︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭᠠᠲᠠᠢ ᠡᠷᠬᠢᠯᠳᠡᠳᠦ ᠬᠥᠭᠵᠢᠯᠲᠡ ᠶᠢᠨ ᠠᠵᠤ ᠠᠬᠤᠶ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠪᠣᠳᠠᠲᠠᠶ ᠠᠷᠭ᠎ᠠ ᠬᠡᠮᠵᠢᠶ᠎ᠡ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/11
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭᠠᠲᠠᠢ ᠡᠷᠬᠢᠯᠳᠡᠳᠦ ᠬᠥᠭᠵᠢᠯᠲᠡ ᠶᠢᠨ ᠠᠵᠤ ᠠᠬᠤᠶ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠪᠣᠳᠠᠲᠠᠶ ᠠᠷᠭ᠎ᠠ ᠬᠡᠮᠵᠢᠶ᠎ᠡ︾ ︵ᠳᠣᠷᠣᠭᠰᠢ ︽ᠪᠣᠳᠠᠲᠠᠶ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠯ᠎ᠠ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ︽ᠪᠣᠳᠠᠲᠠᠶ ᠠᠷᠭ᠎ᠠ ᠬᠡᠮᠵᠢᠶ᠎ᠡ︾ ᠶᠢ ᠨᠡᠶᠢᠲᠡᠯᠡᠭᠰᠡᠨ ᠠᠬᠤᠶ ᠪᠠᠶᠢᠳᠠᠯ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠪᠣᠬᠢᠷᠲᠤᠯ ᠦᠭᠡᠶ ᠨᠡᠭᠦᠷᠡᠰᠦᠳᠦ᠋ᠷᠦᠭᠴᠢ ᠪᠠᠭᠠᠲᠠᠢ ᠡᠷᠭᠢᠯᠳᠡᠳᠦ ᠬᠥᠭᠵᠢᠯᠲᠡ ᠶᠢᠨ ᠠᠵᠤ ᠠᠬᠤᠶ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ︹2021︺ 4 ᠳ᠋ᠦ᠋ᠭᠡᠷ ᠲᠣᠭᠠᠲᠤ︶ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ  ᠤ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭᠠᠲᠠᠢ ᠡᠷᠬᠢᠯᠳᠡᠳᠦ ᠬᠥᠭᠵᠢᠯᠲᠡ ᠶᠢᠨ ᠠᠵᠤ ᠠᠬᠤᠶ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠣᠷᠣᠨ ᠤ ᠡᠷᠭᠢᠯᠳᠡᠳᠦ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠲᠣᠭᠲᠠᠴᠠ᠂ ᠠᠵᠤ ᠦᠢᠯᠡᠰ ᠤᠨ ᠲᠣᠭᠲᠠᠯᠴᠠᠭ᠎ᠠ᠂ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠳ᠋ᠦᠩᠨᠡᠬᠦ ᠶᠢᠨ ᠬᠠᠮᠲᠤ ᠮᠠᠨ ᠤ ᠣᠷᠣᠨ ᠤ ᠡᠷᠭᠢᠯᠳᠡᠳᠦ ᠠᠵᠤ ᠠᠬᠤᠶ ᠶᠢᠨ ᠠᠵᠤ ᠦᠶ᠋ᠯᠡᠰ ᠤᠨ ᠬᠡᠯᠬᠢᠶ᠎ᠡ ᠶᠢᠨ ᠲᠦᠪᠰᠢᠨ ᠢ ᠳᠡᠭᠡᠭᠰᠢᠯᠡᠭᠦᠯᠬᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠡᠨᠧᠷᠭᠢ ᠶᠢᠨ ᠬᠤᠷᠣᠭᠳᠠᠯ ᠤᠨ ᠬᠡᠮᠵᠢᠶ᠎ᠡ ᠶᠢ ᠪᠠᠭᠠᠰᠬᠠᠬᠤ ᠵᠡᠷᠭᠡ ᠲᠠᠯ᠎ᠠ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠤᠳ ᠢ ᠭᠦᠨᠵᠡᠭᠡᠶ ᠵᠠᠳᠠᠯᠤᠨ᠂ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ  ᠶᠢᠨ ᠰᠢᠨ᠎ᠡ ᠵᠠᠮ ᠳᠤ ᠠᠩᠬᠠᠷᠤᠯ ᠢᠶᠠᠨ ᠲᠦᠪᠯᠡᠷᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠦᠨᠳᠦᠰᠦᠨ ᠵᠠᠷᠴᠢᠮ ᠶᠢ ᠪᠠᠷᠢᠮᠲᠠᠯᠠᠬᠤ ᠶᠢᠨ ᠲᠤᠯᠠᠳᠠ ᠥᠪᠡᠷᠲᠡᠭᠡᠨ ᠵᠠᠰᠠᠬᠤ ᠣᠷᠣᠨ ︽ᠪᠣᠳᠠᠲᠠᠶ ᠠᠷᠭ᠎ᠠ ᠬᠡᠮᠵᠢᠶ᠎ᠡ︾  ᠶᠢ ᠳᠠᠷᠤᠮᠠᠯᠯᠠᠨ ᠲᠠᠷᠬᠠᠭᠠᠪᠠ᠃      ᠬᠤᠶᠠᠷ᠂ ︽ᠪᠣᠳᠠᠲᠠᠶ ᠠᠷᠭ᠎ᠠ ᠬᠡᠮᠵᠢᠶ᠎ᠡ︾ ᠶᠢᠨ ᠭᠤᠤᠯᠳᠠᠯᠭ᠎ᠠ ᠲᠠᠢ ᠠᠵᠢᠯ      ︽ᠪᠣᠳᠠᠲᠠᠶ ᠠᠷᠭ᠎ᠠ ᠬᠡᠮᠵᠢᠶ᠎ᠡ︾ ᠨᠢ ᠪᠣᠬᠢᠷᠲᠤᠯ ᠥᠬᠡᠶ ᠲᠥᠯᠥᠪᠵᠢᠭᠦᠯᠭᠡ᠂ ᠪᠣᠬᠢᠷᠲᠤᠯ ᠥᠬᠡᠶ ᠵᠢᠷᠤᠭ ᠲᠥᠯᠥᠪᠯᠡᠭᠡ᠂ ᠪᠣᠬᠢᠷᠲᠤᠯ ᠥᠬᠡᠶ ᠪᠠᠯᠠ ᠣᠷᠣᠭᠤᠯᠤᠯᠲᠠ᠂ ᠪᠣᠬᠢᠷᠲᠤᠯ ᠥᠬᠡᠶ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠦᠶ᠋ᠯᠡᠳᠪᠦᠷᠢᠯᠡᠯ᠂ ᠪᠣᠬᠢᠷᠲᠤᠯ ᠥᠬᠡᠶ ᠭᠦᠶ᠋ᠯᠭᠡᠭᠡ᠂ ᠪᠣᠬᠢᠷᠲᠤᠯ ᠥᠬᠡᠶ ᠠᠮᠢᠳᠤᠷᠠᠯ᠂ ᠪᠣᠬᠢᠷᠲᠤᠯ ᠥᠬᠡᠶ ᠬᠡᠷᠡᠭᠯᠡᠭᠡ ᠶᠢ ᠪᠠᠷᠢᠮᠲᠠᠯᠠᠵᠤ᠂ ᠪᠥᠬᠦ ᠣᠷᠣᠨ ᠤ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠦᠭᠦᠯᠬᠦ ᠪᠠ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠵᠤ᠂ ᠳᠣᠤᠷᠠᠬᠢ ᠮᠡᠲᠦ ᠳᠣᠯᠤᠭᠠᠨ ᠭᠤᠤᠯᠳᠠᠯᠭ᠎ᠠ ᠲᠠᠢ ᠠᠵᠢᠯ ᠢ ᠲᠤᠷᠠᠳᠴᠠᠢ᠃ ᠨᠢᠭᠡᠳᠦᠭᠡᠷ ᠬᠡᠰᠡᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠡᠷᠭᠢᠯᠳᠡᠳᠦ ᠬᠥᠭᠵᠢᠯᠲᠡ ᠶᠢᠨ ᠦᠢᠯᠡᠳᠪᠦᠷᠢᠯᠡᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠣᠬᠢᠷᠲᠤᠯ ᠥᠬᠡᠶ ᠠᠵᠤ ᠦᠶ᠋ᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠦᠶ᠋ᠯᠡᠴᠢᠯᠡᠭᠡᠨ ᠤ ᠦᠶ᠋ᠯᠡᠰ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠶ᠋ᠯᠡᠰ  ᠢ ᠬᠥᠭᠵᠢᠭᠦᠯᠬᠦ ᠪᠠᠷ ᠳᠠᠮᠵᠢᠭᠤᠯᠤᠨ᠂ ᠠᠵᠤ ᠦᠶ᠋ᠯᠡᠰ ᠤᠨ ᠪᠥᠭᠡᠮᠨᠡᠷᠡᠯ ᠤᠨ ᠡᠷᠭᠢᠯᠲᠡᠭᠦᠯᠦᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠤᠨ᠎ᠠ︔ ᠬᠤᠶᠠᠳᠤᠭᠠᠷ ᠬᠡᠰᠡᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠡᠷᠭᠢᠯᠳᠡᠳᠦ ᠬᠥᠭᠵᠢᠯᠲᠡ ᠶᠢᠨ ᠭᠦᠢᠯᠭᠡᠭᠡᠨ  ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠣᠬᠢᠷᠲᠤᠯ ᠥᠬᠡᠶ ᠪᠠᠷᠠᠭᠠᠨ ᠤ ᠭᠦᠶ᠋ᠯᠭᠡᠭᠡ ᠶᠢ ᠬᠦᠴᠦᠯᠡᠨ ᠪᠠᠶᠢᠭᠤᠯᠵᠤ᠂ ᠳᠠᠬᠢᠯᠲᠠ ᠡᠨᠧᠷᠭᠢ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠴᠢᠩᠭᠠᠳᠬᠠᠨ᠂ ᠪᠣᠬᠢᠷᠲᠤᠯ ᠥᠬᠡᠶ ᠠᠷᠠᠯᠵᠢᠶᠠᠨ ᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠭᠤᠷᠪᠠᠳᠤᠭᠠᠷ ᠬᠡᠰᠡᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠡᠷᠬᠢᠯᠳᠡᠳᠤ ᠬᠥᠭᠵᠢᠯᠲᠡ ᠶᠢᠨ ᠬᠡᠷᠡᠭᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠪᠠ ᠰᠠᠭᠤᠭᠠᠯᠢ ᠠᠷᠠᠳ ᠤᠨ ᠪᠣᠬᠢᠷᠲᠤᠯ ᠥᠬᠡᠶ ᠦᠶ᠋ᠯᠡᠳᠬᠦᠨ ᠬᠤᠳᠠᠯᠳᠤᠨ ᠠᠪᠬᠤ ᠶᠢ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠪᠣᠬᠢᠷᠲᠤᠯ ᠥᠬᠡᠶ ᠪᠦᠲᠦᠭᠡᠭᠳᠡᠬᠦᠨ ᠤ ᠬᠡᠷᠡᠭᠯᠡᠭᠡᠨ ᠢ ᠠᠬᠢᠭᠤᠯᠤᠨ᠂ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭᠠᠲᠠᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ︔ ᠳᠥᠷᠪᠡᠳᠦᠭᠡᠷ ᠬᠡᠰᠡᠭ᠂ ᠰᠠᠭᠤᠷᠢ ᠪᠡᠯᠡᠳᠬᠡᠮᠵᠢ ᠶᠢ ᠪᠣᠬᠢᠷᠲᠤᠯ ᠦᠭᠡᠢ ᠪᠠᠷ ᠲᠡᠰ ᠳᠡᠪᠰᠢᠭᠦᠯᠬᠦ ᠶᠢ ᠲᠦᠷᠭᠡᠳᠬᠡᠨ᠎ᠡ᠃ ᠡᠨᠧᠷᠭᠢ ᠶᠢᠨ ᠰᠢᠰᠲ᠋ᠧᠮ ᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠵᠦᠭ ᠬᠤᠪᠢᠷᠠᠭᠤᠯᠬᠤ ᠶᠢ ᠠᠬᠢᠭᠤᠯᠵᠤ᠂ ᠬᠤᠲᠠ ᠪᠠᠯᠭᠠᠰᠤᠨ ᠤ ᠣᠷᠴᠢᠨ ᠠᠬᠤᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠡᠰ ᠳᠡᠪᠰᠢᠬᠦ ᠶᠢ ᠠᠬᠢᠭᠤᠯᠵᠤ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠷᠠᠳ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠤᠨ᠎ᠠ︔ ᠲᠠᠪᠤᠳᠤᠭᠠᠷ ᠬᠡᠰᠡᠭ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠯᠴᠠᠭ᠎ᠠ ᠶᠢ ᠪᠠᠶᠢᠭᠤᠯᠤᠨ᠎ᠠ᠃ ᠪᠣᠬᠢᠷᠲᠤᠯ ᠦᠭᠡᠢ ᠨᠡᠭᠦᠷᠡᠰᠦᠳᠦ᠋ᠷᠦᠭᠴᠢ ᠪᠠᠭᠠᠲᠠᠢ ᠮᠡᠷᠭᠡᠵᠢᠯ  ᠢ ᠰᠤᠳᠤᠯᠤᠨ ᠨᠡᠭᠡᠭᠡᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠲᠦᠷᠭᠡᠳᠬᠡᠨ᠎ᠡ︔ ᠵᠢᠷᠭᠤᠳᠤᠭᠠᠷ ᠬᠡᠰᠡᠭ᠂ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠵᠦᠶ ᠶᠣᠰᠣᠨ ᠤ ᠦᠨ᠎ᠡ ᠬᠠᠩᠰᠢ ᠶᠢᠨ ᠲᠣᠭᠲᠠᠴᠠ᠂ ᠡᠳ᠋ ᠤᠨ ᠵᠠᠰᠠᠭ ᠭᠠᠶᠢᠯᠢ ᠶᠢᠨ ᠲᠡᠳᠬᠦᠮᠵᠢ᠂ ᠵᠦᠶ ᠶᠣᠰᠣᠨ ᠤ ᠮᠥᠩᠭᠦᠨ ᠭᠦᠶ᠋ᠯᠭᠡᠭᠡᠨ᠂ ᠪᠠᠷᠢᠮᠵᠢᠶ᠎ᠠ ᠶᠢᠨ ᠲᠣᠭᠲᠠᠯᠴᠠᠭ᠎ᠠ᠂ ᠪᠦᠷᠢᠳᠬᠡᠬᠦ ᠬᠢᠨᠠᠨ ᠰᠢᠨᠵᠢᠬᠦ ᠲᠦᠷᠢᠮ᠂ ᠵᠦᠶ ᠶᠣᠰᠣᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠲᠣᠭᠲᠠᠴᠠ ᠵᠡᠷᠭᠡ ᠲᠠᠯ᠎ᠠ ᠪᠠᠷ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠲᠦᠷᠢᠮ ᠤᠨ ᠲᠤᠯᠭᠠᠭᠤᠷᠢᠯᠠᠯ ᠢ ᠴᠢᠩᠭᠠᠳᠬᠠᠨ᠎ᠠ︔ ᠳᠣᠯᠣᠳᠤᠭᠠᠷ ᠬᠡᠰᠡᠭ᠂ ᠵᠣᠬᠢᠶᠠᠨ ᠪᠠᠶᠢᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ ᠪᠣᠶ ᠪᠣᠯᠭᠠᠨ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃      ᠭᠤᠷᠪᠠ᠂ ︽ᠪᠣᠳᠠᠲᠠᠶ ᠠᠷᠭ᠎ᠠ ᠬᠡᠮᠵᠢᠶ᠎ᠡ︾ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠯᠲᠠ      ᠨᠢᠭᠡ ᠳᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠷᠭᠢᠯᠳᠡᠳᠦ ᠠᠵᠤ ᠠᠬᠤᠶ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠣᠶ ᠪᠣᠯᠭᠠᠬᠤ ᠬᠡᠷᠡᠭᠲᠡᠶ᠃ ᠲᠣᠯᠤᠭᠠᠶᠢᠯᠠᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠰᠢᠮᠳᠠᠭᠤᠯᠤᠨ ᠵᠢᠯᠣᠭᠤᠳᠬᠤ ᠪᠠᠨ ᠴᠢᠩᠭᠠᠷᠠᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠢ ᠤᠯᠠᠷᠢᠯ ᠢᠶᠠᠷ ᠲᠣᠬᠢᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ ᠠᠵᠢᠯ ᠤᠨ ᠳᠤᠮᠳᠠᠬᠢ ᠪᠣᠳᠠᠲᠠᠶ ᠠᠰᠠᠭᠤᠳᠠᠯ ᠤᠳ ᠢ ᠰᠤᠳᠤᠯᠤᠨ ᠰᠢᠶ᠋ᠳᠪᠦᠷᠢᠯᠡᠵᠦ᠂ ᠲᠤᠷᠰᠢᠯᠭ᠎ᠠ ᠰᠠᠶᠢᠨ ᠵᠠᠭᠪᠤᠷ ᠢ ᠴᠠᠭ ᠲᠤᠬᠠᠶ ᠳᠤ ᠨᠢ ᠰᠠᠶᠢᠲᠤᠷ ᠳ᠋ᠦᠩᠨᠡᠬᠦ ᠬᠡᠷᠡᠭᠲᠡᠶ᠃      ᠬᠤᠶᠠᠷ ᠲᠤ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠤᠳ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭᠠᠲᠠᠢ ᠡᠷᠬᠢᠯᠳᠡᠳᠦ ᠬᠥᠭᠵᠢᠯᠲᠡ ᠶᠢᠨ ᠠᠵᠤ ᠠᠬᠤᠢ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠶ᠋ᠴᠡᠳ ᠲᠠᠨᠢᠵᠤ᠂ ᠲᠡᠭᠦᠨ ᠢ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠠᠭᠤᠯᠭ᠎ᠠ ᠪᠣᠯᠭᠠᠨ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠡᠯ᠎ᠡ ᠵᠦᠶ᠋ᠯ ᠤᠨ ᠡᠭᠦᠷᠭᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃       ᠭᠤᠷᠪᠠ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠤᠳ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭᠠᠲᠠᠢ ᠡᠷᠬᠢᠯᠳᠡᠳᠦ ᠬᠥᠭᠵᠢᠯᠲᠡ ᠶᠢ ᠤᠬᠠᠭᠤᠯᠤᠨ ᠲᠤᠭᠤᠰᠢᠯᠠᠭᠤᠯᠬᠤ ᠠᠵᠢᠯ ᠢᠶᠠᠨ ᠴᠢᠩᠭᠠᠳᠬᠠᠵᠤ᠂ ᠣᠯᠤᠭᠰᠠᠨ ᠢᠯᠡᠳᠲᠡ ᠠᠮᠵᠢᠯᠲᠠ ᠪᠦᠲᠦᠮᠵᠢ ᠶᠢ ᠶᠡᠬᠡᠪᠡᠷ ᠤᠬᠠᠭᠤᠯᠤᠨ᠂ ᠲᠡᠷᠢᠭᠦᠨ ᠤ ᠨᠡᠶᠢᠲᠡᠯᠢᠭ ᠵᠢᠱᠢᠶ᠎ᠡ ᠨᠦᠭᠦᠳ ᠢ ᠢᠳᠡᠪᠬᠢᠲᠡᠶ ᠪᠠᠷ ᠤᠬᠠᠭᠤᠯᠵᠤ᠂ ᠠᠮᠢ ᠠᠬᠤᠶ ᠶᠢ ᠡᠪᠳᠡᠭᠰᠡᠨ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ᠂ ᠡᠬᠢ ᠪᠠᠶᠠᠯᠢᠭ ᠢ ᠬᠦᠨᠳᠦ ᠨᠣᠴᠢᠲᠠᠶ ᠪᠦᠷᠢᠯᠭᠡᠭᠰᠡᠨ ᠪᠠ ᠪᠣᠬᠢᠷᠲᠤᠭᠤᠯᠤᠯ ᠶᠡᠬᠡᠲᠡᠶ᠂ ᠡᠨᠧᠷᠭᠢ ᠶᠢᠨ ᠬᠤᠷᠣᠭᠳᠠᠯ ᠶᠡᠬᠡᠲᠡᠶ ᠲᠥᠷᠥᠯ ᠵᠦᠶ᠋ᠯ ᠢ ᠲᠣᠭᠲᠠᠭᠠᠯ ᠠᠴᠠ ᠵᠥᠷᠢᠴᠡᠨ ᠳᠤᠷ᠎ᠠ ᠪᠠᠷ ᠢᠶᠠᠨ ᠦᠢᠯᠡᠳᠦᠭᠰᠡᠨ ᠵᠡᠷᠭᠡ ᠲᠠᠯ᠎ᠠ ᠪᠠᠷ ᠬᠢ ᠨᠠᠵᠠᠭᠠᠶ ᠲᠠᠯ᠎ᠠ ᠶᠢᠨ ᠨᠡᠶᠢᠲᠡᠯᠢᠭ ᠵᠢᠱᠢᠶ᠎ᠡ ᠨᠦᠭᠦᠳ ᠢ ᠴᠠᠭ ᠲᠤ ᠨᠢ ᠣᠯᠠᠨ᠎ᠠ ᠢᠯᠡᠴᠢᠯᠡᠵᠦ᠂ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭᠠᠲᠠᠢ ᠡᠷᠬᠢᠯᠳᠡᠳᠦ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号