ᠸᠠᠩ ᠵᠢᠶᠦ᠋ᠨ ᠬᠥᠨᠳᠡᠯᠡᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2020/8/22
   8 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠵᠢᠶᠦ᠋ᠨ ᠬᠥᠨᠳᠡᠯᠡᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃    ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠶᠠᠨ ᠳ᠋ᠦᠩ᠂  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ ᠤᠷᠳᠤᠨ ᠤ ᠣᠷᠣᠯᠠᠭᠴᠢ ᠳᠠᠷᠤᠭ᠎ᠠ ᠳ᠋ᠢᠩ ᠺᠠᠶ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠣᠣ ᠸᠠᠨ ᠰᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠸᠠᠩ ᠵᠢᠶᠦ᠋ᠨ ᠨᠡᠷ ᠤᠷᠢᠳ ᠬᠤᠵᠢᠳ ᠬᠥᠨᠳᠡᠯᠡᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ ᠲᠥᠪ᠂  ᠲᠤᠭᠤᠷᠢᠨ ᠪᠠᠶᠢᠴᠠᠭᠠᠬᠰᠠᠨ ᠳᠠᠩᠰᠠ ᠡᠪᠬᠡᠮᠡᠯ ᠮᠠᠲ᠋ᠧᠷᠢᠶᠠᠯ ᠤᠨ ᠲᠠᠰᠤᠭ᠂ ︽ᠭᠤᠷᠪᠠᠨ ᠶᠠᠪᠤᠳᠠᠯ ᠢ ᠢᠯᠡ ᠪᠣᠯᠭᠠᠬᠤ +︾ ᠳᠠᠬᠢᠨ ᠬᠢᠨᠠᠯᠲᠠ ᠲᠠᠯᠪᠢᠬᠤ ᠲᠠᠪᠴᠠᠩ᠂ ᠰᠦᠯᠵᠢᠶᠡᠨ ᠳᠡᠭᠡᠷᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ᠂ ᠬᠥᠨᠳᠡᠯᠡᠨ ᠲᠣᠭᠤᠷᠢᠭ ᠤᠨ ᠨᠠᠮ ᠣᠯᠠᠨ ᠲᠦᠮᠡᠨ ᠤ ᠦᠢᠯᠡᠴᠢᠯᠡᠬᠡᠨ ᠤ ᠲᠥᠪ ᠵᠡᠷᠭᠡ ᠭᠠᠵᠠᠷ ᠢ ᠪᠠᠶᠢᠴᠠᠭᠠᠨ ᠦᠵᠡᠵᠦ᠂ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠪᠠ᠃    ᠯᠢᠶᠠᠨ ᠳ᠋ᠦᠩ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠮᠦᠨ᠎ᠡ ᠠᠴᠠ ᠲᠡᠬᠡᠳᠤ ᠱᠠᠲᠤᠨ ᠤ ᠤᠳᠤᠷᠢᠳᠤᠯᠭ᠎ᠠ ᠶᠢᠨ ᠬᠠᠯᠠᠮᠵᠢᠯᠠᠯ ᠳᠤ ᠲᠠᠯᠠᠷᠬᠠᠵᠤ᠂ ᠳᠠᠷᠠᠭᠠᠴᠢ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠪᠣᠳᠠᠲᠠᠶ ᠰᠠᠨᠠᠯ ᠱᠠᠭᠠᠷᠳᠠᠯᠭ᠎ᠠ ᠲᠤᠷᠠᠳᠤᠬᠰᠠᠨ ᠤ  ᠬᠠᠮᠳᠤ᠂ ᠲᠡᠬᠡᠳᠤ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠯᠠᠮᠵᠢᠯᠠᠯ ᠵᠢᠯᠣᠭᠤᠳᠤᠯᠭ᠎ᠠ ᠳᠣᠤᠷ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠠᠳᠤᠯᠠᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠬᠢᠷᠢ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢᠨ ᠰᠢᠨ᠎ᠡ ᠲᠦᠷᠰᠦ ᠪᠠᠶᠢᠳᠠᠯ ᠢ ᠴᠢᠷᠮᠠᠶᠢᠨ ᠪᠤᠢ ᠪᠣᠯᠭᠠᠨ᠎ᠠ  ᠬᠡᠵᠤ ᠢᠯᠡᠷᠬᠡᠶᠢᠯᠡᠵᠡᠢ᠃  
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号