ᠪᠤᠭᠤᠲᠤ ᠬᠤᠲᠠ ᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠲᠤᠰᠠᠯᠠᠨ ᠳᠠᠭᠠᠭᠠᠯᠲᠠ ᠶᠢᠨ ᠮᠥᠩᠭᠦ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/16
   ᠨᠢᠭᠡ᠂ ᠲᠤᠰᠠᠯᠠᠨ ᠳᠠᠭᠠᠭᠠᠯᠲᠠ ᠶᠢᠨ ᠮᠥᠩᠭᠦ ︵ᠲᠤᠰᠠᠯᠠᠨ ᠪᠠᠲᠤᠯᠠᠬᠤ ᠮᠦᠩᠭᠦ︶ ᠶᠢᠨ ᠵᠢᠭᠡᠯᠡᠯᠭᠡ ᠶᠢᠨ ᠲᠣᠪᠴᠢ ᠲᠠᠨᠢᠯᠴᠠᠭᠤᠯᠭ᠎ᠠ     ᠲᠤᠰᠠᠯᠠᠨ ᠳᠠᠭᠠᠭᠠᠯᠲᠠ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠵᠣᠷᠢᠯᠭ᠎ᠠ ᠨᠢ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠪᠠᠷᠢᠴᠠᠭᠠᠨ ︵ᠪᠠᠲᠤᠯᠠᠭ᠎ᠠ︶ ᠤ ᠡᠳ᠋ ᠳᠤᠲᠠᠭᠳᠠᠬᠤ ᠪᠤᠶᠤ ᠪᠠᠷᠢᠴᠠᠭᠠᠨ ︵ᠪᠠᠲᠤᠯᠠᠭ᠎ᠠ︶ ᠤ ᠡᠳ᠋ ᠬᠦᠷᠦᠯᠴᠡᠬᠦ ᠥᠬᠡᠶ ᠠᠴᠠ ᠪᠣᠯᠵᠣ ᠪᠠᠯᠠ ᠬᠤᠷᠠᠮᠳᠤᠭᠤᠯᠬᠤ ᠶᠢᠨ ᠠᠷᠭ᠎ᠠ ᠥᠬᠡᠶ ᠬᠦᠴᠢᠷᠳᠡᠯ ᠢ ᠪᠦᠲᠦᠮᠵᠢᠲᠡᠶ ᠠᠷᠭᠠᠴᠠᠭᠠᠬᠤ ᠶᠢᠨ ᠲᠥᠯᠥᠭᠡ ᠶᠤᠮ᠃ ᠬᠤᠲᠠ ᠶᠢᠨ ᠵᠠᠰᠠᠭ ᠤᠨ ᠣᠷᠳᠣᠨ ᠭᠤᠤᠯᠯᠠᠨ ᠤᠳᠤᠷᠢᠳᠴᠤ ︽ᠪᠤᠭᠤᠲᠤ ᠬᠤᠲᠠ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠤᠰᠠᠯᠠᠨ ᠳᠠᠭᠠᠭᠠᠯᠲᠠ ᠶᠢᠨ ᠮᠥᠩᠭᠦ ᠶᠢᠨ ᠵᠢᠭᠡᠯᠡᠯᠭᠡ ᠶᠢᠨ ᠪᠠᠯᠠ ᠮᠥᠩᠭᠦ ᠶᠢᠨ ᠳᠠᠭᠠᠳᠬᠠᠯ︾ ︵ᠥᠪᠡᠷᠲᠡᠭᠡᠨ ᠵᠠᠰᠠᠬᠤ ᠣᠷᠣᠨ ᠪᠠᠯᠠ ᠮᠥᠩᠭᠦ ᠶᠢ ᠬᠥᠲᠥᠯᠦᠨ ᠵᠢᠯᠤᠭᠤᠳᠴᠤ᠂ ᠪᠤᠭᠤᠲᠤ ᠬᠤᠲᠠ ᠶᠢᠨ ᠲᠣᠰ ᠱᠠᠲᠤ ᠪᠤᠯᠤᠨ ᠡᠯ᠎ᠡ ᠭᠠᠵᠠᠷ ᠣᠷᠣᠨ ᠤ ᠡᠳ᠋ ᠤᠨ ᠵᠠᠰᠠᠭ ᠬᠠᠮᠲᠤ ᠪᠠᠷ ᠪᠠᠯᠠ ᠤᠷᠤᠭᠤᠯᠤᠨ᠎ᠠ︶ ᠢ ᠪᠠᠶᠢᠭᠤᠯᠵᠤ᠂ ᠮᠠᠨ ᠤ ᠬᠤᠲᠠ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠤᠰᠠᠯᠠᠨ ᠳᠠᠭᠠᠭᠠᠯᠲᠠ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠪᠠᠲᠤᠯᠠᠭ᠎ᠠ ᠶᠢᠨ ᠮᠥᠩᠭᠦ ᠪᠠ ᠲᠦᠭᠰᠢᠭᠦᠷᠢ ᠶᠢᠨ ᠨᠥᠬᠦᠪᠥᠷᠢ ᠮᠥᠩᠭᠦ ᠪᠣᠯᠭᠠᠨ᠎ᠠ᠃ ᠲᠤᠰᠬᠠᠶ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠬᠠᠮᠢᠶ᠎ᠠ ᠪᠦᠬᠦᠢ ᠪᠠᠶᠢᠭᠤᠯᠤᠮᠵᠢ ᠳᠤ ᠨᠠᠶᠢᠳᠠᠨ ᠪᠠᠩᠬᠢ ᠯᠤᠭ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠤᠰᠠᠯᠠᠨ ᠲᠠᠭᠠᠭᠠᠯᠲᠠ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠠᠮᠲᠤᠷᠠᠯᠴᠠᠭᠠᠨ ᠤ ᠬᠠᠮᠢᠶ᠎ᠠ ᠪᠦᠬᠦᠢ ᠵᠥᠪᠯᠡᠯᠴᠡᠭᠡᠷ ᠲᠣᠭᠲᠠᠵᠤ᠂ ᠬᠤᠷᠰᠢᠭᠰᠠᠨ ᠪᠠᠩᠬᠢ ᠠᠴᠠ ᠮᠠᠨ ᠤ ᠬᠤᠲᠠ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠵᠣᠬᠢᠬᠤ ᠬᠡᠮᠵᠢᠶᠡᠨ ᠤ ᠢᠲᠡᠭᠡᠮᠵᠢ ᠣᠯᠭᠤᠨ᠎ᠠ᠃      ᠬᠤᠶᠠᠷ᠂ ᠲᠤᠰᠠᠯᠠᠨ ᠳᠠᠭᠠᠭᠠᠯᠲᠠ ᠶᠢᠨ ᠮᠥᠩᠭᠦ ᠶᠢᠨ ᠵᠢᠭᠡᠯᠡᠯᠭᠡ ᠪᠠᠷ ᠲᠡᠳᠬᠦᠬᠦ ᠡᠲᠡᠭᠡᠳ      ᠮᠠᠨ ᠤ ᠬᠤᠲᠠ ᠳᠤ ᠳᠠᠩᠰᠠᠯᠠᠭᠤᠯᠤᠭᠰᠠᠨ᠂ ᠤᠯᠤᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠳᠤ ᠨᠡᠶᠢᠴᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠠᠮᠲᠤᠯᠢᠭ ᠨᠤᠭᠤᠳ ᠢ ᠬᠠᠮᠤᠷᠤᠨ᠎ᠠ᠃      ᠭᠤᠷᠪᠠ᠂ ᠲᠤᠰᠠᠯᠠᠨ ᠳᠠᠭᠠᠭᠠᠯᠲᠠ ᠶᠢᠨ ᠮᠥᠩᠭᠦ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠤᠭᠤᠴᠠᠭ᠎ᠠ ᠬᠢᠵᠠᠭᠠᠷ᠂ ᠬᠦᠦ ᠶᠢᠨ ᠨᠣᠷᠮ᠎ᠠ ᠵᠢᠴᠢ ᠵᠣᠭᠤᠰ ᠪᠤᠴᠠᠭᠠᠬᠤ ᠠᠷᠭ᠎ᠠ ᠮᠠᠶ᠋ᠢᠭ      1. ᠵᠢᠭᠡᠯᠡᠯᠭᠡ ᠶᠢᠨ ᠲᠤᠭ᠎ᠠ ᠬᠡᠮᠵᠢᠶ᠎ᠡ᠃ ᠭᠠᠭᠴᠠ ᠡᠷᠦᠬᠡ ᠠᠵᠤ ᠠᠬᠤᠶᠢᠯᠠᠯ ᠤᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠠᠷᠴᠢᠮ ᠳᠡᠭᠡᠷ᠎ᠡ ᠪᠠᠨ 1000 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃       2. ᠵᠢᠭᠡᠯᠡᠯᠭᠡ ᠶᠢᠨ ᠬᠤᠭᠤᠴᠠᠭ᠎ᠠ᠃ ᠨᠢᠭᠡ ᠤᠳᠠᠭᠠᠨ ᠤ ᠵᠢᠭᠡᠯᠡᠯᠭᠡ ᠶᠢᠨ ᠬᠤᠭᠤᠴᠠᠭ᠎ᠠ ᠶᠢ ᠡᠩ ᠤᠨ ᠪᠠᠶᠢᠳᠠᠯ ᠳᠤ 1 ᠵᠢᠯ ︵1 ᠵᠢᠯ ᠪᠠᠭᠲᠠᠨ᠎ᠠ︶ ᠠᠴᠠ ᠬᠡᠲᠦᠷᠡᠭᠦᠯᠬᠦ ᠦᠭᠡᠶ ᠪᠠᠶᠢᠯᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠦᠨᠳᠦᠰᠦᠯᠡᠨ᠂ ᠵᠢᠭᠡᠯᠡᠯᠭᠡ ᠶᠢᠨ ᠬᠤᠭᠤᠴᠠᠭ᠎ᠠ ᠶᠢ ᠵᠣᠬᠢᠰᠲᠠᠶ ᠰᠤᠩᠭᠤᠵᠦ 2 ᠵᠢᠯ ᠪᠣᠯᠭᠠᠵᠤ ᠪᠣᠯᠤᠨ᠎ᠠ᠃      3. ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ᠃ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠣᠰ ᠬᠤᠭᠤᠴᠠᠭᠠᠨ ᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠶᠢᠨ ᠰᠠᠭᠤᠷᠢᠨ ᠳᠡᠭᠡᠷ᠎ᠡ ᠳᠡᠭᠡᠭᠰᠢ ᠳᠣᠷᠣᠭᠰᠢ ᠬᠡᠯᠪᠡᠯᠵᠡᠵᠦ ᠪᠣᠯᠬᠤ ᠪᠥᠭᠡᠳ ᠬᠠᠮᠲᠤᠷᠠᠨ ᠠᠵᠢᠯᠯᠠᠬᠤ ᠡᠯ᠎ᠡ ᠲᠠᠯ᠎ᠠ ᠶᠢᠨ ᠬᠢᠨ ᠵᠥᠪᠳᠡᠯᠴᠡᠨ ᠲᠣᠭᠲᠠᠭᠠᠨ᠎ᠠ᠂ ᠭᠡᠪᠡᠴᠦ ᠤᠯᠤᠰ ᠠᠴᠠ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠨᠡᠶᠢᠳᠡᠮ ᠠᠰᠢᠭ ᠬᠦᠷᠲᠡᠭᠡᠬᠦ ᠮᠥᠩᠭᠦᠨ ᠭᠦᠢᠯᠭᠡᠭᠡᠨ ᠤ ᠬᠦᠦ ᠮᠥᠩᠭᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃       4. ᠵᠣᠭᠤᠰ ᠪᠤᠴᠠᠭᠠᠬᠤ ᠠᠷᠭ᠎ᠠ ᠮᠠᠶ᠋ᠢᠭ᠃ ᠬᠤᠭᠤᠴᠠᠭ᠎ᠠ ᠲᠤᠯᠪᠠᠯ ᠨᠢᠭᠡ ᠯᠡ ᠤᠳᠠᠭ᠎ᠠ ᠳᠤ ᠪᠤᠴᠠᠭᠠᠬᠤ ᠪᠤᠶᠤ ᠬᠤᠭᠤᠴᠠᠭ᠎ᠠ ᠬᠤᠪᠢᠶᠠᠨ ᠪᠤᠴᠠᠭᠠᠬᠤ ᠵᠡᠷᠭᠡ ᠬᠡᠯᠪᠡᠷᠢ ᠪᠠᠷ ᠪᠤᠴᠠᠭᠠᠵᠦ ᠪᠣᠯᠤᠨ᠎ᠠ᠃       ᠳᠥᠷᠪᠡ᠂ ᠲᠤᠰᠠᠯᠠᠨ ᠳᠠᠭᠠᠭᠠᠯᠲᠠ ᠶᠢᠨ ᠮᠥᠩᠭᠦ ᠶᠢᠨ ᠵᠢᠭᠡᠯᠡᠯᠭᠡ ᠶᠢ ᠭᠦᠢᠴᠡᠳᠬᠡᠬᠦ ᠴᠤᠪᠤᠷᠠᠯ     1. ᠵᠢᠭᠡᠯᠡᠯᠭᠡ ᠭᠤᠶᠤᠴᠢᠯᠠᠬᠤ᠃ ᠠᠵᠤ ᠠᠬᠤᠶᠢᠯᠠᠯ ᠤᠳ ᠬᠠᠷᠢᠶ᠎ᠠ ᠭᠠᠵᠠᠷ ᠤᠨ ᠳᠤᠮᠳᠠ ᠵᠢᠵᠢᠭ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠦᠭᠴᠦ᠂ ᠬᠠᠷᠢᠶ᠎ᠠ ᠭᠠᠵᠠᠷ ᠤᠨ ᠳᠤᠮᠳᠠ ᠵᠢᠵᠢᠭ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠢ ᠲᠤᠰᠬᠠᠶ ᠠᠵᠢᠯ ᠵᠣᠬᠢᠴᠠᠭᠤᠯᠬᠤ ᠠᠯᠪᠠᠨ ᠭᠡᠷ ᠲᠤ ᠪᠠᠲᠤᠯᠠᠨ ᠲᠠᠨᠢᠯᠴᠠᠭᠤᠯᠤᠨ᠎ᠠ᠃ ᠬᠤᠷᠰᠢᠯᠴᠠᠨ ᠳᠠᠭᠠᠭᠠᠯᠲᠠ ᠬᠢᠬᠦ ᠪᠠᠶᠢᠭᠤᠯᠤᠮᠵᠢ᠂ ᠪᠠᠩᠬᠢ ᠨᠤᠭᠤᠳ ᠨᠢ ᠡᠯ᠎ᠡ ᠭᠠᠵᠠᠷ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠨᠥᠬᠦᠴᠡᠯ ᠳᠤ ᠨᠡᠶᠢᠴᠡᠭᠰᠡᠨ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠳ ᠢ ᠬᠦᠯᠢᠶᠡᠨ ᠠᠪᠴᠤ ᠪᠣᠯᠤᠨ᠎ᠠ᠃     2. ᠰᠢᠭᠰᠢᠨ ᠰᠣᠩᠭᠤᠵᠤ ᠪᠠᠲᠤᠯᠠᠨ ᠲᠠᠨᠢᠯᠴᠠᠭᠤᠯᠤᠨ᠎ᠠ᠃ ᠲᠤᠰᠬᠠᠶ ᠠᠵᠢᠯ ᠵᠣᠬᠢᠴᠠᠭᠤᠯᠬᠤ ᠠᠯᠪᠠᠨ ᠬᠡᠷ ᠨᠢ ᠲᠤᠬᠠᠶ ᠶᠢᠨ ᠭᠠᠵᠠᠷ ᠲᠤ ᠠᠩᠬ᠎ᠠ ᠠᠯᠬᠤᠮ ᠪᠠᠶᠢᠴᠠᠭᠠᠨ ᠣᠶᠢᠯᠠᠭᠠᠭᠰᠠᠨ ᠪᠠᠶᠢᠳᠠᠯ ᠵᠶᠠᠨ ᠦᠨᠳᠦᠰᠦᠯᠡᠨ᠂ ᠳᠠᠭᠠᠳᠬᠠᠯ ᠤᠨ ᠮᠥᠩᠭᠦ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠤᠷᠰᠢᠯᠴᠠᠨ ᠳᠠᠭᠠᠭᠠᠯᠲᠠ ᠬᠢᠬᠦ ᠪᠠᠶᠢᠭᠤᠯᠤᠮᠵᠢ᠂ ᠪᠠᠩᠬᠢ ᠳᠤ ᠲᠠᠨᠢᠯᠴᠠᠭᠤᠯᠬᠤ ᠶᠢᠨ ᠬᠠᠮᠲᠤ ᠲᠠᠨᠢᠯᠴᠠᠭᠤᠯᠬᠤ ᠬᠦᠰᠦᠨᠦᠭ ᠲᠠᠭᠯᠠᠵᠦ ᠬᠦᠷᠭᠡᠨ᠎ᠡ᠃      3. ᠵᠢᠭᠡᠯᠡᠯᠭᠡ ᠶᠢ ᠬᠢᠨᠠᠨ ᠵᠥᠪᠰᠢᠶᠡᠷᠡᠬᠦ᠃ ᠬᠤᠷᠰᠢᠯᠴᠠᠨ ᠳᠠᠭᠠᠭᠠᠯᠲᠠ ᠬᠢᠬᠦ ᠪᠠᠶᠢᠭᠤᠯᠤᠮᠵᠢ᠂ ᠪᠠᠩᠬᠢ ᠨᠤᠭᠤᠳ ᠲᠤᠰᠬᠠᠶ ᠠᠵᠢᠯ ᠵᠣᠬᠢᠴᠠᠭᠤᠯᠬᠤ ᠠᠯᠪᠠᠨ ᠭᠡᠷ ᠤᠨ ᠪᠠᠲᠤᠯᠠᠨ ᠲᠠᠨᠢᠯᠴᠠᠭᠤᠯᠤᠭᠰᠠᠨ ᠠᠵᠤ ᠠᠬᠤᠶᠢᠯᠠᠯ ᠤᠳ ᠤᠨ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠤᠨ ᠪᠠᠶᠢᠴᠠᠭᠠᠯᠲᠠ ᠶᠢ ᠴᠠᠭ ᠲᠤᠬᠠᠶ ᠳᠤᠨᠢ ᠭᠦᠢᠴᠡᠳᠬᠡᠵᠦ᠂ ᠲᠤᠰ ᠲᠤᠰ ᠤᠨ ᠢᠶᠠᠨ ᠵᠢᠭᠡᠯᠡᠯᠭᠡ ᠤᠯᠭᠤᠬᠤ ᠳᠡᠰ ᠳᠠᠷᠠᠭᠠᠯᠠᠯ ᠤᠨ ᠶᠣᠰᠣᠭᠠᠷ ᠬᠢᠨᠠᠨ ᠵᠥᠪᠰᠢᠶᠡᠷᠡᠬᠦ ᠪᠤᠯᠤᠨ᠎ᠠ᠃ ᠵᠢᠭᠡᠯᠡᠯᠭᠡ ᠶᠢ ᠬᠢᠨᠠᠨ ᠵᠥᠪᠰᠢᠶᠡᠷᠡᠵᠦ ᠪᠠᠲᠤᠯᠠᠭᠰᠠᠨ ᠤ ᠳᠠᠷᠠᠭ᠎ᠠ᠂ ᠠᠵᠤ ᠠᠬᠤᠶᠢᠯᠠᠯ ᠯᠤᠭ᠎ᠠ ᠵᠢᠭᠡᠯᠡᠯᠭᠡ ᠶᠢᠨ ᠬᠠᠮᠢᠶ᠎ᠠ ᠪᠦᠬᠦᠢ ᠭᠡᠷ᠎ᠡ ᠬᠡᠯᠡᠯᠴᠡᠭᠡᠷ ᠲᠣᠭᠲᠠᠨ᠎ᠠ᠃      4. ᠵᠢᠭᠡᠯᠡᠯᠭᠡ ᠤᠯᠭᠤᠬᠤ᠃ ᠬᠤᠷᠰᠢᠭᠰᠠᠨ ᠳᠠᠭᠠᠭᠠᠯᠲᠠ ᠬᠢᠬᠦ ᠪᠠᠶᠢᠭᠤᠯᠤᠮᠵᠢ᠂ ᠪᠠᠩᠬᠢ ᠬᠢᠭᠡᠳ ᠵᠢᠭᠡᠯᠡᠯᠭᠡ ᠶᠢᠨ ᠠᠵᠤ ᠠᠬᠤᠶᠢᠯᠠᠯ ᠬᠠᠮᠢᠶ᠎ᠠ ᠪᠦᠬᠦᠢ ᠭᠡᠷ᠎ᠡ ᠶᠢᠨ ᠭᠠᠷᠳᠠᠮ ᠢ ᠭᠦᠢᠴᠡᠳᠬᠡᠭᠰᠡᠨ ᠤ ᠳᠠᠷᠠᠭ᠎ᠠ᠂ ᠬᠤᠷᠰᠢᠭᠰᠠᠨ ᠪᠠᠩᠬᠢ ᠨᠢ ᠵᠢᠭᠡᠯᠡᠯᠭᠡ ᠤᠯᠭᠤᠬᠤ ᠪᠤᠯᠤᠨ᠎ᠠ᠃
 
ᠢᠷᠡᠯᠲᠡ᠄ ᠪᠤᠭᠤᠲᠤ ᠬᠤᠲᠠ ᠶᠢᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号