ ᠪᠠᠶᠢᠴᠠᠭᠠᠬᠤ ᠳᠤᠭᠤᠶᠢᠯᠠᠩ ᠲᠠᠭᠠᠭᠤᠯᠤᠨ ᠬᠥᠨᠳᠡᠯᠡᠨ ᠲᠣᠭᠤᠷᠢᠭ ᠲᠤ ᠬᠦᠷᠴᠦ ᠬᠠᠤᠯᠢᠵᠢᠯ ᠤᠨ ᠵᠠᠰᠠᠭ ᠤᠨ  ᠤᠷᠳᠤᠨ ᠤ ᠪᠠᠶᠢᠭᠤᠯᠤᠯᠲᠠ ᠶᠢᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠲᠤᠭᠤᠷᠢᠭ ᠤᠨ ᠤᠳᠤᠷᠢᠳᠤᠯᠭ᠎ᠠ ᠰᠢᠤᠢ  ᠶᠸᠦ ᠴᠢᠩ᠂ ᠮᠠ ᠬᠤᠩ ᠭᠤᠸᠠᠩ ᠪᠠᠷ᠎ᠠ ᠪᠤᠯᠵᠤ ᠬᠢᠨᠠᠨ ᠪᠠᠶᠢᠴᠠᠭᠠᠪᠠ᠃    ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠦᠨᠳᠡᠯᠡᠨ ᠬᠤᠶᠢᠳᠤ ᠬᠡᠷᠡᠭ ᠡᠷᠬᠢᠯᠡᠬᠦ ᠭᠠᠵᠠᠷ᠂ ᠬᠦᠨᠳᠡᠯᠡᠨ ᠬᠤᠶᠢᠳᠤ ᠶᠢᠨ ᠬᠠᠤᠯᠢ ᠴᠠᠭᠠᠵᠠ ᠶᠢᠨ ᠭᠠᠵᠠᠷ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠣᠯᠪᠠᠰᠤᠷᠠᠯ ᠤᠨ ᠬᠡᠯᠲᠡᠰ᠂  ᠠᠷᠠᠳ ᠬᠡᠷᠡᠭ ᠡᠷᠬᠢᠯᠡᠬᠦ ᠭᠠᠵᠠᠷ᠂ ᠠᠷᠠᠳ ᠬᠠᠤᠯᠢ ᠴᠠᠭᠠᠵᠠ ᠶᠢᠨ ᠭᠠᠵᠠᠷ᠂ ᠲᠣᠭᠤᠷᠢᠭ ᠤᠨ ᠮᠡᠳᠡᠭᠡ ᠵᠠᠩᠭᠢᠵᠢᠯᠲᠠ ᠶᠢᠨ ᠵᠢᠯᠣᠭᠤᠳᠬᠤ ᠲᠥᠪ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠠᠤᠯᠢᠵᠢᠯ ᠤᠨ ᠴᠡᠴᠡᠷᠯᠢᠭ ᠲᠤ ᠬᠦᠷᠪᠡ᠃ ᠡᠯ᠎ᠡ ᠵᠡᠭᠡᠯᠢ ᠪᠠᠯᠭᠠᠰᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠢ ᠰᠤᠷᠪᠤᠯᠵᠢᠯᠠᠵᠤ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠡᠶᠡᠳᠡᠭᠦᠯᠭᠡ ᠪᠠ ᠤᠶᠤᠨᠳᠤ ᠬᠠᠤᠯᠢ ᠴᠠᠭᠠᠵᠠ ᠵᠡᠷᠬᠡ ᠠᠵᠢᠯ ᠢ ᠨᠠᠷᠢᠨ ᠣᠶᠢᠯᠠᠭᠠᠵᠤ᠂ ᠮᠡᠳᠡᠭᠡ ᠵᠠᠩᠭᠢᠴᠢᠯᠠᠯᠲᠠ ᠶᠢᠨ ᠵᠢᠯᠣᠭᠤᠳᠬᠤ ᠲᠥᠪ ᠤᠨ ︽ ᠤᠶᠤᠨᠳᠤ ᠬᠦᠨᠳᠡᠯᠡᠨ︾  ᠲᠠᠪᠴᠠᠩ ᠤᠨ ᠬᠠᠷᠢᠶ᠎ᠠ ᠣᠷᠣᠨ ᠤ ᠡᠳᠦᠷ ᠲᠤᠲᠤᠮ ᠤᠨ ᠪᠠᠶᠢᠳᠠᠯ ᠤᠨ ᠬᠠᠮᠢᠶᠠᠷᠤᠯᠲᠠ ᠪᠣᠯᠤᠨ ᠭᠡᠨᠡᠳᠲᠡ ᠡᠭᠦᠰᠦᠭᠰᠡᠨ ᠪᠠᠶᠢᠳᠠᠯ ᠢ ᠰᠢᠢᠳᠪᠦᠷᠢᠯᠡᠬᠦ ᠦᠵᠡᠭᠦᠯᠦᠯᠭᠡ ᠶᠢ ᠦᠵᠡᠵᠡᠶ᠃ ᠤᠶᠤᠨᠳᠤ ︽ᠬᠠᠤᠯᠢ ᠴᠠᠭᠠᠵᠠ ᠶᠢᠨ ᠶᠠᠪᠤᠳᠠᠯ︾ ᠵᠡᠷᠭᠡ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠣᠨᠤᠭ ᠲᠥᠬᠦᠭᠡᠷᠦᠮᠵᠢ ᠶᠢᠨ  ᠴᠢᠳᠠᠮᠵᠢ᠂ ᠬᠡᠷᠡᠭᠯᠡᠯᠲᠡ ᠶᠢᠨ ᠪᠠᠶᠢᠳᠠᠯ ᠢ ᠣᠶᠢᠯᠠᠭᠠᠵᠤ᠂ ᠬᠥᠨᠳᠡᠯᠡᠨ ᠲᠣᠭᠤᠷᠢᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃    ᠬᠢᠨᠠᠨ ᠪᠠᠶᠢᠴᠠᠭᠠᠬᠤ ᠳᠤᠭᠤᠶᠢᠯᠠᠩ ᠬᠥᠨᠳᠡᠯᠡᠨ ᠲᠣᠭᠤᠷᠢᠭ ᠤᠨ ᠬᠠᠦᠯᠵᠢᠯ ᠤᠨ ᠵᠠᠰᠠᠭ ᠤᠨ ᠤᠷᠳᠤᠨ ᠤ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠬᠥᠨᠳᠡᠯᠡᠨ ᠲᠣᠭᠤᠷᠢᠭ ᠬᠠᠦᠯᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠠᠷᠭ᠎ᠠ ᠬᠡᠮᠵᠢᠶ᠎ᠡ  ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠦᠷᠢᠮ ᠤᠨ  ᠪᠠᠶᠢᠭᠤᠯᠤᠯᠲᠠ ᠶᠢ ᠴᠢᠩᠭᠠᠳᠬᠠᠵᠤ᠂ ᠣᠳᠣᠬᠠᠨ ᠤ ᠬᠠᠦᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠳᠠ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠳᠤ ᠭᠦᠨᠵᠡᠭᠡᠶ ᠵᠠᠳᠠᠯᠤᠯᠲᠠ ᠬᠢᠵᠦ᠂ ᠬᠠᠨᠳᠤᠯᠭᠠᠲᠤ ᠴᠢᠨᠠᠷᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃  ᠬᠢᠨᠠᠨ ᠪᠠᠶᠢᠴᠠᠭᠠᠬᠤ ᠳᠤᠭᠤᠶᠢᠯᠠᠩ᠂ ᠬᠠᠦᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠨᠢᠭᠡᠨ ᠤᠷᠲᠤ ᠬᠤᠭᠤᠴᠠᠭᠠᠨ ᠤ ᠡᠭᠦᠷᠭᠡ ᠮᠥᠨ᠂ ᠬᠠᠦᠯᠵᠢᠯ ᠤᠨ ᠤᠬᠠᠮᠰᠠᠷ᠂ ᠬᠠᠦᠯᠢᠵᠢᠯ ᠤᠨ ᠰᠡᠳᠬᠢᠬᠦᠶ ᠪᠠᠨ ᠲᠠᠰᠤᠷᠠᠯᠲᠠ ᠦᠭᠡᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠠᠵᠢᠯᠯᠠᠬᠤ ᠶᠢ ᠢᠮᠠᠭᠲᠠ ᠪᠠᠷᠢᠮᠲᠠᠯᠠᠵᠤ᠂ ᠬᠠᠦᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠪᠣᠳᠠᠲᠠᠶ ᠳᠤ ᠨᠠᠶᠢᠳᠠᠪᠦᠷᠢᠵᠢᠭᠤᠯᠬᠤ ᠪᠠᠷ ᠴᠢᠷᠮᠠᠶᠢᠬᠤ ᠬᠡᠷᠡᠭᠳᠡᠢ᠃ ᠬᠠᠦᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠭᠤᠤᠯ  ᠠᠭᠤᠯᠭ᠎ᠠ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠮᠠᠶ᠋ᠢᠭ ᠪᠣᠯᠭᠠᠵᠤ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠨᠡᠩ ᠶᠡᠭᠡ ᠢᠲᠡᠭᠡᠯ ᠵᠣᠷᠢᠭ ᠢᠶᠠᠷ ᠬᠠᠦᠯᠢᠵᠢᠯ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠲᠠᠪᠠᠯᠳᠠᠳᠤ ᠬᠥᠭᠵᠢᠯᠲᠡ ᠳᠤ ᠪᠠᠲᠤ ᠴᠢᠩᠭ᠎ᠠ ᠬᠠᠦᠯᠢᠵᠢᠯ  ᠤᠨ ᠪᠠᠲᠤᠯᠠᠭ᠎ᠠ ᠬᠠᠩᠭᠠᠬᠤ ᠬᠡᠷᠡᠭᠳᠡᠢ ᠬᠡᠵᠤ ᠵᠢᠭᠠᠵᠤ ᠭᠠᠷᠭᠠᠭᠰᠠᠨ  ᠪᠠᠶᠢᠨ᠎ᠠ᠃  
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号