︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠬᠠᠮᠢᠶᠠᠷᠣᠯᠲᠠ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/11/20
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠡᠯᠧᠺᠳ᠋ᠷᠣᠨ ᠬᠤᠳᠠᠯᠳᠤᠭᠠᠨ ᠤ ᠲᠠᠯᠠᠪᠤᠷ ︵ᠳᠣᠷᠣᠭᠰᠢ ︽ᠡᠯᠧᠺᠳ᠋ᠷᠣᠨ ᠬᠤᠳᠠᠯᠳᠤᠭᠠᠨ ᠤ ᠲᠠᠯᠠᠪᠤᠷ︾ ᠭᠡᠵᠦ ᠲᠣᠪᠴᠢᠯᠠᠨ᠎ᠠ︶ ᠠᠴᠠ ᠬᠤᠳᠠᠯᠳᠤᠨ ᠠᠪᠠᠨ᠋ᠥ ᠠᠵᠢᠯᠯᠠᠭ᠎ᠠ ᠶᠢ ᠵᠢᠷᠤᠮᠵᠢᠭᠤᠯᠤᠨ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠᠯᠳᠤᠨ ᠠᠪᠠᠨ᠋ᠥ ᠥᠪᠡᠷ ᠤᠨ ᠥᠷᠲᠡᠭ ᠢ ᠪᠠᠭᠤᠷᠠᠭᠤᠯᠤᠨ᠂ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠠ ᠡᠯ᠎ᠡ ᠲᠠᠯ᠎ᠠ ᠶᠢᠨ ᠬᠤᠯᠪᠤᠭᠳᠠᠬᠤ ᠬᠦᠮᠦᠰ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠢ ᠡᠷᠡᠭᠦᠯ ᠂ ᠲᠥᠪ ᠭᠤᠤᠯᠴᠢ᠂ ᠡᠮᠬᠢ ᠵᠢᠷᠤᠮ ᠲᠠᠢ ᠡᠵᠡᠩᠨᠡᠬᠦ ᠶᠢ ᠨᠠᠩ ᠰᠠᠶᠢᠲᠤᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ᠄     ᠨᠢᠭᠡ᠂ ︽ᠠᠷᠭ᠎ᠠ︾ ᠶᠢ ᠶᠠᠮᠠᠷ ᠠᠬᠤᠶ ᠪᠠᠶᠢᠳᠠᠯ ᠳᠤ ᠨᠡᠶᠢᠲᠡᠯᠡᠭᠰᠡᠨ ᠪᠣᠶ︖     ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠢᠴᠢ ᠲᠤᠰ ᠬᠠᠤᠯᠢ ᠶᠢ ᠬᠡᠷᠡᠭᠵᠢᠭᠦᠯᠬᠦ ᠳᠦᠷᠢᠮ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠪᠠᠲᠤᠯᠠᠭᠰᠠᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾᠂ ᠡᠳ᠋ ᠤᠨ ᠵᠠᠰᠠᠭ ᠤᠨ ᠶᠠᠮᠤᠨ ᠤ ᠬᠡᠷᠡᠭᠵᠢᠭᠦᠯᠬᠦ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ ᠪᠦᠬᠦ ᠣᠷᠣᠨ ᠢ ᠬᠠᠮᠤᠷᠤᠭᠰᠠᠨ ᠡᠯᠧᠺᠳ᠋ᠷᠣᠨ ᠬᠤᠳᠠᠯᠳᠤᠭᠠᠨ ᠤ ᠲᠠᠯᠠᠪᠤᠷ ᠶᠢ ᠪᠠᠶᠢᠭᠤᠯᠤᠭᠠᠳ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠬᠢᠯᠪᠡᠷᠴᠢᠯᠠᠬᠤ᠂ ᠳᠥᠭᠦᠮᠴᠢᠯᠡᠬᠦ  ᠶᠢ ᠶᠡᠬᠡᠪᠡᠷ ᠠᠭᠢᠭᠤᠯᠤᠭᠰᠠᠨ ᠪᠠᠶᠢᠨ᠎ᠠ᠂ ᠭᠡᠬᠦ ᠳᠡᠭᠡᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠤᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠬᠤᠯᠪᠣᠭᠳᠠᠯ ᠪᠥᠬᠦᠶ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠬᠦ ᠠᠵᠢᠯ ᠲᠤᠯᠭᠠᠮ ᠱᠠᠭᠠᠷᠳᠠᠭᠳᠠᠵᠤ ᠪᠠᠶᠢᠨ᠎ᠠ᠂ ᠡᠶᠢᠨ ᠬᠦ ᠭᠦᠢᠴᠡᠳ ᠪᠠᠶᠢᠴᠠᠭᠠᠨ ᠰᠣᠳᠤᠯᠤᠯᠲᠠ ᠬᠢᠭᠰᠡᠨ ᠰᠠᠭᠤᠷᠢᠨ ᠳᠡᠭᠡᠷ᠎ᠡ ᠮᠠᠨ ᠤ ᠣᠷᠣᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠠᠵᠢᠯᠯᠠᠭᠠᠨ ᠤ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠠᠷᠭ᠎ᠠ ᠶᠢ ᠲᠣᠭᠲᠠᠭᠠᠨ ᠨᠡᠶᠢᠲᠡᠯᠡᠪᠡ᠃      ᠬᠤᠶᠠᠷ᠂ ᠲᠤᠰ ︽ᠠᠷᠭ᠎ᠠ︾ ᠶᠢ ᠲᠣᠭᠲᠠᠭᠠᠭᠰᠠᠨ ᠭᠤᠤᠯ ᠦᠨᠳᠦᠰᠦᠯᠡᠯ ᠨᠢ ᠶᠠᠭᠤ ᠪᠣᠶ︖     ᠲᠤᠰ ︽ᠠᠷᠭ᠎ᠠ︾ ᠨᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠢᠴᠢ ᠲᠤᠰ ᠬᠠᠤᠯᠢ ᠶᠢ ᠬᠡᠷᠡᠭᠵᠢᠭᠦᠯᠬᠦ ᠳᠦᠷᠢᠮ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷᠠᠭ᠎ᠠ ᠪᠠ ᠦᠶ᠋ᠯᠡᠴᠢᠯᠡᠭᠡᠨ ᠤ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ 87 ᠳ᠋ᠤᠭᠠᠷ ᠲᠣᠭᠠᠲᠤ ᠵᠠᠷᠯᠢᠭ︶᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠪᠤᠰᠤ ᠠᠷᠭ᠎ᠠ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ 74 ᠳ᠋ᠦ᠋ᠭᠡᠷ ᠲᠣᠭᠠᠲᠤ ᠵᠠᠷᠯᠢᠭ︶᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠬᠦ ᠳᠦᠷᠢᠮ︾᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠰᠡᠵᠢᠭᠯᠡᠬᠦ ᠪᠠ ᠵᠠᠭᠠᠯᠳᠤᠬᠤ ᠠᠷᠭ᠎ᠠ︾ ︵ᠡᠳ᠋ ᠤᠨ ᠵᠠᠰᠠᠭ ᠤᠨ ᠶᠠᠮᠤᠨ 94 ᠳ᠋ᠦ᠋ᠭᠡᠷ ᠲᠣᠭᠠᠲᠤ ᠵᠠᠷᠯᠢᠭ︶ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠠᠢ᠃      ᠭᠤᠷᠪᠠ᠂ ︽ᠠᠷᠭ᠎ᠠ︾ ᠳᠤ ᠲᠣᠭᠲᠠᠭᠠᠭᠰᠠᠨ ᠭᠤᠤᠯ ᠵᠠᠷᠴᠢᠮ ᠶᠠᠭᠤ ᠪᠣᠶ︖     ᠨᠢᠭᠡ ᠳᠤ᠂ ᠬᠠᠤᠯᠢ ᠲᠣᠭᠲᠠᠭᠠᠯ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠦᠨᠳᠦᠰᠦᠯᠡᠨ ᠲᠦᠷᠢᠮ ᠤᠨ ᠵᠢᠷᠤᠭ ᠲᠥᠯᠥᠪᠯᠡᠭᠡ ᠬᠢᠪᠡ᠃ ᠬᠤᠶᠠᠷ  ᠲᠤ ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠳᠣᠷᠣᠭᠰᠢᠯᠠᠭᠤᠯᠤᠨ᠂ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠵᠤ᠂ ᠳᠥᠭᠦᠮ ᠳᠥᠲᠡ ᠣᠷᠴᠢᠨ ᠨᠥᠬᠦᠴᠡᠯ ᠢ ᠪᠣᠶ ᠪᠣᠯᠭᠠᠵᠠᠢ᠃ ᠭᠤᠷᠪᠠ ᠳᠤ ︽ᠬᠡᠨ ᠡᠯᠰᠡᠨ ᠴᠤᠭᠯᠠᠭᠤᠯᠤᠭᠰᠠᠨ ᠪᠣᠯ ᠲᠡᠷᠡ ᠬᠢᠨᠠᠨ ᠬᠠᠷᠭᠤᠭᠤᠯᠵᠤ᠂ ᠬᠠᠷᠢᠭᠤᠴᠠᠵᠤ᠂ ᠬᠢᠨᠠᠨ ᠬᠠᠮᠢᠶᠠᠷᠬᠤ︾ ᠵᠠᠷᠴᠢᠮ ᠢ ᠵᠢᠷᠤᠮᠯᠠᠨ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠡᠵᠡᠩᠨᠡᠯᠲᠡ ᠪᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠪᠠ᠃  ᠲᠦᠷᠪᠡ ᠳᠤ ᠡᠯᠧᠺᠳ᠋ᠷᠣᠨ ᠬᠤᠳᠠᠯᠳᠤᠭᠠᠨ ᠤ ᠲᠠᠯᠠᠪᠤᠷ  ᠤᠨ ᠬᠤᠯᠪᠤᠭᠳᠠᠬᠤ ᠬᠥᠮᠦᠨ ᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠬᠤᠶᠠᠷ ᠲᠠᠯ᠎ᠠ ᠶᠢᠨ ᠬᠤᠯᠪᠤᠭᠳᠠᠬᠤ ᠬᠥᠮᠦᠨ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠠᠷᠠᠯᠵᠢᠶ᠎ᠠ ᠬᠢᠬᠦ ᠦᠶᠡᠰ ᠲᠤ ᠭᠦᠢᠴᠡᠳᠬᠡᠬᠦ ᠶᠣᠰᠣᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠪᠠ᠃ ᠲᠠᠪᠤ ᠳᠤ᠂ ᠱᠠᠲᠤ ᠬᠤᠪᠢᠶᠠᠨ ᠬᠠᠮᠢᠶᠠᠷᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠦᠶ᠋ᠯᠡ ᠠᠵᠢᠯᠯᠠᠭ᠎ᠠ ᠶᠢᠨ ᠰᠢᠨᠵᠢ ᠴᠢᠨᠠᠷ᠂ ᠦᠶ᠋ᠯᠡ ᠪᠠᠶᠢᠳᠠᠯ ᠪᠠ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠵᠡᠷᠭᠡ ᠶᠢ ᠶᠡᠷᠦᠩᠬᠡᠶᠢᠯᠡᠨ ᠪᠣᠳᠣᠯᠬᠢᠯᠠᠵᠤ᠂ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠬᠡᠮᠵᠢᠶ᠎ᠡ ᠯᠦᠭᠡ ᠵᠣᠬᠢᠴᠠᠯᠳᠤᠭᠰᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠬᠢᠷᠠᠭᠤᠯᠵᠠᠢ᠃       ᠳᠥᠷᠪᠡ᠂ ︽ᠠᠷᠭ᠎ᠠ︾ ᠶᠢ ᠶᠠᠮᠠᠷ ᠬᠡᠪᠴᠢᠶᠡᠨ ᠳᠤ ᠬᠡᠷᠡᠭᠯᠡᠬᠦ ᠪᠣᠶ︖       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠠ ᠪᠦᠯᠬᠦᠮ ᠨᠡᠶᠢᠲᠡ  ᠶᠢᠨ ᠵᠣᠬᠢᠶᠠᠨ ᠪᠠᠶᠢᠭᠤᠯᠤᠯᠲᠠ ᠨᠤᠭᠤᠳ ︵ᠳᠣᠷᠣᠭᠰᠢ ︽ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠢᠶᠠᠷ ᠡᠯᠧᠺᠳ᠋ᠷᠣᠨ ᠬᠤᠳᠠᠯᠳᠤᠭᠠᠨ ᠤ ᠲᠠᠯᠠᠪᠤᠷ ᠢᠶᠠᠷ ᠳᠠᠮᠵᠢᠭᠤᠯᠤᠨ ᠲᠠᠸᠠᠷ ᠬᠠᠩᠭᠠᠬᠤ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ ᠪᠤᠶᠤ ᠪᠠᠶᠢᠭᠠᠯᠢ ᠬᠥᠮᠦᠨ ︵ᠳᠣᠷᠣᠭᠰᠢ ︽ᠬᠠᠩᠭᠠᠭᠴᠢ ᠬᠤᠳᠠᠯᠳᠤᠭᠠᠴᠢᠨ︾ ᠭᠡᠵᠦ ᠲᠣᠪᠴᠢᠯᠠᠨ᠎ᠠ︶ ᠠᠴᠠ ᠬᠠᠤᠯᠢ ᠶᠣᠰᠣᠭᠠᠷ ᠲᠣᠭᠲᠠᠭᠠᠭᠰᠠᠨ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠪᠤᠶᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ᠂ ᠲᠠᠷᠠᠬᠠᠶ ᠪᠤᠲᠠᠷᠬᠠᠶ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠪᠠᠷᠠᠭ᠎ᠠ ᠪᠠ ᠦᠶ᠋ᠯᠡᠴᠢᠯᠡᠭᠡᠨ ᠢ ᠬᠤᠳᠠᠯᠳᠤᠨ ᠠᠪᠬᠤ ᠳᠤ ᠲᠤᠰ ᠠᠷᠭ᠎ᠠ ᠶᠢ ᠬᠡᠷᠡᠭᠯᠡᠨ᠎ᠡ᠃        ᠲᠠᠪᠤ᠂ ︽ᠠᠷᠭ᠎ᠠ︾ ᠶᠢᠨ ᠳᠣᠲᠣᠷᠠᠬᠢ ᠪᠠᠷᠠᠭᠠᠨ ᠤ ᠨᠡᠷᠡᠰ ᠤᠨ ᠭᠠᠷᠴᠠᠭ ᠲᠤ ᠶᠠᠭᠤ ᠶᠠᠭᠤ ᠪᠠᠶᠢᠬᠤ ᠪᠣᠶ︖ ᠬᠤᠳᠠᠯᠳᠤᠨ ᠠᠪᠬᠤ ᠦᠶᠡᠰ ᠲᠤ ᠬᠡᠷᠬᠢᠨ ᠠᠰᠢᠭᠯᠠᠬᠤ ᠪᠣᠢ︖      ᠣᠳᠣᠬᠠᠨ ᠳᠤ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠪᠠᠷᠠᠭᠠᠨ ᠤ ᠨᠡᠷᠡᠰ ᠤᠨ ᠭᠠᠷᠴᠠᠭ ᠲᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷᠠᠬᠢ ᠬᠤᠳᠠᠯᠳᠤᠨ ᠠᠪᠬᠤ ᠪᠠᠷᠠᠭᠠᠨ ᠤ ᠨᠡᠷᠡᠰ ᠪᠠ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠭᠠᠳᠠᠨᠠᠬᠢ ᠬᠤᠳᠠᠯᠳᠤᠨ ᠠᠪᠬᠤ ᠪᠠᠷᠠᠭᠠᠨ ᠤ ᠨᠡᠷᠡᠰ ᠢ ᠪᠠᠭᠲᠠᠭᠠᠵᠤ ᠪᠤᠢ᠃      ︽ᠪᠥᠬᠦ ᠣᠷᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ︵2020 ᠣᠨ ᠤ ᠬᠡᠪᠯᠡᠯ︶︾  ᠶᠢᠨ ᠲᠣᠭᠲᠠᠭᠠᠯ ᠢ ᠦᠨᠳᠦᠰᠦᠯᠡᠪᠡᠯ᠂ ᠬᠤᠳᠠᠯᠳᠤᠨ ᠠᠪᠤᠭᠴᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠲᠣᠳᠤᠷᠠᠬᠢ ᠵᠢᠴᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠥᠯᠥ ᠬᠦᠷᠬᠦ᠂ ᠬᠤᠳᠠᠯᠳᠤᠨ ᠠᠪᠬᠤ ᠲᠦᠷᠢᠮ ᠳᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠪᠠᠷᠠᠭ᠎ᠠ ᠪᠤᠶᠤ ᠦᠶ᠋ᠯᠡᠴᠢᠯᠡᠭᠡᠨ ᠤ ᠲᠥᠷᠥᠯ ᠵᠦᠢᠯᠡᠰ ᠢ ᠨᠢᠭᠡᠨᠲᠡ ᠲᠣᠳᠣᠷᠬᠠᠶᠢᠯᠠᠭᠰᠠᠨ ᠪᠠᠶᠢᠪᠠᠯ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠬᠡᠷᠡᠭᠲᠡᠢ︔ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ ᠵᠢᠴᠢ᠂ ᠬᠡᠰᠡᠭᠯᠡᠨ ᠬᠤᠳᠠᠯᠳᠤᠨ ᠠᠪᠬᠤ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠳᠤ ᠥᠯᠥ ᠬᠦᠷᠦᠭᠰᠡᠨ ᠪᠠᠷᠠᠭ᠎ᠠ ᠪᠤᠶᠤ ᠦᠶ᠋ᠯᠡᠴᠢᠯᠡᠭᠡᠨ ᠤ ᠲᠥᠷᠥᠯ ᠵᠦᠢᠯᠡᠰ ᠢ ᠬᠤᠳᠠᠯᠳᠤᠨ ᠠᠪᠬᠤ ᠦᠶᠡᠰ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠪᠤᠶᠤ ᠨᠢᠭᠡᠴᠢ ᠶᠢᠨ ᠳᠣᠲᠣᠭᠠᠳᠤ ᠶᠢᠨ ᠡᠵᠡᠮᠳᠡᠬᠦ ᠳᠦᠷᠢᠮ ᠶᠣᠰᠣᠭᠠᠷ ᠬᠤᠳᠠᠯᠳᠤᠨ ᠠᠪᠴᠤ ᠪᠣᠯᠤᠨ᠎ᠠ᠃       ᠵᠢᠷᠭᠤᠭ᠎ᠠ᠂ ︽ᠠᠷᠭ᠎ᠠ︾ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠵᠤ ᠪᠠᠶᠢᠬᠤ ᠪᠣᠶ︖      ︽ᠠᠷᠭ᠎ᠠ︾ ᠨᠢ ᠶᠢᠰᠦᠳᠦᠭᠡᠷ ᠶᠡᠭᠡ ᠬᠡᠰᠡᠭ ᠢᠶᠠᠷ ᠪᠦᠷᠢᠯᠳᠦᠵᠦ ᠪᠤᠢ᠃ ᠨᠢᠭᠡᠳᠦᠭᠡᠷ ᠬᠡᠰᠡᠭ ᠶᠡᠷᠦᠩᠬᠡᠢ ᠳᠦᠷᠢᠮ ᠳᠤ ᠭᠤᠣᠯᠳᠠᠭᠤ ᠡᠯᠧᠺᠳ᠋ᠷᠣᠨ ᠬᠤᠳᠠᠯᠳᠤᠭᠠᠨ  ᠤ ᠲᠠᠯᠠᠪᠤᠷ ᠢ ᠪᠦᠲᠦᠭᠡᠨ ᠪᠠᠶᠢᠭᠤᠯᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯᠯᠠᠭᠠᠨ ᠤ ᠦᠨᠳᠦᠰᠦᠨ ᠵᠠᠷᠴᠢᠮ ᠵᠡᠷᠭᠡ ᠠᠭᠤᠯᠭ᠎ᠠ ᠶᠢ ᠪᠠᠭᠲᠠᠭᠠᠨ᠎ᠠ︔ ᠬᠤᠶᠠᠳᠤᠭᠠᠷ ᠬᠡᠰᠡᠭ ᠬᠤᠳᠠᠯᠳᠤᠨ ᠠᠪᠤᠭᠴᠢ ᠶᠢᠨ ᠬᠠᠮᠢᠶᠠᠷᠤᠯᠲᠠ ᠳᠤ ᠭᠤᠣᠯᠳᠠᠭᠤ ᠬᠤᠳᠠᠯᠳᠤᠨ ᠠᠪᠤᠭᠴᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠭᠦᠢᠴᠡᠳᠬᠡᠬᠦ ᠶᠣᠰᠣᠲᠠᠢ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠪᠠ︔ ᠭᠤᠷᠪᠠᠳᠤᠭᠠᠷ ᠬᠡᠰᠡᠭ ᠬᠤᠳᠠᠯᠳᠤᠭ᠎ᠠ ᠬᠠᠩᠭᠠᠭᠴᠢ ᠶᠢᠨ ᠬᠠᠮᠢᠶᠠᠷᠤᠯᠲᠠ ᠳᠤ ᠭᠤᠣᠯᠴᠠᠭᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠭ᠎ᠠ ᠬᠠᠩᠭᠠᠭᠴᠢᠳ ᠤᠨ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠣᠷᠤᠬᠤ ᠨᠥᠬᠦᠴᠡᠯ ᠪᠠ ᠠᠷᠭ᠎ᠠ ᠮᠠᠶ᠋ᠢᠭ ᠢ ᠪᠠᠭᠲᠠᠭᠠᠨ᠎ᠠ︔ ᠳᠥᠷᠪᠡᠳᠦᠭᠡᠷ ᠬᠡᠰᠡᠭ ᠲᠠᠸᠠᠷ ᠤᠨ ᠬᠠᠮᠢᠶᠠᠷᠤᠯᠲᠠ ᠳᠤ ᠭᠤᠣᠯᠳᠠᠭᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠲᠠᠸᠠᠷ ᠭᠠᠷᠭᠠᠬᠤ ᠳᠤ ᠡᠷᠬᠡᠪᠰᠢ ᠪᠦᠷᠢᠳᠦᠭᠦᠯᠬᠦ ᠨᠥᠬᠦᠴᠡᠯ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠲᠠᠪᠤᠳᠤᠭᠠᠷ ᠬᠡᠰᠡᠭ ᠠᠷᠠᠯᠵᠢᠶᠠᠨ ᠤ ᠬᠠᠮᠢᠶᠠᠷᠤᠯᠲᠠ ᠳᠤ ᠭᠤᠤᠯᠳᠠᠭᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠠᠷᠠᠯᠵᠢᠶᠠᠨ ᠤ ᠠᠷᠭ᠎ᠠ ᠮᠠᠶ᠋ᠢᠭ᠂ ᠬᠡᠷᠡᠭᠯᠡᠬᠦ ᠠᠶ᠂ ᠠᠷᠠᠯᠵᠢᠶᠠᠯᠠᠬᠤ ᠪᠠ ᠠᠷᠠᠯᠵᠢᠶ᠎ᠠ ᠪᠦᠲᠦᠬᠦ ᠵᠠᠷᠴᠢᠮ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠵᠢᠷᠭᠤᠳᠤᠭᠠᠷ ᠬᠡᠰᠡᠭ ᠭᠡᠷ᠎ᠡ ᠪᠠ ᠭᠡᠷ᠎ᠡ ᠶᠢ ᠭᠦᠶ᠋ᠴᠡᠳᠬᠡᠬᠦ ᠬᠠᠮᠢᠶᠠᠷᠤᠯᠲᠠ᠂ ᠭᠤᠤᠯᠳᠠᠭᠤ ᠡᠯᠧᠺᠳ᠋ᠷᠣᠨ ᠬᠤᠳᠠᠯᠳᠤᠭᠠᠨ ᠤ ᠭᠡᠷ᠎ᠡ ᠲᠣᠭᠲᠠᠬᠤ᠂ ᠵᠠᠷᠯᠠᠨ ᠨᠡᠶᠢᠲᠡᠯᠡᠬᠦ᠂ ᠳᠥᠯᠥᠬᠦ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠳᠣᠯᠣᠳᠤᠭᠠᠷ ᠬᠡᠰᠡᠭ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠳᠤ ᠭᠤᠣᠯᠳᠠᠭᠤ ᠬᠤᠳᠠᠯᠳᠤᠨ ᠠᠪᠤᠭᠴᠢ ᠪᠠ ᠬᠤᠳᠠᠯᠳᠤᠭ᠎ᠠ ᠬᠠᠩᠭᠠᠭᠴᠢ ᠠᠴᠠ ᠢᠲᠡᠭᠡᠮᠵᠢ ᠠᠯᠳᠠᠭᠰᠠᠨ ᠢ ᠨᠢ ᠵᠠᠯᠬᠠᠭᠠᠨ ᠴᠡᠭᠡᠷᠯᠡᠭᠦᠯᠬᠦ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠨᠠᠢᠮᠠᠳᠤᠭᠠᠷ ᠬᠡᠰᠡᠭ ᠬᠢᠨᠠᠯᠲᠠ ᠬᠠᠮᠢᠶᠠᠷᠤᠯᠲᠠ ᠳᠤ ᠭᠤᠣᠯᠳᠠᠭᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠡᠯ᠎ᠡ ᠲᠠᠯ᠎ᠠ ᠶᠢᠨ ᠬᠤᠯᠪᠤᠭᠳᠠᠬᠤ ᠬᠦᠮᠦᠰ ᠤᠨ ᠡᠷᠬᠡ ᠠᠰᠢᠭ ᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠶᠢᠰᠦᠳᠦᠭᠡᠷ ᠬᠡᠰᠡᠭ ᠳᠠᠭᠠᠯᠳᠤᠭᠤᠯᠤᠯ ᠲᠦᠷᠢᠮ ᠳᠤ ᠭᠤᠣᠯᠴᠠᠭᠤ ᠲᠤᠰ ᠠᠷᠭ᠎ᠠ ᠶᠢ ᠲᠠᠶᠢᠯᠪᠤᠷᠢᠯᠠᠬᠤ ᠡᠷᠬᠡ᠂ ᠭᠡᠯᠳᠦᠷᠢᠬᠦᠯᠬᠦ ᠵᠦᠢᠯ ᠵᠣᠷᠪᠤᠰ ᠪᠠ ᠬᠡᠷᠡᠭᠵᠢᠭᠦᠯᠬᠦ ᠡᠳᠦᠷ ᠬᠤᠭᠤᠴᠠᠭ᠎ᠠ ᠵᠡᠷᠭᠡ ᠠᠭᠤᠯᠭ᠎ᠠ ᠨᠤᠭᠤᠳ ᠢ ᠪᠠᠭᠲᠠᠭᠠᠵᠠᠢ᠃       ᠳᠣᠯᠤᠭ᠎ᠠ᠂ ︽ᠠᠷᠭ᠎ᠠ︾ ᠳᠤ ᠬᠤᠳᠠᠯᠳᠤᠨ ᠠᠪᠤᠭᠴᠢ ᠬᠤᠳᠠᠯᠳᠤᠨ ᠠᠪᠬᠤ ᠬᠠᠮᠢᠶᠠᠷᠤᠯᠲᠠ ᠪᠠᠨ ᠬᠡᠷᠬᠢᠨ ᠰᠠᠶᠢᠲᠤᠷ ᠬᠢᠬᠦ ᠪᠣᠶ︖        ᠬᠤᠳᠠᠯᠳᠤᠨ ᠠᠪᠤᠭᠴᠢ ᠪᠣᠯ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠭᠤᠤᠯ ᠴᠣᠭᠴᠠ ᠮᠥᠨ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠪᠠᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠶ᠋ᠴᠡᠳᠬᠡᠵᠦ᠂ ︽ᠬᠡᠨ ᠬᠤᠳᠠᠯᠳᠤᠨ ᠠᠪᠤᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠪᠠ ᠬᠤᠳᠠᠯᠳᠤᠨ ᠠᠪᠤᠭᠰᠠᠨ ᠦᠷ᠎ᠡ ᠳ᠋ᠦᠩ ᠳᠤ ᠬᠠᠷᠢᠭᠤᠴᠠᠬᠤ ᠬᠠᠮᠢᠶᠠᠷᠤᠯᠲᠠ  ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠪᠦᠬᠦᠯᠢ ᠶᠢ ᠬᠡᠰᠡᠭᠯᠡᠨ ᠰᠠᠯᠭᠠᠬᠤ ᠢᠯᠡ ᠪᠠᠷ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠬᠤ ᠦᠶ᠋ᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠢᠵᠠᠭᠠᠷᠯᠠᠬᠤ ᠴᠢᠨᠠᠷᠲᠠᠶ ᠨᠥᠬᠦᠴᠡᠯ ᠲᠣᠬᠢᠷᠠᠭᠤᠯᠬᠤ ᠪᠤᠶᠤ ᠵᠦᠶ ᠵᠣᠬᠢᠰ ᠥᠬᠡᠶ ᠨᠥᠬᠦᠴᠡᠯ ᠳᠤᠷᠠᠳᠬᠤ ᠡᠰᠡᠭᠦᠯ᠎ᠡ ᠬᠤᠳᠠᠯᠳᠤᠭ᠎ᠠ ᠬᠠᠩᠭᠠᠬᠤ ᠪᠤᠯᠤᠮᠵᠢ ᠪᠦᠬᠦᠢ ᠬᠤᠳᠠᠯᠳᠤᠭᠠᠴᠢᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠠᠷᠠᠯᠵᠢᠶ᠎ᠠ ᠳᠤ ᠣᠷᠣᠯᠴᠠᠬᠤ ᠶᠢ ᠭᠠᠳᠠᠭᠤᠷᠴᠢᠯᠠᠬᠤ ᠵᠡᠷᠭᠡ ᠶᠢ ᠴᠠᠭᠠᠵᠠᠯᠠᠨ᠎ᠠ᠂ ᠡᠰᠡ ᠲᠡᠶᠢᠮᠦ ᠪᠣᠯ ︽ᠠᠷᠭ᠎ᠠ︾ ᠳᠠᠬᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠢᠶ᠋ᠳᠪᠦᠷᠢᠯᠡᠨ᠎ᠡ᠃      ᠨᠠᠶ᠋ᠮᠠ᠂ ︽ᠠᠷᠭ᠎ᠠ︾ ᠳᠤ ᠬᠤᠳᠠᠯᠳᠤᠭ᠎ᠠ ᠬᠠᠩᠭᠠᠭᠴᠢ ᠶᠢᠨ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠣᠷᠤᠵᠤ ᠬᠤᠳᠠᠯᠳᠤᠭ᠎ᠠ ᠡᠷᠬᠢᠯᠡᠬᠦ ᠶᠢ ᠬᠡᠷᠬᠢᠨ ᠬᠠᠮᠢᠶᠠᠷᠬᠤ ᠪᠣᠶ︖       ᠬᠤᠳᠠᠯᠳᠤᠭ᠎ᠠ ᠬᠠᠩᠭᠠᠭᠴᠢ ᠶᠢᠨ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠣᠷᠤᠵᠤ ᠬᠤᠳᠠᠯᠳᠤᠭ᠎ᠠ ᠡᠷᠬᠢᠯᠡᠬᠦ ᠳᠤ ᠨᠢ ᠠᠮᠠᠯᠠᠯᠲᠠ ᠶᠢᠨ ᠲᠦᠷᠢᠮ ᠪᠠ ︽ᠨᠢᠭᠡ ᠭᠠᠵᠠᠷ ᠠᠴᠠ ᠡᠯᠰᠡᠵᠦ᠂ ᠪᠦᠬᠦ ᠣᠷᠤᠨ ᠳᠤ ᠬᠦᠷᠲᠡᠭᠡᠬᠦ︾ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠨ᠎ᠡ᠃ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠡᠵᠡᠩᠨᠡᠯᠲᠡ ᠬᠢᠬᠦ ᠬᠤᠳᠠᠯᠳᠤᠭ᠎ᠠ ᠬᠠᠩᠭᠠᠭᠴᠢ ᠥᠪᠡᠷ ᠤᠨ ᠦᠶ᠋ᠯᠡᠴᠢᠯᠡᠭᠡᠨ ᠤ ᠴᠢᠳᠠᠪᠤᠷᠢ ᠪᠠᠨ ᠦᠨᠳᠦᠰᠦᠯᠡᠨ᠂ ᠲᠣᠭᠲᠠᠭᠠᠯ ᠶᠣᠰᠣᠭᠠᠷ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠭᠠᠷᠴᠤ᠂ ᠦᠨᠡᠨ ᠪᠣᠳᠠᠲᠠᠶ ᠬᠠᠤᠯᠢ ᠶᠢᠨ ᠬᠦᠴᠦᠨ ᠲᠠᠢ ᠬᠠᠮᠢᠶ᠎ᠠ ᠪᠥᠬᠦᠶ ᠮᠠᠲ᠋ᠧᠷᠢᠶᠠᠯ ᠢᠶᠠᠨ ᠬᠠᠩᠭᠠᠨ᠎ᠠ᠂ ᠢᠲᠡᠭᠡᠮᠵᠢ ᠰᠠᠶᠢᠲᠠᠢ ᠠᠵᠤ ᠠᠬᠤᠶᠢᠯᠠᠯ ᠨᠢ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠡᠵᠡᠩᠨᠡᠯᠲᠡ ᠬᠢᠵᠦ ᠪᠣᠯᠤᠨ᠎ᠠ᠃ ᠨᠢᠭᠡᠨᠲᠡ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠠᠷᠠᠯᠵᠢᠶ᠎ᠠ ᠡᠷᠬᠢᠯᠡᠭᠰᠡᠨ ᠬᠤᠳᠠᠯᠳᠤᠭ᠎ᠠ ᠬᠠᠩᠭᠠᠭᠴᠢ ᠦᠨᠡᠨᠴᠢ ᠢᠲᠡᠭᠡᠮᠵᠢᠲᠡᠶ ᠪᠠᠷ ᠠᠷᠠᠯᠵᠢᠶᠠᠯᠠᠬᠤ ᠪᠠ ᠬᠢᠨᠠᠯᠲᠠ ᠬᠠᠮᠢᠶᠠᠷᠤᠯᠲᠠ ᠶᠢ ᠳᠠᠭᠠᠬᠤ ᠪᠠᠨ ᠠᠮᠠᠯᠠᠬᠤ ᠶᠢᠨ ᠬᠠᠮᠲᠤ᠂ ᠬᠤᠳᠠᠯᠳᠤᠭ᠎ᠠ ᠬᠠᠩᠭᠠᠭᠴᠢ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠶ᠋ᠴᠡᠳᠬᠡᠬᠦ ᠬᠡᠷᠡᠭᠲᠡᠶ᠃ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠳᠤ ︽ᠨᠢᠭᠡ ᠭᠠᠵᠠᠷ ᠲᠤ ᠬᠦᠴᠦᠨ ᠦᠭᠡᠶ ᠪᠣᠯᠭᠠᠵᠤ᠂ ᠪᠦᠬᠦ ᠣᠷᠣᠨ ᠠᠴᠠ ᠪᠤᠴᠠᠭᠠᠨ ᠭᠠᠷᠭᠠᠯᠭᠠᠬᠤ︾ ᠲᠣᠭᠲᠠᠴᠠ  ᠶᠢ ᠬᠡᠷᠡᠭᠵᠢᠭᠦᠯᠵᠦ᠂ ᠢᠲᠡᠭᠡᠯ ᠠᠯᠳᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠣᠯᠠᠨ᠎ᠠ ᠨᠡᠪᠲᠡᠷᠡᠭᠦᠯᠵᠦ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠠᠷᠠᠯᠵᠢᠶ᠎ᠠ ᠡᠷᠬᠢᠯᠡᠬᠦ ᠬᠢᠷᠢ ᠬᠡᠮ ᠢ ᠨᠢ ᠬᠠᠰᠤᠨ᠎ᠠ᠃     ᠶᠢᠰᠦ᠂ ︽ᠠᠷᠭ᠎ᠠ︾ ᠳᠤ ᠲᠠᠸᠠᠷ ᠤᠳ ᠢ ᠬᠡᠷᠬᠢᠨ ᠬᠠᠮᠢᠶᠠᠷᠬᠤ ᠪᠣᠶ︖    ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠠᠷᠠᠯᠵᠢᠶ᠎ᠠ ᠡᠷᠬᠢᠯᠡᠭᠰᠡᠨ ᠬᠤᠳᠠᠯᠳᠤᠭ᠎ᠠ ᠬᠠᠩᠭᠠᠭᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠲᠠᠸᠠᠷ ᠤᠳ ᠤᠨ ᠨᠡᠶᠢᠲᠡᠯᠡᠯᠲᠡ ᠵᠢᠴᠢ ᠬᠠᠮᠢᠶᠠᠷᠤᠯᠲᠠ ᠶᠢᠨ ᠵᠢᠷᠤᠮᠵᠢᠯ︾  ᠤᠨ ᠱᠠᠭᠠᠷᠳᠠᠯᠭ᠎ᠠ ᠶᠣᠰᠣᠭᠠᠷ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠲᠠᠸᠠᠷ ᠢᠶᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠡᠵᠡᠩᠨᠡᠨ ᠬᠠᠮᠢᠶᠠᠷᠬᠤ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠤ ᠳᠠᠷᠠᠭ᠎ᠠ ᠰᠠᠶ᠋ᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠪᠣᠷᠤᠯᠠᠭᠤᠯᠵᠤ ᠪᠣᠯᠬᠤ ᠶᠢ ᠱᠠᠭᠠᠷᠳᠠᠨ᠎ᠠ᠃ ᠲᠠᠸᠠᠷ ᠤᠨ ᠭᠠᠷᠴᠠᠭ᠂ ᠨᠡᠷᠡᠶᠢᠳᠦᠯ᠂ ᠪᠣᠯᠵᠣᠯᠲᠤ ᠲᠤᠭ᠎ᠠ᠂ ᠦᠨ᠎ᠡ ᠬᠠᠩᠰᠢ ᠵᠡᠷᠭᠡ ᠬᠠᠮᠢᠶ᠎ᠠ ᠪᠥᠬᠦᠶ ᠵᠢᠷᠤᠮᠵᠢᠯ ᠪᠤᠶᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠲᠠᠸᠠᠷ ᠢ ᠬᠤᠷᠢᠶᠠᠨ ᠰᠢᠢᠳᠪᠦᠷᠢᠯᠡᠬᠦ ᠶᠢᠨ ᠬᠠᠮᠲᠤ ︽ᠠᠷᠭ᠎ᠠ︾ ᠶᠢᠨ ᠭᠤᠴᠢᠨ ᠲᠠᠪᠤᠳᠤᠭᠠᠷ ᠵᠦᠶ᠋ᠯ ᠤᠨ ᠲᠣᠭᠲᠠᠭᠠᠯ ᠶᠣᠰᠣᠭᠠᠷ ᠰᠢᠶ᠋ᠳᠪᠦᠷᠢᠯᠡᠨ᠎ᠡ᠃       ᠠᠷᠪᠠ᠂ ︽ᠠᠷᠭ᠎ᠠ︾ ᠶᠢᠨ ᠠᠷᠠᠯᠵᠢᠶᠠᠨ ᠤ ᠬᠠᠮᠢᠶᠠᠷᠤᠯᠲᠠ ᠳᠤ ᠬᠤᠳᠠᠯᠳᠤᠨ ᠠᠪᠤᠭᠴᠢ ᠨᠢ ᠬᠤᠳᠠᠯᠳᠤᠨ ᠠᠪᠬᠤ ᠲᠥᠰᠦᠪ ᠤᠨ ᠵᠣᠭᠤᠰ ᠤᠨ ᠲᠤᠭ᠎ᠠ ᠪᠠ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠠᠷᠠᠯᠵᠢᠶᠠᠯᠠᠬᠤ ᠠᠷᠭ᠎ᠠ ᠮᠠᠶ᠋ᠢᠭ ᠢ ᠥᠪᠡᠰᠦᠪᠡᠨ ᠰᠣᠩᠭᠤᠵᠤ ᠪᠣᠯᠬᠤ ᠶᠢ ᠲᠣᠳᠤᠷᠬᠠᠶᠢᠯᠠᠪᠠ᠂ ᠲᠡᠭᠡᠪᠡᠯ ᠪᠣᠳᠠᠲᠠᠶ ᠬᠡᠷᠬᠢᠨ ᠰᠣᠩᠭᠤᠬᠤ ᠪᠤᠢ︖       ︵ᠨᠢᠭᠡ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡᠨ ᠲᠥᠭᠦᠷᠢᠭ ᠲᠤ ᠦᠯᠦ ᠬᠦᠷᠬᠦ ᠪᠠᠷᠠᠭ᠎ᠠ ᠶᠢᠨ ᠲᠥᠷᠥᠯ ᠤᠨ ᠲᠥᠷᠥᠯ ᠵᠦᠶ᠋ᠯ ᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠰᠢᠭᠤᠳ ᠬᠤᠳᠠᠯᠳᠤᠨ ᠠᠪᠬᠤ ᠪᠤᠶᠤ ᠰᠦᠯᠵᠢᠶᠡᠨ ᠳᠡᠭᠡᠷ᠎ᠡ ᠦᠨ᠎ᠡ ᠦᠷᠢᠰᠦᠯᠳᠦᠬᠦ᠂ ᠦᠨ᠎ᠡ ᠯᠠᠪᠯᠠᠬᠤ ᠠᠷᠭ᠎ᠠ ᠮᠠᠶ᠋ᠢᠭ ᠢᠶᠠᠷ ᠬᠤᠳᠠᠯᠳᠤᠨ ᠠᠪᠬᠤ ᠠᠵᠢᠯᠯᠠᠭ᠎ᠠ ᠶᠢ ᠬᠡᠷᠡᠭᠵᠢᠭᠦᠯᠵᠦ ᠪᠣᠯᠤᠨ᠎ᠠ᠃ ᠡᠭᠦᠨ ᠳᠤ ᠭᠤᠣᠯᠳᠠᠭᠤ᠄ ᠦᠢᠯᠡᠴᠢᠯᠡᠭᠦᠷ ᠮᠠᠰᠢᠨ᠂ ᠲᠠᠯᠪᠢᠭᠤᠷ ᠺᠣᠮᠫᠢᠦ᠋ᠲ᠋ᠧᠷ᠂ ᠠᠪᠴᠤ ᠶᠠᠪᠤᠬᠤ ᠳᠤ ᠲᠦᠬᠦᠮ ᠺᠣᠮᠫᠢᠦ᠋ᠲ᠋ᠧᠷ᠂ ᠪᠤᠳᠤᠬ ᠰᠦᠷᠴᠢᠨ ᠳᠠᠷᠤᠮᠠᠯᠯᠠᠬᠤ ᠮᠠᠰᠢᠨ᠂ ᠯᠠᠶᠢᠰᠧᠷ ᠳᠠᠷᠤᠮᠠᠯᠯᠠᠬᠤ ᠮᠠᠰᠢᠨ᠂ ᠵᠡᠭᠦᠦ ᠬᠡᠯᠪᠡᠷᠢᠲᠦ ᠳᠠᠷᠤᠮᠠᠯᠯᠠᠬᠤ ᠮᠠᠰᠢᠨ᠂ ᠰᠢᠩᠭᠡᠨ ᠲᠠᠯᠠᠰᠲᠤ ᠦᠵᠡᠭᠦᠯᠦᠭᠦᠷ᠂ ᠰᠢᠷᠪᠢᠭᠦᠷ ᠮᠠᠰᠢᠨ᠂ ᠳᠠᠷᠤᠮᠠᠯᠯᠠᠭᠤᠷ ᠮᠠᠰᠢᠨ᠂ ᠲᠤᠰᠬᠠᠯᠳᠠ ᠶᠢᠨ ᠮᠠᠰᠢᠨ᠂ ᠤᠯᠡᠠ ᠴᠢᠳᠠᠪᠤᠷᠢᠲᠤ ᠨᠢᠭᠡ ᠴᠣᠭᠴᠠ ᠮᠠᠰᠢᠨ᠂ LED - ᠦᠵᠡᠭᠦᠯᠬᠦ ᠳᠡᠯᠭᠡᠴᠡ᠂ ᠬᠦᠷᠦᠯᠴᠡᠯ ᠡᠵᠡᠮᠰᠢᠯᠳᠦ ᠨᠢᠭᠡ ᠴᠣᠭᠴᠠ ᠮᠠᠰᠢᠨ᠂ ᠴᠠᠭᠠᠰᠤ ᠤᠷᠠᠬᠤ ᠮᠠᠰᠢᠨ᠂ ᠲᠡᠰᠦᠷᠡᠯᠳᠠ ᠤᠢᠭᠡᠢ ᠴᠠᠬᠢᠯᠭᠠᠨ ᠡᠭᠦᠰᠭᠡᠭᠴᠢ ︵UPS︶᠂ ᠠᠭᠠᠷ ᠲᠤᠬᠢᠷᠡᠭᠤᠯᠦᠷ᠂ ᠪᠠᠭᠤᠯᠭᠠᠪᠤᠷᠢ ᠴᠠᠭᠠᠰᠤ ᠵᠡᠷᠭᠡ ᠲᠦᠷᠦᠯ ᠵᠦᠢᠯᠡᠰ ᠢ ᠪᠠᠭᠲᠠᠭᠠᠨ᠎ᠠ᠃      ︵ᠬᠤᠶᠠᠷ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠡᠰᠡ ᠬᠦᠷᠦᠭᠰᠡᠨ ᠪᠠᠷᠠᠭ᠎ᠠ ᠶᠢᠨ ᠲᠥᠷᠥᠯ ᠤᠨ ᠲᠥᠷᠥᠯ ᠵᠦᠢᠯ ᠢ ᠬᠡᠷᠬᠢᠨ ᠬᠤᠳᠠᠯᠳᠤᠨ ᠠᠪᠬᠤ ᠪᠤᠶ︖ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠡᠰᠡ ᠬᠦᠷᠦᠭᠰᠡᠨ ᠪᠠᠷᠠᠭ᠎ᠠ ᠶᠢᠨ ᠲᠥᠷᠥᠯ ᠵᠦᠶ᠋ᠯ ᠳᠤ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠰᠦᠯᠵᠢᠶᠡᠨ ᠳᠡᠭᠡᠷ᠎ᠡ ᠦᠨ᠎ᠡ ᠦᠷᠢᠰᠦᠯᠳᠦᠬᠦ᠂ ᠰᠦᠯᠵᠢᠶᠡᠨ ᠳᠡᠭᠡᠷ᠎ᠡ ᠦᠨ᠎ᠡ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠬᠤᠳᠠᠯᠳᠤᠨ ᠠᠪᠴᠤ ᠪᠣᠯᠤᠨ᠎ᠠ᠃      ︵ᠭᠤᠷᠪᠠ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡᠨ ᠲᠥᠭᠦᠷᠢᠭ ᠲᠤ ᠦᠯᠦ ᠬᠦᠷᠬᠦ ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠢ ᠬᠡᠷᠬᠢᠨ ᠬᠤᠳᠠᠯᠳᠤᠨ ᠠᠪᠬᠤ ᠪᠤᠶ︖        ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡᠨ ᠲᠥᠭᠦᠷᠢᠭ ᠲᠤ ᠦᠯᠦ ᠬᠦᠷᠬᠦ ᠦᠶ᠋ᠯᠡᠴᠢᠯᠡᠭᠡᠨ ᠤ ᠲᠥᠷᠥᠯ ᠤᠨ ᠲᠥᠷᠥᠯ ᠵᠦᠶ᠋ᠯ ᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠰᠢᠭᠤᠳ ᠬᠤᠳᠠᠯᠳᠤᠨ ᠠᠪᠬᠤ ᠪᠤᠶᠤ ᠭᠤᠷᠪᠠ ᠠᠴᠠ ᠳᠡᠭᠡᠭᠰᠢ ᠬᠤᠳᠠᠯᠳᠤᠭ᠎ᠠ ᠬᠠᠩᠭᠠᠭᠴᠢᠳ  ᠢ ᠤᠷᠢᠵᠤ ᠬᠢᠵᠠᠭᠠᠷᠲᠠᠶ ᠦᠨ᠎ᠡ ᠦᠷᠢᠰᠦᠯᠳᠦᠬᠦ ᠪᠤᠶᠤ ᠪᠥᠬᠦ ᠰᠦᠯᠵᠢᠶ᠎ᠡ ᠪᠠᠷ ᠢᠯᠡ ᠪᠠᠷ ᠦᠨ᠎ᠡ ᠦᠷᠢᠰᠦᠯᠳᠦᠨ ᠬᠤᠳᠠᠯᠳᠤᠨ ᠠᠪᠴᠤ ᠪᠣᠯᠤᠨ᠎ᠠ᠃ ᠡᠭᠦᠨ ᠳᠤ ᠭᠤᠣᠯᠴᠠᠭᠤ᠄ ᠲᠡᠷᠭᠡ ᠬᠥᠰᠬᠡ ᠶᠢ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠦᠶ᠋ᠯᠡᠴᠢᠯᠡᠭᠡ᠂ ᠬᠡᠪᠯᠡᠭᠦ ᠦᠶ᠋ᠯᠡᠴᠢᠯᠡᠭᠡ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠶ᠋ᠯᠡᠴᠢᠯᠡᠭᠡ ᠵᠡᠷᠭᠡ ᠦᠶ᠋ᠯᠡᠳᠬᠦᠨ ᠤ ᠭᠠᠷᠴᠠᠭ ᠢ ᠪᠠᠭᠲᠠᠭᠠᠨ᠎ᠠ᠃     ︵ᠳᠥᠷᠪᠡ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠥᠯᠥ ᠬᠦᠷᠬᠦ ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠢ ᠬᠡᠷᠬᠢᠨ ᠬᠤᠳᠠᠯᠳᠤᠨ ᠠᠪᠬᠤ ᠪᠤᠶ︖       ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠥᠯᠥ ᠬᠦᠷᠬᠦ ᠦᠶ᠋ᠯᠡᠴᠢᠯᠡᠭᠡᠨ ᠤ ᠲᠥᠷᠥᠯ ᠤᠨ ᠲᠥᠷᠥᠯ ᠵᠦᠶ᠋ᠯ ᠢ ᠬᠤᠳᠠᠯᠳᠤᠨ ᠠᠪᠬᠤ ᠳᠤ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠭᠤᠷᠪᠠ ᠠᠴᠠ ᠳᠡᠭᠡᠭᠰᠢᠬᠢ ᠬᠤᠳᠠᠯᠳᠤᠭ᠎ᠠ ᠬᠠᠩᠭᠠᠭᠴᠢᠳ ᠢ ᠤᠷᠢᠵᠤ ᠬᠢᠵᠠᠭᠠᠷᠲᠠᠶ ᠦᠨ᠎ᠡ ᠥᠷᠢᠰᠦᠯᠳᠦᠬᠦ ᠪᠤᠶᠤ ᠪᠥᠬᠦ ᠰᠦᠯᠵᠢᠶ᠎ᠡ ᠪᠠᠷ ᠢᠯᠡ ᠪᠠᠷ ᠦᠨ᠎ᠡ ᠬᠠᠶᠠᠯᠴᠠᠨ ᠬᠤᠳᠠᠯᠳᠤᠨ ᠠᠪᠴᠤ ᠪᠣᠯᠤᠨ᠎ᠠ᠃       ︵ᠲᠠᠪᠤ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ᠂ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ ᠬᠡᠰᠡᠭᠯᠡᠨ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠪᠠᠷᠠᠭ᠎ᠠ ᠪᠠ ᠦᠶ᠋ᠯᠡᠴᠢᠯᠡᠭᠡᠨ ᠤ ᠲᠥᠷᠥᠯ ᠤᠨ ᠲᠥᠷᠥᠯ ᠵᠦᠶ᠋ᠯ ᠢ ᠬᠡᠷᠬᠢᠨ ᠬᠤᠳᠠᠯᠳᠤᠨ ᠠᠪᠬᠤ ᠪᠣᠶ︖       ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ᠂ ᠬᠡᠰᠡᠭᠯᠡᠨ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠬᠤᠳᠠᠯᠳᠤᠨ ᠠᠪᠬᠤ ᠲᠥᠷᠥᠯ ᠵᠦᠶ᠋ᠯ ᠢ ᠬᠤᠳᠠᠯᠳᠤᠨ ᠠᠪᠤᠭᠴᠢ ᠨᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠤᠨ᠎ᠠ ︵ᠦᠶ᠋ᠯᠡᠳᠬᠦᠨ ᠤ ᠭᠠᠷᠴᠠᠭ ᠲᠤ᠄ ᠵᠠᠮᠨᠠᠭᠤᠷ᠂ ᠰᠣᠯᠢᠯᠴᠠᠭᠤᠷ᠂ ᠨᠢᠭᠲᠠᠯᠠᠨ ᠪᠤᠳᠤᠬᠤ ᠦᠶ᠋ᠯᠡᠴᠢᠯᠡᠭᠡ᠂ ᠬᠢᠨᠠᠨ ᠪᠤᠳᠤᠬᠤ ᠦᠶ᠋ᠯᠡᠴᠢᠯᠡᠭᠡ᠂ ᠬᠠᠤᠯᠢ ᠴᠠᠭᠠᠵᠠ ᠶᠢᠨ ᠦᠶ᠋ᠯᠡᠴᠢᠯᠡᠭᠡ ᠵᠡᠷᠭᠡ ᠪᠠᠭᠲᠠᠨ᠎ᠠ︶᠂ ᠪᠠᠰᠠ ᠨᠢᠭᠡᠴᠢ ᠶᠢᠨ ᠳᠣᠲᠣᠭᠠᠳᠤ ᠡᠵᠡᠮᠳᠡᠯ ᠤᠨ ᠳᠦᠷᠢᠮ ᠶᠣᠰᠣᠭᠠᠷ ᠥᠪᠡᠰᠦᠪᠡᠨ ᠬᠤᠳᠠᠯᠳᠤᠨ ᠪᠣᠯᠤᠨ᠎ᠠ᠃       ᠠᠷᠪᠠᠨ ᠨᠢᠭᠡ᠂ ᠬᠤᠳᠠᠯᠳᠤᠨ ᠠᠪᠤᠭᠴᠢ ᠨᠢ ᠠᠷᠠᠯᠵᠢᠶ᠎ᠠ ᠪᠦᠲᠦᠭᠰᠡᠨ ᠦᠷ᠎ᠡ ᠳ᠋ᠦᠩ ᠢᠶᠠᠨ ᠴᠠᠭ ᠲᠤᠬᠠᠶ ᠳᠤ ᠨᠢ ᠨᠤᠲᠠᠯᠠᠭᠰᠠᠨ ᠥᠬᠡᠶ ᠪᠠᠶᠢᠪᠠᠯ᠂ ︽ᠠᠷᠭ᠎ᠠ︾ ᠬᠡᠷᠬᠢᠨ ᠬᠠᠮᠢᠶᠠᠷᠬᠤ ᠪᠣᠶ︖ ᠬᠤᠳᠠᠯᠳᠤᠨ ᠠᠪᠤᠭᠴᠢ ᠦᠨ᠎ᠡ ᠦᠷᠢᠰᠦᠯᠳᠦᠬᠦ᠂ ᠦᠨ᠎ᠡ ᠯᠠᠪᠯᠠᠬᠤ ᠴᠠᠭ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠦᠷ᠎ᠡ ᠳ᠋ᠦᠩ ᠢ ᠴᠠᠭ ᠲᠤᠬᠠᠶ ᠳᠤ ᠨᠢ ᠨᠤᠲᠠᠯᠠᠬᠤ ᠬᠡᠷᠡᠭᠲᠡᠶ᠂ ᠦᠷ᠎ᠡ ᠳ᠋ᠦᠩ ᠢ ᠴᠠᠭ ᠲᠤᠬᠠᠶ ᠳᠤ ᠨᠢ ᠨᠤᠲᠠᠯᠠᠭᠰᠠᠨ ᠥᠬᠡᠶ ᠪᠠᠶᠢᠪᠠᠯ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ 5 ᠠᠵᠢᠯᠯᠠᠬᠤ ᠡᠳᠦᠷ ᠤᠨ ᠳᠠᠷᠠᠭ᠎ᠠ᠂ ᠰᠢᠰᠲ᠋ᠧᠮ ᠠᠴᠠ ᠦᠷ᠎ᠡ ᠳ᠋ᠦᠩ ᠢ ᠠᠶᠠᠨᠳᠠᠭᠠᠨ ᠨᠤᠲᠠᠯᠠᠵᠤ᠂ ᠠᠷᠠᠯᠵᠢᠶ᠎ᠠ ᠪᠦᠲᠦᠭᠰᠡᠨ ᠬᠤᠳᠠᠯᠳᠤᠭ᠎ᠠ ᠬᠠᠩᠭᠠᠭᠴᠢ ᠶᠢ ᠲᠠᠨᠢᠯᠴᠠᠭᠤᠯᠤᠨ᠎ᠠ᠃      ᠠᠷᠪᠠᠨ ᠬᠤᠶᠠᠷ᠂ ᠬᠤᠳᠠᠯᠳᠤᠭ᠎ᠠ ᠬᠠᠩᠭᠠᠭᠴᠢ 5 ᠠᠵᠢᠯᠯᠠᠬᠤ ᠡᠳᠦᠷ ᠬᠡᠲᠦᠷᠡᠭᠰᠡᠨ ᠪᠠᠶᠢᠲᠠᠯ᠎ᠠ ᠮᠥᠨ ᠦᠷ᠎ᠡ ᠳ᠋ᠦᠩ ᠢ ᠨᠤᠲᠠᠯᠠᠭᠰᠠᠨ ᠥᠬᠡᠶ ᠪᠠᠶᠢᠪᠠᠯ᠂ ︽ᠠᠷᠭ᠎ᠠ︾ ᠬᠡᠷᠬᠢᠨ ᠬᠠᠮᠢᠶᠠᠷᠬᠤ ᠪᠣᠶ︖      ᠬᠤᠳᠠᠯᠳᠤᠭ᠎ᠠ ᠬᠠᠩᠭᠠᠭᠴᠢ 5 ᠠᠵᠢᠯᠯᠠᠬᠤ ᠡᠳᠦᠷ ᠤᠨ ᠳᠣᠲᠣᠷ᠎ᠠ ᠵᠠᠬᠢᠶᠠᠯᠠᠭ᠎ᠠ ᠶᠢᠨ ᠬᠠᠭᠤᠳᠠᠰᠤ ᠪᠤᠶᠤ ᠠᠷᠠᠯᠵᠢᠶ᠎ᠠ ᠪᠦᠲᠦᠭᠰᠡᠨ ᠦᠷ᠎ᠡ ᠳ᠋ᠦᠩ ᠢ ᠨᠣᠲᠠᠯᠠᠬᠤ ᠬᠡᠷᠡᠭᠲᠡᠢ᠂ 5 ᠠᠵᠢᠯᠯᠠᠬᠤ ᠡᠳᠦᠷ ᠬᠡᠲᠦᠷᠡᠭᠰᠡᠨ ᠪᠠᠶᠢᠲᠠᠯ᠎ᠠ ᠮᠥᠨ ᠵᠠᠬᠢᠶᠠᠯᠠᠭ᠎ᠠ ᠶᠢᠨ ᠬᠠᠭᠤᠳᠠᠰᠤ ᠪᠤᠶᠤ ᠦᠷ᠎ᠡ ᠳ᠋ᠦᠩ ᠢ ᠨᠤᠲᠠᠯᠠᠭᠰᠠᠨ ᠥᠬᠡᠶ ᠪᠣᠯ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠰᠢᠭᠤᠳ ᠵᠠᠬᠢᠶᠠᠯᠠᠭᠰᠠᠨ ᠬᠤᠳᠠᠯᠳᠤᠨ ᠠᠪᠬᠤ ᠲᠥᠷᠦᠯ ᠵᠦᠢᠯ ᠤᠨ ᠵᠠᠬᠢᠶᠠᠯᠠᠭ᠎ᠠ ᠶᠢ ᠠᠶᠠᠨᠳᠠᠭᠠᠨ ᠬᠦᠴᠦᠨ ᠥᠬᠡᠶ ᠪᠣᠯᠭᠠᠨ᠎ᠠ︔ ᠰᠦᠯᠵᠢᠶᠡᠨ ᠳᠡᠭᠡᠷ᠎ᠡ ᠦᠨ᠎ᠡ ᠦᠷᠢᠰᠦᠯᠳᠡᠬᠦ᠂ ᠰᠦᠯᠵᠢᠶᠡᠨ ᠳᠡᠭᠡᠷ᠎ᠡ ᠦᠨ᠎ᠡ ᠯᠠᠪᠯᠠᠬᠤ ᠵᠡᠷᠭᠡ ᠲᠥᠷᠥᠯ ᠵᠦᠶ᠋ᠯ ᠢ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠨᠢ ᠠᠶᠠᠨᠳᠠᠭᠠᠨ ᠳᠠᠷᠠᠭᠠᠬᠢ ᠶᠢᠨ ᠨᠢᠭᠡ ᠶᠢ ᠠᠷᠠᠯᠵᠢᠶ᠎ᠠ ᠪᠦᠲᠦᠭᠰᠡᠨ ᠬᠤᠳᠠᠯᠳᠤᠭ᠎ᠠ ᠬᠠᠩᠭᠠᠭᠴᠢ ᠪᠣᠯᠭᠠᠭᠠᠳ᠂ ᠲᠠᠷᠠᠭᠠᠴᠢ ᠶᠢᠨ ᠨᠢᠭᠡ ᠬᠤᠳᠠᠯᠳᠤᠭ᠎ᠠ ᠬᠠᠩᠭᠠᠭᠴᠢ ᠠᠷᠠᠯᠵᠢᠶ᠎ᠠ ᠪᠦᠲᠦᠭᠰᠡᠨ ᠦᠷ᠎ᠡ ᠳ᠋ᠦᠩ ᠢ ᠨᠣᠲᠠᠯᠠᠬᠤ ᠬᠦᠷᠲᠡᠯ᠎ᠡ ᠤᠷᠲᠤᠳᠬᠠᠨ᠎ᠠ᠃ ᠡᠭᠦᠨ ᠤ ᠬᠠᠮᠲᠤ᠂ 5 ᠠᠵᠢᠯᠯᠠᠬᠤ ᠡᠳᠦᠷ ᠠᠴᠠ ᠬᠡᠲᠦᠷᠡᠭᠰᠡᠨ ᠪᠠᠶᠢᠲᠠᠯ᠎ᠠ ᠵᠦᠶ ᠶᠣᠰᠣᠨ ᠤ ᠰᠢᠯᠲᠠᠭᠠᠨ ᠥᠬᠡᠶ ᠪᠠᠷ ᠦᠷ᠎ᠡ ᠳ᠋ᠦᠩ ᠢᠶᠠᠨ ᠡᠰᠡ ᠨᠣᠲᠠᠯᠠᠭᠰᠠᠨ ᠬᠤᠳᠠᠯᠳᠤᠭ᠎ᠠ ᠬᠠᠩᠭᠠᠭᠴᠢ ᠢ ︽ᠠᠷᠭ᠎ᠠ︾ ᠶᠢᠨ ᠭᠤᠴᠢᠨ ᠲᠠᠪᠤᠳᠤᠭᠠᠷ ᠵᠦᠶ᠋ᠯ ᠤᠨ ᠲᠣᠭᠲᠠᠭᠠᠯ ᠶᠣᠰᠣᠭᠠᠷ ᠲᠡᠭᠦᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠠᠬᠢ ᠠᠷᠠᠯᠵᠢᠶᠠᠯᠠᠬᠤ ᠡᠷᠬᠡ ᠶᠢ 3 ᠰᠠᠷ᠎ᠠ ᠲᠦᠷ ᠵᠣᠭᠰᠣᠭᠠᠬᠤ ᠶᠢᠨ ᠬᠠᠮᠲᠤ ᠢᠯᠡ ᠨᠡᠶᠢᠲᠡᠯᠡᠨ᠎ᠡ᠃      ᠠᠷᠪᠠᠨ ᠭᠤᠷᠪᠠ᠂ ᠬᠤᠳᠠᠯᠳᠤᠨ ᠠᠪᠤᠭᠴᠢ ᠵᠦᠶ ᠶᠣᠰᠣᠨ ᠤ ᠰᠢᠯᠲᠠᠭᠠᠨ ᠥᠬᠡᠶ ᠪᠠᠷ ᠶᠠᠭ ᠶᠠᠪᠤᠭᠳᠠᠵᠤ ᠪᠠᠶᠢᠭ᠎ᠠ ᠬᠤᠳᠠᠯᠳᠤᠨ ᠠᠪᠬᠤ ᠲᠥᠷᠥᠯ ᠵᠦᠶ᠋ᠯ ᠢ ᠬᠦᠴᠦᠨ ᠥᠬᠡᠶ ᠪᠣᠯᠭᠠᠭᠰᠠᠨ ᠪᠣᠯ᠂ ︽ᠠᠷᠭ᠎ᠠ︾ ᠬᠡᠷᠬᠢᠨ ᠬᠠᠮᠢᠶᠠᠷᠬᠤ ᠪᠣᠶ︖      ︽ᠠᠷᠭ᠎ᠠ︾ ᠶᠢᠨ ᠭᠤᠴᠢᠨ ᠳᠥᠷᠪᠡᠳᠦᠭᠡᠷ ᠵᠦᠶ᠋ᠯ ᠤᠨ ᠲᠠᠪᠤᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠪᠡᠯ᠂ ᠬᠤᠳᠠᠯᠳᠤᠨ ᠠᠪᠤᠭᠴᠢ ᠨᠢ ᠵᠦᠶ ᠶᠣᠰᠣᠨ ᠤ ᠰᠢᠯᠲᠠᠭᠠᠨ ᠥᠬᠡᠶ ᠪᠠᠷ ᠬᠤᠳᠠᠯᠳᠤᠨ ᠠᠪᠬᠤ ᠲᠥᠷᠥᠯ ᠵᠦᠶ᠋ᠯ ᠪᠤᠶᠤ ᠵᠠᠬᠢᠶᠠᠯᠠᠭ᠎ᠠ ᠶᠢ ᠬᠦᠴᠦᠨ ᠥᠬᠡᠶ ᠪᠣᠯᠭᠠᠭᠰᠠᠨ ᠪᠠᠶᠢᠪᠠᠯ᠂ ᠠᠳᠠᠯᠢ ᠱᠠᠲᠤᠨ ᠤ ᠵᠠᠰᠠᠭ  ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ ᠴᠢᠬᠤᠯᠠᠲᠠᠶ ᠦᠶ᠎ᠡ ᠳᠤ ᠪᠣᠯᠵᠣᠨ ᠶᠠᠷᠢᠯᠴᠠᠨ᠎ᠠ᠃ ᠪᠠᠶᠢᠳᠠᠯ ᠬᠦᠨᠳᠦ ᠨᠣᠴᠢᠲᠠᠶ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ      ᠠᠷᠪᠠᠨ ᠳᠥᠷᠪᠡ᠂ ᠬᠤᠳᠠᠯᠳᠤᠭ᠎ᠠ ᠬᠠᠩᠭᠠᠭᠴᠢ ᠬᠤᠳᠠᠯᠳᠤᠨ ᠠᠪᠬᠤ ᠭᠡᠷ᠎ᠡ ᠶᠢᠨ ᠶᠣᠰᠣᠭᠠᠷ ᠪᠠᠷᠠᠭ᠎ᠠ ᠬᠠᠩᠭᠠᠬᠤ ᠠᠷᠭ᠎ᠠ ᠥᠬᠡᠶ ᠪᠣᠯᠤᠭᠰᠠᠨ ᠪᠠᠶᠢᠪᠠᠯ ︽ᠠᠷᠭ᠎ᠠ︾ ᠬᠡᠷᠬᠢᠨ ᠬᠠᠮᠢᠶᠠᠷᠬᠤ ᠪᠣᠶ︖      ᠬᠤᠳᠠᠯᠳᠤᠭ᠎ᠠ ᠬᠠᠩᠭᠠᠭᠴᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠦᠨ᠎ᠡ ᠦᠷᠢᠰᠦᠯᠳᠡᠬᠦ ᠪᠤᠶᠤ ᠦᠨ᠎ᠡ ᠯᠠᠪᠯᠠᠬᠤ ᠳᠤ ᠣᠷᠣᠯᠴᠠᠬᠤ ᠠᠴᠠ ᠪᠠᠨ ᠡᠮᠦᠨ᠎ᠡ᠂ ᠪᠠᠷᠠᠭ᠎ᠠ ᠭᠦᠢᠴᠡᠳ ᠪᠠᠶᠢᠬᠤ ᠶᠢ ᠪᠠᠲᠤᠯᠠᠬᠤ ᠶᠢᠨ ᠬᠠᠮᠲᠤ ᠴᠠᠭ ᠲᠤᠬᠠᠢ ᠳᠤ ᠨᠢ ᠪᠠᠷᠠᠭ᠎ᠠ ᠬᠠᠩᠭᠠᠬᠤ ᠶᠢ ᠦᠨᠡᠨ ᠬᠦ ᠪᠠᠲᠤᠯᠠᠵᠤ᠂ ᠠᠷᠠᠯᠵᠢᠶ᠎ᠠ ᠪᠦᠲᠦᠭᠰᠡᠨ ᠦᠷ᠎ᠡ ᠳ᠋ᠦᠩ ᠢ ᠨᠡᠶᠢᠲᠡᠯᠡᠭᠰᠡᠨ ᠤ ᠲᠠᠷᠠᠭ᠎ᠠ ᠬᠤᠳᠠᠯᠳᠤᠭ᠎ᠠ ᠬᠠᠩᠭᠠᠭᠴᠢ ᠬᠤᠳᠠᠯᠳᠤᠨ ᠠᠪᠤᠭᠴᠢ ᠲᠠᠢ ᠴᠠᠭ ᠲᠤᠬᠠᠢ ᠳᠤ ᠨᠢ ᠭᠡᠷ᠎ᠡ ᠲᠣᠭᠲᠠᠬᠤ ᠶᠢᠨ ᠬᠠᠮᠲᠤ ᠭᠡᠷ᠎ᠡ ᠶᠢ ᠭᠦᠢᠴᠡᠳᠬᠡᠬᠦ ᠬᠡᠷᠡᠭᠲᠡᠢ᠃ ᠬᠤᠳᠠᠯᠳᠤᠭ᠎ᠠ ᠬᠠᠩᠭᠠᠭᠴᠢ ᠤ ᠲᠣᠰ ᠪᠡᠶ᠎ᠡ ᠶᠢᠨ ᠰᠢᠯᠲᠠᠭᠠᠨ ᠠᠴᠠ ᠪᠣᠯᠵᠣ᠂ ᠬᠤᠳᠠᠯᠳᠤᠨ ᠠᠪᠬᠤ ᠨᠢᠭᠡᠴᠢ ᠶᠢᠨ ᠬᠤᠳᠠᠯᠳᠤᠨ ᠠᠪᠬᠤ ᠠᠵᠢᠯ ᠤᠨ ᠬᠡᠪ ᠢᠶᠠᠷ ᠶᠠᠪᠤᠭᠳᠠᠬᠤ ᠶᠢ ᠨᠥᠯᠥᠭᠡᠯᠡᠭᠰᠡᠨ ᠪᠠᠶᠢᠪᠠᠯ᠂ ︽ᠠᠷᠭ᠎ᠠ︾ ᠶᠢᠨ ᠭᠤᠴᠢᠨ ᠵᠢᠷᠭᠤᠳᠤᠭᠠᠷ ᠵᠦᠶ᠋ᠯ ᠤᠨ ᠲᠣᠭᠲᠠᠭᠠᠯ ᠶᠣᠰᠣᠭᠠᠷ᠂ ᠡᠯ᠎ᠡ ᠱᠠᠲᠤᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠡᠵᠡᠩᠨᠡᠵᠦ ᠬᠠᠮᠢᠶᠠᠷᠬᠤ ᠪᠠᠶᠢᠭᠤᠯᠤᠮᠵᠢ ᠲᠣᠭᠲᠠᠭᠠᠯ ᠠᠴᠠ ᠵᠥᠷᠢᠴᠡᠭᠰᠡᠨ ᠬᠤᠳᠠᠯᠳᠤᠭ᠎ᠠ ᠬᠠᠩᠭᠠᠭᠴᠢ ᠶᠢᠨ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠠᠷᠠᠯᠵᠢᠶᠠᠯᠠᠬᠤ ᠡᠷᠬᠡ ᠶᠢ 6 ᠰᠠᠷ᠎ᠠ ᠲᠦᠷ ᠵᠣᠭᠰᠣᠭᠠᠬᠤ ᠶᠢᠨ ᠬᠠᠮᠲᠤ ᠢᠯᠡ ᠨᠡᠶᠢᠲᠡᠯᠡᠨ᠎ᠡ᠃      ᠠᠷᠪᠠᠨ ᠲᠠᠪᠤ᠂ ︽ᠠᠷᠭ᠎ᠠ︾ ᠳᠠᠬᠢ ᠭᠡᠷ᠎ᠡ ᠪᠠ ᠭᠡᠷ᠎ᠡ ᠶᠢ ᠭᠦᠶ᠋ᠴᠡᠳᠬᠡᠬᠦ ᠬᠠᠮᠢᠶᠠᠷᠤᠯᠲᠠ ᠳᠠᠬᠢ ᠵᠣᠭᠤᠰ ᠲᠤᠰᠢᠶᠠᠬᠤ ᠬᠤᠭᠤᠴᠠᠭᠠᠨ ᠤ ᠱᠠᠭᠠᠷᠳᠠᠯᠭ᠎ᠠ ᠶᠢ ᠬᠡᠷᠬᠢᠨ ᠵᠥᠪ ᠣᠶᠢᠯᠠᠭᠠᠬᠤ ᠪᠣᠶ      ᠡᠯᠧᠺᠳ᠋ᠷᠣᠨ ᠬᠤᠳᠠᠯᠳᠤᠭᠠᠨ ᠤ ᠲᠠᠯᠠᠪᠤᠷ ᠣᠯᠠᠨ ᠤᠳᠠᠭ᠎ᠠ᠂ ᠨᠡᠶᠢᠳᠡᠮ ᠬᠡᠷᠡᠭᠯᠡᠬᠦ ᠲᠥᠷᠥᠯ ᠤᠨ ᠡᠳ᠋ ᠪᠠᠷᠠᠭ᠎ᠠ ᠶᠢᠨ ᠦᠢᠯᠡᠴᠢᠯᠡᠭᠡᠨ ᠤ ᠠᠷᠠᠯᠵᠢᠶ᠎ᠠ ᠬᠢᠳᠡᠭ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠭ᠎ᠠ ᠬᠠᠩᠭᠠᠭᠴᠢᠳ ᠤᠨ ᠣᠯᠠᠩᠬᠢ ᠨᠢ ᠴᠥᠮ ᠳᠤᠮᠳᠠ ᠵᠢᠵᠢᠭ ᠠᠵᠤ ᠠᠬᠤᠶᠢᠯᠠᠯ ᠪᠠᠶᠢᠵᠤ᠂ ᠳᠤᠮᠳᠠ ᠵᠢᠵᠢᠭ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ︽ᠠᠷᠭ᠎ᠠ︾ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠲᠥᠯᠦᠬᠦ ᠶᠢ ᠪᠠᠲᠤᠯᠠᠬᠤ ᠲᠦᠷᠢᠮ︾  ᠤᠨ ᠲᠣᠭᠲᠠᠭᠠᠯ ᠶᠣᠰᠣᠭᠠᠷ᠂ ᠬᠤᠳᠠᠯᠳᠤᠨ ᠠᠪᠤᠭᠴᠢ ᠪᠠᠷᠠᠭ᠎ᠠ᠂ ᠦᠶ᠋ᠯᠡᠴᠢᠯᠡᠭᠡ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠮᠥᠩᠭᠦ ᠪᠠᠨ ᠲᠥᠯᠦᠬᠦ ᠬᠡᠷᠡᠭᠲᠡᠶ᠃ ᠭᠡᠷ᠎ᠡ ᠳᠤ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ ᠮᠥᠩᠭᠦ ᠲᠦᠯᠦᠬᠦ ᠬᠤᠭᠤᠴᠠᠭ᠎ᠠ ᠶᠢ ᠬᠠᠮᠤᠭ ᠤᠨ ᠤᠷᠳᠦ ᠳᠤ ᠪᠠᠨ 60 ᠡᠳᠦᠷ ᠠᠴᠠ ᠬᠡᠲᠦᠷᠡᠭᠦᠯᠵᠦ ᠪᠣᠯᠬᠤ ᠤᠢᠭᠡᠢ ᠭᠡᠵᠦ ᠱᠠᠭᠠᠷᠳᠠᠪᠠ      ᠠᠷᠪᠠᠨ ᠵᠢᠷᠭᠤᠭ᠎ᠠ᠂ ︽ᠠᠷᠭ᠎ᠠ︾ ᠳᠠᠬᠢ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠳᠤ ᠢᠲᠡᠭᠡᠮᠵᠢ ᠵᠢᠷᠤᠮᠯᠠᠭᠰᠠᠳ ᠢ ᠬᠠᠮᠲᠤᠷᠠᠨ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠬᠠᠮᠢᠶᠠᠷᠤᠯᠲᠠ ᠶᠢᠨ ᠠᠷᠭ᠎ᠠ ᠶᠢ ᠬᠡᠷᠬᠢᠨ ᠵᠥᠪ ᠣᠶᠢᠯᠠᠭᠠᠬᠤ ᠪᠣᠶ︖      ︽ᠠᠷᠭ᠎ᠠ︾ ᠶᠢᠨ ᠭᠤᠴᠢᠨ ᠭᠤᠷᠪᠠᠳᠤᠭᠠᠷ ᠵᠦᠶ᠋ᠯ ᠳᠤ᠂ ᠡᠯ᠎ᠡ ᠱᠠᠲᠤᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠢ ᠡᠵᠡᠩᠨᠡᠵᠦ ᠬᠠᠮᠢᠶᠠᠷᠬᠤ ᠪᠠᠶᠢᠭᠤᠯᠤᠮᠵᠢ ᠣᠯᠠᠨ ᠨᠡᠶᠢᠲᠡ ᠶᠢᠨ ᠢᠲᠡᠭᠡᠮᠵᠢ ᠶᠢᠨ ᠬᠠᠮᠢᠶᠠᠷᠤᠯᠲᠠ ᠪᠠ ᠦᠨᠡᠨᠴᠢ ᠢᠲᠡᠭᠡᠮᠵᠢ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠢᠲᠡᠭᠡᠮᠵᠢ ᠵᠢᠷᠤᠮᠯᠠᠭᠰᠠᠳ ᠢ ᠬᠤᠯᠪᠣᠭᠠᠯᠠᠨ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠦᠨᠡᠨᠴᠢ ᠢᠲᠡᠭᠡᠮᠵᠢᠲᠡᠶ ᠬᠤᠳᠠᠯᠳᠤᠭ᠎ᠠ ᠬᠠᠩᠭᠠᠭᠴᠢ ᠳᠤ ᠤᠷᠢᠳᠠᠪᠠᠷ ᠰᠣᠩᠭᠤᠬᠤ᠂ ︽ᠰᠠᠭᠠᠳ ᠥᠬᠡᠶ ᠨᠡᠪᠲᠡᠷᠡᠬᠦ ᠵᠠᠮ︾ ᠤᠨ ᠲᠣᠭᠲᠠᠴᠠ ᠶᠢ ᠬᠡᠷᠡᠭᠵᠢᠭᠦᠯᠦᠨ᠎ᠡ︔ ᠢᠲᠡᠭᠡᠯ ᠠᠯᠳᠠᠭᠰᠠᠨ ᠬᠤᠳᠠᠯᠳᠤᠭ᠎ᠠ ᠬᠠᠩᠭᠠᠭᠴᠢ ᠳᠤ ᠲᠠᠰ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠠᠳᠠᠯᠢ ᠪᠤᠰᠤ ᠪᠠᠶᠢᠳᠠᠯ ᠢ ᠦᠨᠳᠦᠰᠦᠯᠡᠨ᠂ ︽ᠠᠷᠭ᠎ᠠ︾ ᠶᠢᠨ ᠭᠤᠴᠢᠨ ᠲᠠᠪᠤᠳᠤᠭᠠᠷ ᠵᠦᠶ᠋ᠯ ᠠᠴᠠ ᠭᠤᠴᠢᠨ ᠨᠠᠶ᠋ᠮᠠᠳᠤᠭᠠᠷ ᠵᠦᠶ᠋ᠯ ᠤᠨ ᠲᠣᠭᠲᠠᠭᠠᠯ ᠶᠣᠰᠤᠭᠠᠷ᠂ ᠬᠠᠤᠯᠢ ᠵᠥᠷᠢᠴᠡᠵᠦ ᠢᠲᠡᠭᠡᠯ ᠠᠯᠳᠠᠭᠰᠠᠨ ᠦᠶ᠋ᠯᠡ ᠠᠵᠢᠯᠯᠠᠭ᠎ᠠ ᠶᠢᠨ ᠰᠢᠨᠵᠢ ᠴᠢᠨᠠᠷ᠂ ᠪᠠᠶᠢᠳᠠᠯ ᠪᠠ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠶᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠤ᠂ ᠬᠤᠳᠠᠯᠳᠤᠭ᠎ᠠ ᠬᠠᠩᠭᠠᠭᠴᠢ ᠶᠢᠨ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ ᠳᠤ ᠠᠷᠠᠯᠵᠢᠶᠠᠯᠠᠬᠤ ᠡᠷᠬᠡ ᠶᠢ ᠨᠢ ᠭᠤᠷᠪᠠᠨ ᠰᠠᠷ᠎ᠠ ᠲᠦᠷ ᠵᠣᠭᠰᠣᠭᠠᠬᠤ᠂ ᠠᠷᠠᠯᠵᠢᠶᠠᠯᠠᠬᠤ ᠡᠷᠬᠡ ᠶᠢ ᠨᠢ ᠵᠢᠷᠭᠤᠭᠠᠨ ᠰᠠᠷ᠎ᠠ ᠲᠦᠷ ᠵᠣᠭᠰᠣᠭᠠᠬᠤ᠂ ᠡᠯᠰᠡᠭᠳᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠤᠨ᠎ᠠ ᠭᠡᠵᠦ ᠲᠣᠭᠲᠠᠭᠠᠵᠠᠢ᠃      ᠠᠷᠪᠠᠨ ᠳᠤᠯᠤᠭ᠎ᠠ᠂ ᠬᠤᠳᠠᠯᠳᠤᠨ ᠠᠪᠤᠭᠴᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠶᠠᠮᠠᠷ ᠶᠠᠮᠠᠷ ᠦᠢᠯᠡ ᠠᠵᠢᠯᠯᠠᠭ᠎ᠠ ︽ᠪᠤᠰᠤᠳ ᠵᠦᠢ ᠪᠣᠰᠤ ᠨᠥᠬᠦᠴᠡᠯ ᠢᠶᠠᠷ ᠬᠤᠳᠠᠯᠳᠤᠭ᠎ᠠ ᠬᠠᠩᠭᠠᠭᠴᠢ ᠶᠢ ᠬᠢᠵᠠᠭᠠᠷᠯᠠᠭᠰᠠᠨ ᠪᠤᠶᠤ ᠭᠠᠳᠠᠭᠤᠷᠴᠢᠯᠠᠭᠰᠠᠨ︾ ᠳᠤ ᠲᠣᠭᠠᠴᠠᠭᠳᠠᠬᠤ ᠪᠤᠢ︖ ᠡᠭᠦᠨ ᠳᠤ ᠶᠠᠮᠠᠷ ᠶᠠᠮᠠᠷ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠶᠢᠬᠤ ᠪᠣᠶ︖      ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠡᠷᠡᠭᠵᠢᠭᠦᠯᠬᠦ ᠳᠦᠷᠢᠮ︾ ᠤᠨ ᠬᠤᠷᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠬᠤᠳᠠᠯᠳᠤᠨ ᠠᠪᠤᠭᠴᠢ ᠬᠤᠳᠠᠯᠳᠤᠨ ᠠᠪᠬᠤ ᠵᠦᠢᠯᠡᠰ ᠤᠨ ᠢᠶᠠᠨ ᠣᠨᠴᠠᠭᠠᠢ ᠱᠠᠭᠠᠷᠳᠠᠯᠭ᠎ᠠ ᠶᠢ ᠦᠨᠳᠦᠰᠦᠯᠡᠨ ᠬᠤᠳᠠᠯᠳᠤᠭ᠎ᠠ ᠬᠠᠩᠭᠠᠭᠴᠢ ᠳᠤ ᠣᠨᠴᠠᠭᠠᠢ ᠨᠥᠬᠦᠴᠡᠯ ᠲᠣᠭᠲᠠᠭᠠᠵᠤ ᠪᠣᠯᠤᠨ᠎ᠠ᠂ ᠭᠡᠬᠦ ᠳᠤ ᠪᠠᠨ ᠵᠦᠢ ᠪᠤᠰᠤ ᠨᠥᠬᠦᠴᠡᠯ ᠢᠶᠠᠷ ᠬᠤᠳᠠᠯᠳᠤᠭ᠎ᠠ ᠬᠠᠩᠭᠠᠭᠴᠢ ᠶᠢ ᠲᠡᠭᠰᠢ ᠪᠤᠰᠤ ᠬᠠᠷᠠᠭᠠᠯᠵᠠᠬᠤ ᠪᠤᠶᠤ ᠭᠠᠳᠠᠭᠤᠷᠴᠢᠯᠠᠵᠤ ᠪᠣᠯᠬᠤ ᠦᠭᠡᠢ᠃      ᠳᠠᠷᠠᠭᠠᠬᠢ ᠪᠠᠶᠢᠳᠠᠯ ᠢ ᠪᠠᠭᠲᠠᠭᠠᠬᠤ ᠪᠥᠭᠡᠳ ᠵᠥᠪᠬᠡᠨ ᠳᠠᠷᠠᠭᠠᠬᠢ ᠪᠠᠶᠢᠳᠠᠯ ᠳᠤ ᠬᠢᠵᠠᠭᠠᠷᠯᠠᠭᠳᠠᠬᠤ ᠦᠭᠡᠢ᠄      ︵ᠨᠢᠭᠡ︶ ᠬᠤᠳᠠᠯᠳᠤᠭ᠎ᠠ ᠬᠠᠩᠭᠠᠭᠴᠢ ᠳᠤ ᠦᠢᠯᠡᠳᠪᠦᠷᠢ ᠠᠴᠠ ᠣᠯᠭᠤᠭᠰᠠᠨ ᠡᠷᠬᠡ ᠪᠤᠶᠤ ᠠᠮᠠᠯᠠᠯᠲᠠ᠂ ᠦᠢᠯᠡᠳᠪᠦᠷᠢ ᠶᠢᠨ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠠᠮᠠᠯᠠᠯᠲᠠ ᠶᠢᠨ ᠵᠠᠬᠢᠳᠠᠯ ᠪᠤᠶᠤ ᠲᠠᠸᠠᠷ ᠤᠨ ᠪᠤᠯᠵᠤᠯᠳᠤ ᠲᠤᠭ᠎ᠠ ᠶᠢ ᠨᠤᠲᠠᠯᠠᠬᠤ ᠵᠠᠬᠢᠳᠠᠯ ᠬᠠᠩᠭᠠᠯᠭᠠᠬᠤ ᠪᠠᠷ ᠱᠠᠭᠠᠷᠳᠠᠬᠤ ᠪᠠᠶᠢᠳᠠᠯ᠃      ︵ᠬᠤᠶᠠᠷ︶ ᠦᠢᠯᠡᠳᠪᠦᠷᠢ ᠠᠴᠠ ᠪᠠᠷᠠᠭ᠎ᠠ ᠶᠢ ᠰᠢᠭᠤᠳ ᠶᠠᠪᠤᠭᠤᠯᠬᠤ᠂ ᠲᠤᠰ ᠭᠠᠵᠠᠷ ᠤᠨ ᠦᠢᠯᠡᠳᠪᠦᠷᠢ ᠬᠤᠳᠠᠯᠳᠤᠭ᠎ᠠ ᠶᠢᠨ ᠵᠣᠴᠢᠳ ᠤᠨ ᠳᠠᠭᠠᠭᠠᠮᠠᠯ ᠢᠶᠠᠷ ᠬᠠᠪᠰᠤᠷᠤᠭᠤᠯᠤᠨ ᠰᠢᠯᠭᠠᠨ ᠠᠪᠤᠭᠤᠯᠬᠤ᠂ ᠦᠢᠯᠡᠳᠪᠦᠷᠢ ᠶᠢᠨ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠢᠨᠵᠧᠨᠧᠷ ᠢ ᠣᠴᠢᠭᠤᠯᠵᠤ ᠪᠠᠷᠠᠭ᠎ᠠ ᠰᠢᠯᠭᠠᠨ ᠪᠠᠶᠢᠴᠠᠭᠠᠯᠭᠠᠬᠤ ᠪᠤᠶᠤ ᠵᠢᠭᠠᠨ ᠲᠣᠭᠲᠠᠭᠠᠵᠤ ᠰᠢᠯᠭᠠᠨ ᠠᠪᠤᠭᠤᠯᠬᠤ ᠳᠤ ᠦᠢᠯᠡᠳᠪᠦᠷᠢ ᠶᠢ ᠵᠢᠭᠠᠨ ᠲᠣᠭᠲᠠᠭᠠᠬᠤ ᠪᠠᠷ ᠱᠠᠭᠠᠷᠳᠠᠬᠤ ᠪᠠᠶᠢᠳᠠᠯ᠃      ︵ᠭᠤᠷᠪᠠ︶ ᠲᠦᠷᠦᠯ ᠲᠡᠮᠳᠡᠭ᠂ ᠬᠡᠯᠪᠡᠷᠢ ᠮᠠᠶ᠋ᠢᠭ ᠢ ᠬᠢᠵᠠᠭᠠᠷᠯᠠᠬᠤ ᠪᠤᠶᠤ ᠣᠨᠴᠠ ᠵᠢᠭᠠᠨ ᠲᠣᠭᠲᠠᠭᠠᠬᠤ᠃      ᠳᠡᠭᠡᠷᠡᠬᠢ ᠪᠠᠶᠢᠳᠠᠯ ᠨᠢ ᠵᠦᠢ ᠪᠤᠰᠤ ᠨᠥᠬᠦᠴᠡᠯ ᠢᠶᠠᠷ ᠬᠤᠳᠠᠯᠳᠤᠭ᠎ᠠ ᠬᠠᠩᠭᠠᠭᠴᠢ ᠶᠢ ᠬᠢᠵᠠᠭᠠᠷᠯᠠᠭᠰᠠᠨ ᠪᠤᠶᠤ ᠭᠠᠳᠠᠭᠤᠷᠴᠢᠯᠠᠭᠰᠠᠨ ᠳᠤ ᠬᠠᠷᠢᠶᠠᠯᠠᠭᠳᠠᠨ᠎ᠠ᠂ ︽ᠠᠷᠭ᠎ᠠ︾ ᠶᠢᠨ ᠭᠤᠴᠢᠨ ᠳᠥᠷᠪᠡᠳᠦᠭᠡᠷ ᠵᠦᠶ᠋ᠯ ᠤᠨ ᠲᠣᠭᠲᠠᠭᠠᠯ ᠶᠣᠰᠣᠭᠠᠷ᠂ ᠠᠳᠠᠯᠢ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ ᠴᠢᠬᠤᠯᠠᠲᠠᠶ ᠦᠶ᠎ᠡ ᠳᠤ ᠪᠣᠯᠵᠣᠨ ᠶᠠᠷᠢᠯᠴᠠᠨ᠎ᠠ ᠃ ᠪᠠᠶᠢᠳᠠᠯ ᠨᠢ ᠬᠦᠨᠳᠦ ᠨᠣᠴᠢᠲᠠᠶ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠨ ᠨᠠᠢᠮᠠ᠂ ᠬᠤᠳᠠᠯᠳᠤᠭ᠎ᠠ ᠬᠠᠩᠭᠠᠭᠴᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠶᠠᠮᠠᠷ ᠶᠠᠮᠠᠷ ᠦᠢᠯᠡ ᠠᠵᠢᠯᠯᠠᠭ᠎ᠠ ᠨᠢ ᠬᠤᠤᠪᠢᠯᠳᠤᠨ ᠰᠦᠯᠪᠡᠭᠡᠯᠳᠡᠭᠰᠡᠨ ᠳᠤ ᠲᠣᠭᠠᠴᠠᠭᠳᠠᠬᠤ ᠪᠤᠢ︖ ︽ᠠᠷᠭ᠎ᠠ︾ ᠳᠤ ᠡᠭᠦᠨ ᠤ ᠲᠤᠬᠠᠢ ᠶᠠᠮᠠᠷ ᠶᠠᠮᠠᠷ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠶᠢᠬᠤ ᠪᠣᠶ︖      ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠳᠠᠷᠠᠭᠠᠬᠢ ᠪᠠᠶᠢᠳᠠᠯ ᠤᠨ ᠨᠢᠭᠡ ᠨᠢ ᠪᠠᠶᠢᠪᠠᠯ ᠬᠤᠤᠪᠢᠯᠳᠤᠨ ᠰᠦᠯᠪᠡᠭᠡᠯᠳᠡᠭᠰᠡᠨ ᠳᠤ ᠲᠣᠭᠠᠴᠠᠭᠳᠠᠨ᠎ᠠ᠄       ︵ᠨᠢᠭᠡ︶ ᠬᠤᠳᠠᠯᠳᠤᠭ᠎ᠠ ᠬᠠᠩᠭᠠᠭᠴᠢ ᠬᠤᠭᠤᠷᠣᠨᠳᠣ ᠪᠠᠨ ᠮᠡᠳᠡᠭᠦᠯᠦᠭᠰᠡᠨ ᠦᠨ᠎ᠡ᠂ ᠮᠡᠷᠭᠡᠵᠢᠯ ᠤᠨ ᠲᠥᠰᠦᠯ ᠪᠤᠶᠤ ᠳᠠᠭᠠᠬᠤ ᠪᠢᠴᠢᠭ ᠮᠠᠲ᠋ᠧᠷᠢᠶᠠᠯ ᠤᠨ ᠮᠥᠨ ᠴᠢᠨᠠᠷ ᠤᠨ ᠠᠭᠤᠯᠭ᠎ᠠ ᠶᠢ ᠵᠥᠪᠳᠡᠯᠴᠡᠭᠰᠡᠨ ᠪᠠᠶᠢᠳᠠᠯ᠃       ︵ᠬᠤᠶᠠᠷ︶ ᠬᠤᠳᠠᠯᠳᠤᠭ᠎ᠠ ᠬᠠᠩᠭᠠᠭᠴᠢ ᠬᠤᠭᠤᠷᠣᠨᠳᠣ ᠪᠠᠨ ᠶᠠᠮᠠᠷ ᠨᠢᠭᠡᠨ ᠣᠨᠴᠠ ᠲᠣᠭᠲᠠᠭᠰᠠᠨ ᠬᠤᠳᠠᠯᠳᠤᠭ᠎ᠠ ᠬᠠᠩᠭᠠᠭᠴᠢ ᠶᠢ ᠳᠠᠭᠠᠭᠠᠴᠢᠯᠠᠯᠲᠠ ᠣᠯᠤᠭᠰᠠᠨ ᠢᠶᠠᠷ᠂ ᠮᠠᠶᠢᠮᠠᠢ ᠪᠦᠲᠦᠭᠰᠡᠨ ᠢᠶᠠᠷ ᠤᠷᠢᠳᠠᠪᠠᠷ ᠪᠣᠯᠵᠣᠨ ᠲᠣᠭᠲᠠᠭᠰᠠᠨ ᠪᠠᠶᠢᠳᠠᠯ᠃       ︵ᠭᠤᠷᠪᠠ︶ ᠬᠤᠳᠠᠯᠳᠤᠭ᠎ᠠ ᠬᠠᠩᠭᠠᠭᠴᠢ ᠬᠤᠭᠤᠷᠣᠨᠳᠣ ᠪᠠᠨ ᠵᠥᠪᠳᠡᠯᠴᠡᠨ ᠵᠠᠷᠢᠮ ᠬᠤᠳᠠᠯᠳᠤᠭ᠎ᠠ ᠬᠠᠩᠭᠠᠭᠴᠢ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠤᠯᠴᠠᠬᠤ ᠪᠤᠶᠤ ᠳᠠᠭᠠᠭᠠᠴᠢᠯᠠᠯᠲᠠ ᠣᠯᠬᠤ᠂ ᠠᠷᠠᠯᠵᠢᠶ᠎ᠠ ᠪᠦᠲᠦᠬᠦ ᠡᠷᠬᠡ ᠶᠢ ᠬᠠᠶᠠᠭᠤᠯᠬᠤ ᠪᠠᠷ ᠲᠣᠭᠲᠠᠭᠠᠭᠰᠠᠨ ᠪᠠᠶᠢᠳᠠᠯ᠃       ︵ᠲᠦᠷᠪᠡ︶ ᠬᠤᠳᠠᠯᠳᠤᠭ᠎ᠠ ᠬᠠᠩᠭᠠᠭᠴᠢ ᠪᠠ ᠬᠤᠳᠠᠯᠳᠤᠨ ᠠᠪᠤᠭᠴᠢ ᠪᠤᠶᠤ ᠬᠤᠳᠠᠯᠳᠤᠭ᠎ᠠ ᠬᠠᠩᠭᠠᠭᠴᠢ ᠯᠤᠭ᠎ᠠ ᠬᠤᠭᠤᠷᠣᠨᠳᠣ ᠪᠠᠨ ᠣᠨᠴᠠ ᠲᠣᠭᠲᠠᠭᠰᠠᠨ ᠬᠤᠳᠠᠯᠳᠤᠭ᠎ᠠ ᠬᠠᠩᠭᠠᠭᠴᠢ ᠳᠤ ᠳᠠᠭᠠᠭᠠᠴᠢᠯᠠᠯᠲᠠ ᠣᠯᠭᠤᠬᠤ᠂ ᠠᠷᠠᠯᠵᠢᠶ᠎ᠠ ᠪᠦᠲᠦᠬᠦ ᠶᠢᠨ ᠬᠢᠨᠢ ᠲᠥᠯᠥᠭᠡ ᠬᠥᠭᠡᠭᠡᠴᠡᠯᠳᠦᠭᠰᠡᠨ ᠪᠤᠶᠤ ᠪᠤᠰᠤᠳ ᠬᠤᠳᠠᠯᠳᠤᠭ᠎ᠠ ᠬᠠᠩᠭᠠᠭᠴᠢ ᠢ ᠭᠠᠳᠠᠭᠤᠷᠴᠢᠯᠠᠭᠰᠠᠨ ᠪᠠᠶᠢᠳᠠᠯ᠃       ︵ᠲᠠᠪᠤ︶ ᠪᠤᠰᠤᠳ ᠪᠠᠶᠢᠳᠠᠯ      ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠭ᠎ᠠ ᠬᠠᠩᠭᠠᠭᠴᠢ ᠳᠤ ᠳᠡᠭᠡᠷᠡᠬᠢ ᠪᠠᠶᠢᠳᠠᠯ ᠭᠠᠷᠪᠠᠯ᠂ ︽ᠠᠷᠭ᠎ᠠ︾ ᠶᠢᠨ ᠭᠤᠴᠢᠨ ᠳᠣᠯᠣᠳᠤᠭᠠᠷ ᠵᠦᠶ᠋ᠯ ᠤᠨ ᠲᠣᠭᠲᠠᠭᠠᠯ ᠶᠣᠰᠣᠭᠠᠷ᠂ ᠡᠯ᠎ᠡ ᠱᠠᠲᠤᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠠᠬᠢ ᠡᠵᠡᠩᠨᠡᠯᠲᠡ ᠶᠢᠨ ᠵᠥᠪᠯᠡᠯᠴᠡᠭᠡᠷ ᠢ ᠬᠡᠷᠡᠭᠵᠢᠭᠦᠯᠬᠦ ᠶᠢ ᠵᠣᠭᠰᠣᠭᠠᠬᠤ ᠶᠢᠨ ᠬᠠᠮᠲᠤ ᠵᠠᠷᠯᠠᠨ ᠨᠡᠶᠢᠲᠡᠯᠡᠵᠦ᠂ 1 ᠠᠴᠠ 3 ᠵᠢᠯ ᠤᠨ ᠳᠣᠲᠣᠷ᠎ᠠ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠶᠢ ᠴᠠᠭᠠᠵᠠᠯᠠᠨ᠎ᠠ᠃       ᠲᠣᠰ ︽ᠲᠠᠶᠢᠯᠤᠮᠵᠢ︾ ᠶᠢ ᠬᠡᠷᠡᠭᠵᠢᠭᠦᠯᠬᠦ ᠶᠠᠪᠤᠴᠠ ᠳᠤ ᠮᠠᠳᠠᠭ ᠲᠠᠢ ᠠᠰᠠᠭᠤᠳᠠᠯ ᠣᠷᠣᠰᠢᠵᠤ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ  ᠠᠴᠠ ᠠᠰᠠᠭᠤᠨ ᠯᠠᠪᠯᠠᠵᠤ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠄ ᠸᠠᠩ ᠶᠦᠨ ᠫᠧᠩ 0471 - 4192321      ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠄ ᠴᠧᠨ ᠢ ᠸᠧᠨ 0471 - 5617263
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号