ᠬᠢᠵᠢᠭ ᠤᠨ ᠬᠤᠭᠤᠴᠠᠭᠠᠨ ᠳᠤ ᠶᠠᠭᠤ ᠶᠢ ᠠᠩᠬᠠᠷᠪᠠᠯ ᠵᠤᠬᠢᠬᠤ ᠪᠤᠢ
ᠨᠡᠶᠢᠲᠡᠯᠡᠭᠰᠡᠨ ᠴᠠᠭ᠄
2021/1/27
   2021 ᠤᠨ ᠤ 1 ᠰᠠᠷ᠎ᠠ ᠶᠢᠨ 13 ᠤ ᠡᠲᠦᠷ ᠪᠤᠯᠲᠠᠯ᠎ᠠ᠂  ᠤᠯᠤᠰ ᠤᠨ  ᠲᠤᠲᠤᠭᠠᠲᠦ ᠶᠢᠨ  ᠲᠤᠮᠲᠠ  ᠦᠨᠲᠦᠷ ᠲᠦᠭᠰᠢᠬᠦᠷᠢ ᠲᠠᠢ  ᠭᠠᠵᠠᠷ  ᠤᠷᠤᠨ  ᠨᠢᠬᠡᠨᠳᠡ  85  ᠪᠤᠯᠵᠦ  ᠨᠡᠮᠡᠭᠳᠡᠨ᠂  ᠬᠢᠵᠢᠭ ᠢ  ᠰᠡᠷᠭᠡᠶᠢᠯᠡᠬᠦ   ᠠᠵᠢᠯ ᠢ   ᠲᠦᠪᠡᠭ ᠪᠤᠲᠤᠯᠢᠶᠠᠨ ᠲᠠᠢ ᠪᠤᠯᠭᠠᠵᠠᠢ᠃ ᠬᠢᠵᠢᠭ ᠤᠨ ᠬᠤᠭᠤᠴᠠᠭᠠᠨ ᠳᠤ ᠪᠢᠳᠡ  ᠴᠤᠬᠤᠮ  ᠶᠠᠭᠤ ᠶᠢ  ᠠᠩᠬᠠᠷᠪᠠᠯ  ᠵᠤᠬᠢᠬᠤ  ᠪᠢᠯᠡ︖ ᠲᠤᠤᠷ᠎ᠠ 10 ᠵᠦᠢᠯ ᠢ ᠰᠠᠨᠠᠭᠤᠯᠤᠶ᠎ᠠ᠄       1. ᠲᠦᠭᠰᠢᠬᠦᠷᠢ ᠶᠢ ᠤᠮᠲᠤᠭᠠᠶᠢᠯᠠᠵᠦ ᠪᠤᠯᠬᠤ ᠦᠬᠡᠢ᠂  ᠡᠲᠦᠷ  ᠬᠦᠢᠳᠡᠷᠡᠭᠰᠡᠨ ᠨᠢ  ᠸᠢᠷᠦ᠋ᠰ ᠤᠨ  ᠦᠷᠡᠵᠢᠬᠦ ᠳᠤ ᠲᠤᠬᠢᠷᠠᠬᠰᠠᠨ  ᠪᠤᠯᠬᠤᠷ  ᠬᠠᠯᠲᠠᠪᠦᠷᠢᠯᠠᠬᠲᠠᠬᠤ  ᠠᠶᠤᠯ  ᠴᠦ  ᠲᠠᠭᠠᠯᠲᠤᠭᠠᠳ  ᠨᠡᠮᠡᠭᠳᠡᠵᠦ   ᠪᠤᠢ᠂   ᠰᠤᠨᠤᠷ   ᠰᠡᠷᠡᠮᠵᠢ ᠪᠠᠨ ᠲᠡᠭᠡᠭᠰᠢᠯᠡᠬᠦᠯᠪᠡᠯ ᠵᠤᠬᠢᠨ᠎ᠠ᠃       2. ᠬᠤᠪᠢ ᠪᠡᠶ᠎ᠡ ᠪᠠ ᠭᠡᠷ ᠤᠨ ᠬᠦᠮᠦᠰ ᠤᠨ ᠢᠶᠠᠨ ᠭᠠᠲᠠᠭᠠᠲᠦ ᠠᠴᠠ ᠪᠤᠶᠤ ᠬᠢᠵᠢᠭ ᠤᠨ ᠡᠬᠦᠰᠦᠯ ᠤᠨ ᠤᠷᠤᠨ ᠠᠴᠠ ᠪᠤᠴᠠᠵᠦ ᠢᠷᠡᠭᠰᠡᠨ  ᠰᠤᠷᠠᠭ ᠢ  ᠨᠢᠭᠤᠵᠦ  ᠪᠤᠯᠬᠤ  ᠦᠬᠡᠢ᠂  ᠰᠠᠨᠠᠭᠠᠴᠢᠯᠠᠭ᠎ᠠ ᠠᠴᠠ ᠪᠠᠨ  ᠨᠡᠶᠢᠬᠡᠮ  ᠲᠤᠭᠤᠷᠢᠭ  ︵ᠭᠠᠴᠠᠭ᠎ᠠ ᠲᠤᠰᠬᠤᠨ︶ ᠲᠤ ᠪᠦᠷᠢᠳᠭᠡᠯᠭᠡᠨ᠂ ᠬᠢᠵᠢᠭ ᠠᠴᠠ ᠰᠡᠷᠭᠡᠶᠢᠯᠡᠨ ᠬᠢᠵᠢᠭ ᠢ  ᠡᠵᠡᠮᠳᠡᠬᠦ  ᠪᠦᠲᠦᠮᠵᠢᠳᠡᠢ  ᠠᠷᠭ᠎ᠠ  ᠬᠡᠮᠵᠢᠶ᠎ᠡ  ᠠᠪᠤᠪᠠᠯ ᠵᠤᠬᠢᠨ᠎ᠠ᠃           3. ᠤᠯᠠᠨ ᠲᠦᠮᠡᠨᠴᠢ ᠠᠵᠢᠯᠯᠠᠭ᠎ᠠ ᠶᠢ  ᠵᠤᠬᠢᠶᠠᠨ  ᠪᠠᠶᠢᠭᠤᠯᠵᠤ  ᠪᠤᠯᠬᠤ  ᠦᠬᠡᠢ᠂  ᠪᠤᠯᠭᠤᠭᠠᠨ  ᠲᠤᠬᠤᠨᠢᠭᠤᠯᠬᠤ᠂ ᠦᠳᠡᠰᠢᠯᠡᠭᠡ ᠴᠤᠭᠯᠠᠭᠠᠨ ᠡᠷᠬᠢᠯᠡᠬᠦ᠂ ᠬᠤᠭᠤᠯᠠᠯᠠᠨ ᠨᠠᠶᠢᠷᠯᠠᠬᠤ᠂  ᠰᠦᠮ᠎ᠡ ᠶᠢᠨ  ᠬᠤᠷᠠᠯ ᠳᠤ  ᠤᠷᠤᠯᠴᠠᠬᠤ  ᠡᠰᠡᠬᠦᠯ᠎ᠡ  ᠰᠢᠨ᠎ᠡ ᠵᠢᠯ ᠤᠨ ᠴᠤᠭᠯᠠᠭᠠᠨ ᠵᠡᠷᠭᠡ ᠶᠢ ᠵᠤᠬᠢᠶᠠᠨ ᠪᠠᠶᠢᠭᠤᠯᠵᠤ ᠪᠤᠯᠬᠤ ᠦᠬᠡᠢ᠃ ᠡᠷᠬᠡᠪᠰᠢ  ᠵᠤᠬᠢᠶᠠᠨ  ᠪᠠᠶᠢᠭᠤᠯᠬᠤ  ᠴᠢᠬᠤᠯᠠᠳᠠᠢ  ᠪᠤᠯ ᠲᠡᠭᠡᠭᠰᠢ ᠮᠡᠳᠡᠬᠦᠯᠬᠦ ᠭᠡᠷᠡᠭᠳᠡᠢ᠃         4. ᠡᠪᠡᠳᠴᠢᠯᠡᠭᠰᠡᠨ  ᠪᠠᠶᠢᠳᠠᠯ  ᠲᠤᠤᠷ᠎ᠠ  ᠪᠡᠶ᠎ᠡ ᠪᠠᠨ  ᠠᠯᠪᠠᠲᠠᠵᠦ  ᠠᠵᠢᠯᠯᠠᠵᠦ  ᠰᠤᠷᠤᠯᠴᠠᠬᠤ᠂  ᠵᠢᠭᠤᠯᠴᠢᠯᠠᠬᠤ᠂ ᠴᠤᠭᠯᠠᠭᠠᠨ ᠳᠤ ᠤᠷᠤᠯᠴᠠᠬᠤ ᠵᠡᠷᠭᠡ ᠶᠢ ᠲᠡᠪᠴᠢᠪᠡᠯ  ᠵᠤᠬᠢᠨ᠎ᠠ᠃  ᠭᠡᠷᠪᠡ  ᠠᠮᠢᠰᠬᠤᠯ ᠤᠨ  ᠵᠠᠮ ᠤᠨ  ᠡᠪᠡᠳᠴᠢᠨ ᠤ  ᠢᠯᠡᠷᠡᠯ ᠡᠬᠦᠰᠬᠦ᠂ ᠤᠨᠴᠠᠭᠠᠶᠢᠯᠠᠨ ᠬᠠᠯᠠᠭᠤᠷᠠᠬᠤ᠂ ᠬᠠᠨᠢᠶᠠᠬᠤ᠂ ᠠᠮᠢᠰᠬᠤᠯ ᠪᠠᠴᠢᠮᠲᠠᠬᠤ ᠵᠡᠷᠭᠡ ᠪᠠᠶᠢᠲᠠᠯ  ᠢᠯᠡᠷᠡᠪᠡᠯ  ᠴᠠᠭ  ᠲᠤᠬᠠᠢ ᠳᠤᠨᠢ ᠨᠡᠶᠢᠬᠡᠮ ᠲᠤᠭᠤᠷᠢᠭ ︵ᠭᠠᠴᠠᠭ᠎ᠠ ᠲᠤᠰᠬᠤᠨ︶ ᠲᠠᠭᠠᠨ  ᠮᠡᠳᠡᠬᠦᠯᠵᠦ᠂  ᠬᠤᠪᠢ  ᠬᠦᠮᠦᠨ ᠤ  ᠬᠠᠮᠠᠭᠠᠯᠠᠯᠲᠠ  ᠰᠡᠷᠭᠡᠶᠢᠯᠡᠯᠳᠡ ᠪᠠᠨ ᠰᠠᠶᠢᠲᠦᠷ ᠬᠢᠬᠦ ᠶᠢᠨ ᠬᠠᠮᠳᠤ ᠡᠮᠨᠡᠯᠭᠡ ᠳᠤ ᠬᠦᠷᠴᠦ ᠡᠮᠨᠡᠬᠦᠯᠬᠦ ᠭᠡᠷᠡᠭᠳᠡᠢ᠃        5. ᠲᠦᠬᠦᠬᠡᠢ ᠢᠳᠡᠭᠡᠨ᠂ ᠬᠦᠯᠳᠡᠭᠡᠭᠰᠡᠨ ᠢᠳᠡᠭᠡᠨ ᠵᠡᠷᠭᠡ ᠶᠢ ᠢᠳᠡᠬᠦ ᠦᠭᠡᠢ ᠪᠠᠶᠢᠬᠤ᠃ ᠬᠦᠯᠳᠡᠭᠡᠭᠰᠡᠨ  ᠢᠳᠡᠭᠡᠨ ᠢ ᠬᠤᠲᠠᠯᠲᠤᠨ ᠠᠪᠬᠤ ᠳᠠᠭᠠᠨ ᠡᠷᠭᠡᠪᠰᠢ ᠠᠮᠠᠪᠴᠢ ᠪᠠ ᠨᠢᠬᠡ ᠯᠠ ᠤᠲᠠᠭ᠎ᠠ ᠭᠡᠷᠡᠭᠯᠡᠬᠦ ᠪᠡᠭᠡᠯᠠᠢ ᠵᠡᠬᠦᠵᠦ᠂ ᠢᠳᠡᠭᠡᠨ ᠲᠠᠢ  ᠰᠢᠭᠤᠳ ᠬᠦᠷᠦᠯᠴᠡᠬᠦ ᠦᠬᠡᠢ ᠪᠠᠶᠢᠪᠠᠯ ᠵᠤᠬᠢᠨ᠎ᠠ᠃        6. ᠦᠨᠲᠦᠷ ᠲᠦᠭᠰᠢᠬᠦᠷᠢ ᠲᠠᠢ ᠤᠯᠤᠰ ᠪᠤᠶᠤ ᠭᠠᠵᠠᠷ ᠤᠷᠤᠨ ᠠᠴᠠ  ᠰᠦᠯᠵᠢᠶᠡᠨ  ᠪᠦᠲᠦᠭᠡᠭᠳᠡᠬᠦᠨ  ᠬᠤᠲᠠᠯᠲᠤᠨ ᠠᠪᠬᠤ ᠦᠭᠡᠢ ᠪᠠᠶᠢᠬᠤ᠃ ᠪᠤᠭᠤᠲᠠᠯ ᠪᠠᠭᠯᠠᠭ᠎ᠠ ᠪᠠ ᠪᠠᠷᠠᠭ᠎ᠠ ᠲᠠᠸᠠᠷ ᠢ 75% ᠶᠢᠨ ᠰᠫᠢᠷᠲ ᠢᠶᠠᠷ ᠠᠷᠢᠭᠤᠳᠬᠠᠨ᠎ᠠ᠂ ᠭᠠᠷ ᠢᠶᠠᠨ ᠠᠮᠠ᠂ ᠬᠠᠮᠠᠷ᠂ ᠨᠢᠲᠦ ᠵᠡᠷᠭᠡ ᠲᠠᠢ ᠪᠠᠨ ᠬᠦᠷᠦᠯᠴᠡᠬᠦᠯᠬᠦ ᠦᠭᠡᠢ ᠪᠠᠶᠢᠵᠤ᠂ ᠲᠠᠷᠦ᠋ᠢᠬᠠᠨ ᠤᠬᠢᠶᠠᠵᠦ ᠠᠷᠢᠭᠤᠳᠬᠠᠬᠤ ᠭᠡᠷᠡᠭᠳᠡᠢ᠃        7. ᠠᠮᠠᠪᠴᠢ ᠵᠡᠬᠦᠭᠰᠡᠨ ᠦᠬᠡᠢ ᠪᠠᠶᠢᠲᠠᠯ  ᠲᠤᠤᠷ᠎ᠠ  ᠬᠤᠲᠠᠯᠲᠤᠭ᠎ᠠ  ᠲᠡᠯᠭᠡᠬᠦᠷ᠂  ᠨᠤᠭᠤᠭ᠎ᠠ ᠶᠢᠨ  ᠵᠠᠬ᠎ᠠ᠂  ᠤᠯᠠᠨ ᠨᠡᠶᠢᠳᠡ ᠶᠢᠨ ᠭᠠᠵᠠᠷ ᠲᠤ ᠤᠴᠢᠬᠤ ᠦᠬᠡᠢ᠂ ᠨᠡᠶᠢᠳᠡ ᠶᠢᠨ ᠮᠠᠰᠢᠨ ᠳᠤ ᠰᠠᠭᠤᠬᠤ ᠦᠬᠡᠢ ᠪᠠᠶᠢᠪᠠᠯ ᠵᠤᠬᠢᠨ᠎ᠠ᠃ ᠠᠮᠠᠪᠴᠢ  ᠡᠰᠡ ᠵᠡᠬᠦᠭᠰᠡᠳ ᠢ ᠤᠯᠠᠨ ᠨᠡᠶᠢᠳᠡ ᠶᠢᠨ ᠲᠠᠯᠠᠪᠤᠷ ᠲᠤ ᠤᠷᠤᠭᠤᠯᠵᠤ ᠪᠤᠯᠬᠤ ᠦᠬᠡᠢ᠃      8.  ᠭᠡᠷᠡᠭᠯᠡᠵᠦ  ᠦᠩᠭᠡᠷᠡᠭᠰᠡᠨ  ᠠᠮᠠᠪᠴᠢ ᠪᠠᠨ  ᠲᠤᠷ᠎ᠠ ᠪᠠᠷ ᠢᠶᠠᠨ   ᠬᠠᠶᠠᠵᠦ   ᠪᠤᠯᠬᠤ   ᠦᠬᠡᠢ᠂   ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠦ᠂ ᠬᠤᠤᠷᠲᠦ ᠬᠤᠭ ᠨᠤᠪᠰᠢ ᠶᠢ ᠰᠢᠢᠳᠪᠦᠷᠢᠯᠡᠳᠡᠭ ᠬᠤᠭ ᠤᠨ ᠰᠠᠪᠠᠨ ᠳᠤ ᠬᠠᠶᠠᠬᠤ ᠭᠡᠷᠡᠭᠳᠡᠢ᠃          9. ᠪᠤᠰᠤᠳ ᠬᠦᠮᠦᠨ ᠤ ᠬᠤᠪᠢ ᠶᠢᠨ ᠨᠢᠭᠤᠴᠠ ᠶᠢ  ᠲᠤᠷ᠎ᠠ ᠪᠠᠷ ᠢᠶᠠᠨ  ᠵᠠᠲᠠᠷᠠᠭᠤᠯᠵᠦ  ᠪᠤᠯᠬᠤ  ᠦᠬᠡᠢ᠃  ᠡᠷᠭᠡ ᠰᠦᠷᠲᠦ ᠮᠡᠳᠡᠭᠡ ᠵᠠᠩᠬᠢ ᠶᠢᠨ ᠨᠡᠶᠢᠳᠡᠯᠡᠯ ᠢ ᠤᠯᠬᠤ ᠠᠴᠠ  ᠡᠮᠦᠨ᠎ᠡ  ᠴᠤᠤᠷᠬᠠᠯ  ᠲᠠᠷᠬᠠᠭᠠᠵᠦ  ᠪᠤᠯᠬᠤ  ᠦᠬᠡᠢ᠂  ᠴᠤᠤᠷᠬᠠᠯ ᠢ ᠢᠳᠡᠭᠡᠵᠦ ᠪᠤᠯᠬᠤ ᠦᠬᠡᠢ᠂ ᠲᠤᠷ᠎ᠠ ᠪᠠᠷ ᠮᠡᠳᠡᠭᠡ ᠵᠠᠩᠬᠢ ᠲᠠᠮᠵᠢᠭᠤᠯᠤᠨ ᠲᠠᠷᠬᠠᠭᠠᠵᠦ ᠪᠤᠯᠬᠤ ᠦᠬᠡᠢ᠃           10. ᠬᠢᠵᠢᠭ ᠢ ᠰᠡᠷᠭᠡᠶᠢᠯᠡᠵᠦ ᠬᠢᠵᠢᠭ ᠢ ᠡᠵᠡᠮᠳᠡᠬᠦ  ᠠᠵᠢᠯ ᠢ  ᠬᠠᠷᠰᠢᠯᠠᠵᠦ᠂  ᠰᠠᠮᠠᠭᠤᠷᠠᠭᠤᠯᠵᠦ  ᠪᠤᠯᠬᠤ  ᠦᠬᠡᠢ᠂ ᠬᠢᠵᠢᠭ ᠢ ᠰᠡᠷᠭᠡᠶᠢᠯᠡᠵᠦ ᠬᠢᠵᠢᠭ ᠢ ᠡᠵᠡᠮᠳᠡᠬᠦ ᠲᠤᠭᠲᠠᠭᠠᠯ ᠢ ᠴᠢᠩᠭ᠎ᠠ ᠵᠢᠷᠤᠮᠯᠠᠪᠠᠯ ᠵᠤᠬᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号