﹇ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠪᠢᠳᠡ ᠪᠦᠬᠦᠳᠡᠬᠡᠷ ᠬᠦᠳᠡᠯᠦᠯᠴᠡᠶ᠎ᠡ﹈ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯ ᠤᠨ ᠬᠠᠨᠳᠢᠪᠯᠠᠭᠰᠠᠨ ᠡᠳ᠋ ᠪᠣᠳᠠᠰ ᠨᠢ  ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠳᠤ ᠬᠦᠴᠦᠨ ᠨᠠᠮᠠᠷᠢᠯᠡᠨ᠎ᠠ
ᠨᠡᠶᠢᠲᠡᠯᠡᠭᠰᠡᠨ ᠴᠠᠭ᠄
2020/8/23
     ᠨᠢᠭᠡᠨᠲᠡ ᠨᠠᠮᠤᠷ ᠤᠨ ᠠᠭᠤᠷ ᠠᠮᠢᠰᠬᠤᠯ  ᠤᠷᠤᠬᠰᠠᠨ ᠪᠤᠯᠪᠠᠴᠤ ᠠᠭᠤᠷ ᠠᠮᠢᠰᠬᠤᠯ ᠮᠥᠨ ᠬᠦ ᠠᠭᠠᠭᠢᠮ᠎ᠠ ᠬᠠᠯᠠᠭᠤᠨ ᠪᠠᠶᠢᠵᠤ᠂ ᠥᠨᠳᠥᠷ ᠬᠠᠯᠠᠭᠤᠨ ᠳᠣᠤᠷ᠎ᠠ ᠨᠢᠭᠡᠳᠦᠭᠡᠷ ᠹᠷᠤᠨᠲ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠬᠥᠮᠦᠰ ᠢ ᠪᠦᠬᠦᠳᠡᠬᠡᠷ ᠬᠠᠯᠠᠮᠵᠢᠯᠠᠵᠤ ᠲᠡᠳᠡᠨ ᠤ ᠲᠦᠯᠦᠬᠡ ᠰᠠᠨᠠᠭᠠᠰᠢᠷᠠᠨ᠎ᠠ᠃ 8 ᠰᠠᠷ᠎ᠠ ᠶᠢᠨ 19 ᠤ ᠡᠳᠦᠷ᠂ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯ ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶ ᠶᠢᠨ ᠬᠢᠵᠠᠭᠠᠷᠲᠤ ᠺᠣᠮᠫᠠᠨᠢ ᠬᠥᠨᠳᠡᠯᠡᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠤ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠡᠳ᠋ ᠪᠣᠳᠠᠰ ᠬᠠᠨᠳᠢᠪᠯᠠᠵᠤ᠂ ᠬᠥᠨᠳᠡᠯᠡᠨ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠪᠡ᠃   ᠣᠳᠣᠬᠠᠨ ᠳᠤ ᠶᠠᠭ ᠰᠠᠶᠢᠬᠠᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠥᠷᠭᠡᠨ ᠣᠯᠠᠨ ᠠᠵᠢᠯᠴᠢᠨ᠂ ᠵᠠᠮ ᠬᠠᠷᠢᠯᠴᠠᠭᠠᠨ ᠤ ᠴᠠᠭᠳᠠᠭ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠭᠡᠰᠢᠭᠦᠳ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠰᠠᠶᠢᠨ ᠳᠤᠷᠠᠴᠤᠳ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠨᠢᠭᠡᠳᠦᠭᠡᠷ ᠹᠷᠣᠨᠲ ᠲᠤ ᠡᠷᠡᠯᠬᠡᠭᠯᠡᠨ ᠪᠠᠶᠢᠯᠳᠤᠵᠤ᠂ ᠬᠤᠲᠠ ᠶᠢᠨ ᠠᠷᠢᠭᠤᠨ ᠴᠡᠪᠡᠷ ᠪᠠ ᠪᠣᠯᠪᠠᠰᠤᠨ ᠤ ᠲᠦᠯᠦᠬᠡ ᠬᠦᠴᠦ ᠬᠥᠯᠥᠰᠥ ᠪᠠᠨ ᠤᠷᠤᠰᠬᠠᠵᠤ ᠪᠠᠶᠢᠨ᠎ᠠ᠃ ᠬᠥᠨᠳᠡᠯᠡᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯᠳᠠᠳ ᠨᠠᠩ ᠴᠤ ᠠᠭᠠᠭᠢᠮ᠎ᠠ ᠬᠠᠯᠠᠭᠤᠨ ᠠᠴᠠ ᠠᠶᠤᠬᠤ ᠦᠭᠡᠢ᠂ ᠠᠵᠢᠯ ᠤᠨ ᠪᠠᠶᠢᠷᠢ ᠪᠠᠨ ᠪᠠᠳᠤ ᠰᠠᠬᠢᠬᠤ ᠶᠢ ᠪᠠᠷᠢᠮᠲᠠᠯᠠᠵᠤ᠂ ᠡᠶ᠎ᠡ ᠵᠣᠬᠢᠴᠠᠩᠭᠤᠶ ᠪᠣᠯᠪᠠᠰᠤᠨ ᠡᠮᠬᠢ ᠵᠢᠷᠤᠮ ᠲᠠᠢ ᠵᠠᠮ ᠬᠠᠷᠢᠯᠴᠠᠭ᠎ᠠ ᠵᠢᠴᠢ ᠠᠷᠠᠳ ᠤᠯᠠᠨ ᠤ ᠶᠠᠪᠤᠵᠤ ᠰᠠᠭᠤᠬᠤ ᠣᠷᠴᠢᠨ ᠲᠣᠭᠤᠷᠢᠨ ᠢ  ᠪᠠᠶᠢᠭᠤᠯᠬᠤ ᠳᠤ ᠰᠢᠷᠭᠠᠭᠤ ᠬᠥᠳᠡᠯᠮᠦᠷᠢ ᠪᠠᠨ ᠬᠠᠷᠠᠮ ᠦᠬᠡᠢ ᠵᠤᠷᠢᠭᠤᠯᠤᠬᠰᠠᠨ ᠶᠤᠮ᠃ ᠪᠤᠯᠪᠠᠰᠤᠨ ᠬᠤᠲᠠ ᠶᠢ  ᠡᠬᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯ ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶ ᠶᠢᠨ ᠬᠢᠵᠠᠭᠠᠷᠲᠤ ᠺᠣᠮᠫᠠᠨᠢ ᠬᠥᠨᠳᠡᠯᠡᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠤ 100 ᠨᠡᠷᠡᠨ ᠬᠠᠯᠬᠠᠯᠠᠬᠤ ᠰᠢᠬᠦᠷ  ᠬᠠᠨᠳᠢᠪᠯᠠᠵᠤ᠂ ᠬᠠᠯᠠᠭᠤᠨ ᠨᠠᠷᠠᠨ ᠳᠤ ᠵᠡᠭᠡᠯᠢ ᠭᠤᠳᠤᠮᠵᠢ ᠳᠤ ᠰᠢᠷᠭᠠᠭᠤ ᠠᠵᠢᠯᠯᠠᠵᠤ ᠪᠠᠶᠢᠭ᠎ᠠ ᠬᠤᠲᠠ ᠶᠢᠨ ᠠᠵᠢᠯᠲᠠᠳ ᠲᠤ ︽ᠰᠡᠭᠦᠳᠡᠷ ᠬᠦᠷᠭᠡᠭᠰᠡᠨ︾ ᠪᠠᠶᠢᠨ᠎ᠠ᠃  ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶ ᠶᠢᠨ  ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠢᠯᠡᠷᠬᠡᠶᠢᠯᠡᠬᠦ ᠳᠡᠭᠡᠨ᠄ ︽ᠣᠳᠣᠬᠠᠨ ᠳᠤ ᠪᠥᠬᠦ ᠲᠤᠭᠤᠷᠢᠭ ᠲᠠᠶᠠᠭᠠᠷ ᠢᠶᠠᠨ ᠶᠠᠭ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠪᠠᠶᠢᠨ᠎ᠠ᠃ ᠬᠥᠮᠦᠨ ᠪᠣᠯᠭᠠᠨ ᠪᠦᠷ ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠲᠡᠮᠵᠢᠬᠦ ᠬᠡᠷᠡᠭᠳᠡᠢ᠂ ᠵᠠᠮ ᠬᠠᠷᠢᠯᠴᠠᠭᠠᠨ ᠤ ᠴᠠᠭᠳᠠᠭ᠎ᠠ ᠨᠡᠷ ᠤᠯᠠᠨ ᠨᠡᠶᠢᠳᠡ ᠶᠢᠨ ᠲᠦᠯᠦᠬᠡ ᠡᠶᠢᠮᠦ ᠵᠦᠳᠡᠷᠡᠯᠲᠡᠶ ᠠᠵᠢᠯᠯᠠᠵᠤ ᠪᠠᠶᠢᠬᠤ ᠶᠢ ᠬᠠᠷᠠᠵᠤ ᠪᠠᠢᠨ᠎ᠠ᠃ ᠮᠠᠨ ᠤ ᠠᠵᠤ ᠠᠬᠤᠶᠢᠯᠠᠯ ᠴᠤ ᠲᠡᠳᠡᠨ ᠳᠤ ᠢᠳᠡ ᠬᠦᠴᠦᠨ ᠨᠡᠮᠡᠷᠢᠯᠡᠬᠦ ᠶᠢ ᠬᠦᠰᠡᠵᠤ  ᠪᠠᠶᠢᠨ᠎ᠠ︾ ᠬᠡᠵᠡᠢ᠃    ᠲᠤᠰ ᠤᠳᠠᠭᠠᠨ ᠤ  ᠬᠠᠨᠳᠢᠪᠯᠡᠨ ᠬᠦᠷᠭᠡᠬᠦ ᠠᠵᠢᠯᠯᠠᠭ᠎ᠠ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠡᠳ᠋ ᠪᠣᠳᠠᠰ ᠤᠨ ᠪᠠᠲᠤᠯᠠᠭ᠎ᠠ ᠬᠠᠩᠭᠠᠬᠰᠠᠨ ᠢᠶᠠᠷ ᠪᠠᠷᠠᠬᠤ ᠦᠭᠡᠶ ᠠᠵᠤ ᠠᠬᠤᠶᠢᠯᠠᠯ ᠤᠨ ᠨᠡᠶᠢᠭᠡᠮ ᠳᠤ ᠠᠴᠢ ᠬᠠᠷᠢᠭᠤᠯᠠᠬᠤ ᠶᠢ ᠮᠠᠷᠳᠠᠬᠤ ᠦᠭᠡᠶ᠂ ᠨᠡᠶᠢᠭᠡᠮ ᠤᠨ ᠡᠬᠦᠷᠬᠡ ᠬᠠᠷᠢᠭᠤᠴᠠᠯᠭ᠎ᠠ ᠪᠠᠨ ᠭᠦᠢᠴᠡᠳᠬᠡᠵᠦ ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠳᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠣᠳᠣ ᠦᠶ᠎ᠡ ᠶᠢᠨ ᠠᠵᠤ ᠠᠬᠤᠶᠢᠯᠠᠯᠲᠠᠳ ᠤᠨ ᠰᠠᠶᠢᠨ ᠰᠠᠶᠢᠬᠠᠨ ᠳᠦᠷᠢ ᠲᠥᠷᠬᠦ ᠶᠢ ᠳᠡᠯᠭᠡᠨ ᠦᠵᠡᠭᠦᠯᠵᠦ᠂ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠠᠵᠢᠯ ᠳᠤ ᠬᠥᠮᠦᠨ ᠪᠦᠬᠦᠨ ᠣᠷᠣᠯᠴᠠᠭᠰᠠᠨ᠂ ᠬᠥᠮᠦᠨ ᠪᠦᠬᠦᠨ ᠠᠰᠢᠭ ᠬᠦᠷᠲᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ  ᠬᠠᠷᠠᠭᠤᠯᠤᠬᠰᠠᠨ ᠪᠠᠶᠢᠨ᠎ᠠ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号