ᠥᠪᠥᠷ ᠮᠣᠩᠭᠤᠯ ᠤᠨ ᠶᠠᠷᠢᠶ᠎ᠠ ᠬᠡᠯᠡᠯᠴᠡᠭᠡᠨ ᠤ ᠮᠡᠳᠡᠭᠡ ᠵᠠᠩᠭᠢ ᠪᠣᠯᠤᠨ ᠦᠵᠡᠯ ᠤᠬᠠᠮᠰᠠᠷ ᠤᠨ ᠬᠡᠯᠪᠡᠷᠢ ᠵᠢᠨ‌ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠪᠣᠯᠪᠠᠰᠤᠷᠠᠭᠤᠯᠤᠯ ᠤᠨ ᠠᠩᠭᠢ ᠶᠢᠨ ᠰᠤᠷᠤᠯᠭᠠᠳᠠᠨ ᠮᠠᠨ ᠤ ᠲᠤᠭᠤᠷᠢᠭ ᠲᠤ  ᠢᠷᠠᠵᠤ ᠲᠣᠭᠤᠷᠢᠨ ᠦᠵᠡᠵᠦ ᠰᠤᠷᠤᠯᠴᠠᠪᠠ
ᠨᠡᠶᠢᠲᠡᠯᠡᠭᠰᠡᠨ ᠴᠠᠭ᠄
2020/8/25
    8 ᠰᠠᠷ᠎ᠠ ᠶᠢᠨ 21᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠪᠣᠯᠪᠠᠰᠤᠷᠠᠭᠤᠯᠤᠯ ᠤᠨ ᠠᠩᠭᠢ ᠶᠢᠨ ᠰᠤᠷᠤᠯᠭᠠᠳᠠᠨ ᠮᠠᠨ ᠤ ᠲᠤᠭᠤᠷᠢᠭ ᠤᠨ  ᠬᠠᠮ ᠵᠠᠭᠤᠴᠢᠯᠠᠭᠤᠷ ᠤᠨ ᠲᠦᠪ ᠲᠤ ᠢᠷᠠᠵᠤ ᠦᠵᠡᠯ ᠤᠬᠠᠮᠰᠠᠷ ᠤᠨ ᠬᠡᠯᠪᠡᠷᠢ ᠶᠢᠨ ᠲᠤᠤᠷᠵᠢᠭᠤᠯᠤᠯᠳᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠶ ᠲᠣᠭᠤᠷᠢᠨ ᠦᠵᠡᠵᠦ ᠰᠤᠷᠤᠯᠴᠠᠪᠠ᠃ ᠣᠷᠣᠨ ᠤ     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶ ᠷᠦᠨ ᠬᠤᠩ ᠠᠵᠢᠯᠯᠠᠭ᠎ᠠ ᠳᠤ ᠣᠷᠣᠯᠴᠠᠵᠠᠶ᠃ ᠪᠥᠬᠦ ᠣᠷᠣᠨ ᠤ 12 ᠠᠶᠢᠮᠠᠭ ᠬᠤᠲᠠ ᠶᠢᠨ ᠰᠤᠷᠲᠠᠯ ᠤᠬᠠᠭᠤᠯᠭ᠎ᠠ ᠪᠠ ᠰᠣᠶᠣᠯ ᠤᠨ ᠰᠢᠰᠲ᠋ᠧᠮ ᠤᠨ ᠨᠢᠭᠡᠴᠡ ᠪᠣᠯᠤᠨ ᠰᠢᠭᠤᠳ ᠬᠠᠷᠢᠶ᠎ᠠ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠵᠠᠭᠤ ᠰᠢᠬᠠᠮ ᠤᠬᠠᠭᠤᠯᠬᠤ ᠺᠠᠳ᠋ᠷ ᠵᠢᠴᠢ ᠪᠤᠭᠤᠲᠤ ᠬᠤᠲᠠ ᠶᠢᠨ 70 ᠭᠠᠷᠤᠶ ᠰᠠᠯᠠᠭ᠎ᠠ ᠮᠥᠴᠢᠷ ᠨᠢᠭᠡᠴᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯᠲᠠᠨ᠂ 40 ᠭᠠᠷᠤᠶ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠤᠬᠠᠭᠤᠯᠬᠤ ᠭᠡᠰᠢᠭᠦᠨ ᠨᠡᠶᠢᠲᠡ 230 ᠭᠠᠷᠤᠶ ᠬᠥᠮᠦᠨ ᠲᠣᠰ ᠤᠳᠠᠭᠠᠨ ᠤ ᠦᠵᠡᠭᠦᠯᠦᠯᠭᠡ ᠶᠢᠨ ᠰᠤᠷᠤᠯᠴᠠᠯᠭ᠎ᠠ ᠳᠤ ᠣᠷᠣᠯᠴᠠᠵᠠᠶ᠃    ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶᠎ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠦᠨᠳᠦᠰᠦᠨ ᠱᠠᠲᠤᠨ ᠤ ᠲᠤᠤᠷᠵᠢᠭᠤᠯᠤᠯᠳᠠ ᠶᠢ ᠨᠠᠶᠢᠳᠠᠪᠤᠷᠢᠵᠢᠭᠤᠯᠤᠨ ᠬᠦᠨᠵᠡᠬᠡᠶᠢᠷᠡᠬᠦᠯᠬᠦ ᠣᠨ︾᠎ ᠤ  ᠠᠵᠢᠯ ᠤᠨ ᠱᠠᠭᠠᠷᠳᠠᠯᠭ᠎ᠠ ᠶᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠨᠳᠡᠯᠡᠨ ᠲᠣᠭᠤᠷᠢᠭ ︽ᠤᠶᠤᠨᠳᠤ · ᠬᠥᠨᠳᠡᠯᠡᠨ ᠲᠤᠤᠷᠵᠢᠭᠤᠯᠤᠯᠳᠠ ᠶᠢᠨ ᠬᠤᠯᠪᠣᠭᠠᠯᠠᠨ ᠬᠥᠳᠡᠯᠦᠯᠴᠡᠬᠦ ᠬᠠᠮᠢᠶᠠᠷᠤᠯᠳᠠ ᠶᠢᠨ ᠲᠠᠪᠴᠠᠩ︾᠎ ᠢ ᠪᠠᠶᠢᠭᠤᠯᠬᠤ ᠪᠠᠷ ᠲᠣᠬᠢᠶᠠᠯ ᠪᠣᠯᠭᠠᠵᠤ᠂ ᠡᠭᠦᠨ ᠤ ᠬᠠᠮᠲᠤ ᠬᠥᠨᠳᠡᠯᠡᠨ ᠲᠣᠭᠤᠷᠢᠭ ᠤᠨ ᠦᠵᠡᠯ ᠤᠬᠠᠮᠰᠠᠷ ᠤᠨ ᠬᠡᠯᠪᠡᠷᠢ ᠶᠢᠨ ᠲᠤᠤᠷᠵᠢᠭᠤᠯᠤᠯᠳᠠ ᠶᠢᠨ ᠵᠢᠯᠤᠭᠤᠳᠤᠨ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠶᠤᠨᠲᠤ ᠬᠥᠨᠳᠡᠯᠡᠨ ᠲᠣᠤᠷᠵᠢᠭᠤᠯᠤᠭᠰᠠᠨ ᠬᠤᠯᠪᠣᠭᠠᠯᠠᠨ ᠬᠥᠳᠡᠯᠦᠯᠴᠡᠬᠦ ᠬᠠᠮᠢᠶᠠᠷᠤᠯᠲᠠ ᠯᠤᠭ᠎ᠠ ᠬᠦᠢᠴᠡᠳ ᠠᠭᠤᠰᠤᠯᠴᠠᠭᠤᠯᠬᠤ ᠪᠤᠯᠤᠨ᠎ᠠ᠃  ᠲᠤᠤᠷᠵᠢᠭᠤᠯᠤᠯᠳᠠ ᠨᠢ ᠬᠥᠮᠦᠨ᠂ ᠭᠠᠵᠠᠷ᠂ ᠪᠣᠳᠠᠰ᠂ ᠬᠡᠷᠡᠭ ᠶᠠᠪᠤᠳᠠᠯ᠂ ᠵᠣᠬᠢᠶᠠᠨ ᠪᠠᠶᠢᠭᠤᠯᠤᠯᠲᠠ ᠵᠡᠷᠭᠡ ᠠᠮᠤᠷ ᠲᠦᠪᠰᠢᠨ ᠤ ᠦᠨᠳᠦᠰᠦᠨ ᠬᠦᠴᠦᠨ ᠵᠦᠢᠯ ᠢ ᠲᠤᠤᠷᠵᠢᠭᠤᠯᠤᠯᠳᠠ ᠶᠢᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠤᠨ᠎ᠠ᠃ ︽ᠳᠥᠷᠪᠡᠨ ᠳᠡᠭᠡᠷ᠎ᠡ︾ ᠵᠠᠷᠴᠢᠮ ᠤᠨ ᠲᠣᠭᠤᠷᠢᠨ ᠳᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠲᠤᠤᠷᠵᠢᠭᠤᠯᠤᠯᠳᠠ ᠲᠡᠭᠡᠷ᠎ᠡ ᠪᠠᠶᠢᠭᠤᠯᠵᠤ᠂ ᠡᠩᠨᠡᠭᠡ ᠪᠠᠨ ᠲᠤᠤᠷᠵᠢᠭᠤᠯᠤᠯᠳᠠ ᠳᠡᠭᠡᠷ᠎ᠡ ᠪᠠᠶᠢᠭᠤᠯᠵᠤ᠂ ᠬᠠᠮᠢᠶᠠᠷᠤᠯᠲᠠ ᠪᠠᠨ ᠲᠤᠤᠷᠵᠢᠭᠤᠯᠤᠯᠳᠠ ᠳᠡᠭᠡᠷ᠎ᠡ ᠨᠠᠶᠢᠳᠠᠪᠤᠷᠢᠵᠢᠭᠤᠯᠵᠤ᠂ ᠦᠢᠯᠡᠴᠢᠯᠡᠭᠡ ᠪᠠᠨ ᠲᠤᠤᠷᠵᠢᠭᠤᠯᠤᠯᠳᠠ ᠎ ᠳᠤ ᠤᠷᠤᠭᠤᠯᠵᠠᠢ  ᠃ ᠡᠭᠦᠨ ᠤ ᠬᠠᠮᠲᠤ ᠡᠬᠢ ᠪᠠᠶᠠᠯᠢᠭ ᠢ ᠨᠡᠶᠢᠳᠭᠡᠬᠦ᠂ ᠣᠯᠠᠨ ᠱᠠᠲᠤ ᠬᠠᠷᠢᠯᠴᠠᠨ ᠬᠥᠳᠡᠯᠦᠯᠴᠡᠬᠦ᠂ ᠤᠨᠢᠨ ᠲᠡᠭᠡᠷ᠎ᠡ ᠨᠢ ᠵᠣᠬᠢᠴᠠᠭᠤᠯᠬᠤ ᠶᠠᠪᠤᠴᠠ ᠳᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠦᠬᠦᠪᠦᠷᠢᠯᠡᠬᠦ ᠶᠢ ᠪᠡᠶᠡᠯᠡᠭᠦᠯᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠪᠡ᠃    ᠲᠣᠭᠤᠷᠢᠨ ᠦᠵᠡᠵᠦ ᠰᠤᠷᠤᠯᠴᠠᠭᠰᠠᠨ ᠤ ᠳᠠᠷᠠᠭ᠎ᠠ ᠪᠠᠰᠠ ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ ᠢ ᠲᠣᠭᠤᠷᠢᠨ ᠦᠵᠡᠵᠤ᠂ ᠬᠠᠮᠲᠤ ᠪᠠᠷ ᠬᠠᠮ ᠵᠠᠭᠤᠴᠢᠯᠠᠭᠤᠷ ᠤᠨ ᠪᠦᠲᠦᠭᠡᠭᠳᠡᠬᠦᠨ ᠢ ᠰᠣᠨᠢᠷᠬᠠᠪᠠ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号