ᠣᠲᠣ ︽ᠪᠤᠭᠤᠲᠤ ᠬᠤᠲᠠ ᠶᠢᠨ ᠲᠡᠷᠢᠭᠦᠨ ᠤ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠣᠶ | ᠪᠣᠯᠭᠠᠬᠤ ᠠᠵᠢᠯ ᠤᠨ ᠲᠥᠰᠦᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠶᠢ ᠨᠡᠶᠢᠲᠡᠯᠡᠭᠰᠡᠨ ᠠᠬᠤᠶ ᠪᠠᠶᠢᠳᠠᠯ | ᠪᠠ ᠭᠤᠤᠯ ᠡᠭᠦᠷᠭᠡ ᠶᠢᠨ ᠲᠤᠬᠠᠶ ᠳᠤᠤᠷᠠᠬᠢ ᠮᠡᠲᠦ ᠲᠠᠶᠢᠯᠤᠮᠵᠢ ᠬᠢᠶ᠎ᠠ᠄ | ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠣᠳᠣᠬᠠᠨ ᠳᠤ᠂ ᠪᠤᠭᠤᠲᠤ ᠬᠤᠲᠠ ᠶᠠᠭ ᠤᠷᠢᠳ ᠡᠮᠦᠨ᠎ᠡ ᠪᠠᠶᠢᠭ᠎ᠠ ᠥᠬᠡᠶ ᠲᠡᠮᠡᠴᠡᠯ ᠤᠨ ᠣᠪᠣᠷ | ᠪᠠᠶᠢᠳᠠᠯ ᠢᠶᠠᠷ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ᠂ ᠭᠦᠨ | ᠳᠠᠪᠬᠤᠷᠭ᠎ᠠ ᠠᠴᠠ ᠪᠣᠶ ᠪᠣᠯᠭᠠᠬᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ | ᠲᠡᠷᠢᠭᠦᠨ ᠤ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ᠂ ᠬᠠᠤᠯᠢ ᠪᠠᠷ ᠵᠠᠰᠠᠬᠤ ᠣᠷᠴᠢᠨ ᠨᠥᠬᠦᠴᠡᠯ᠂ ᠠᠵᠤ | ᠦᠢᠯᠡᠰ ᠤᠨ ᠠᠮᠢ ᠠᠬᠤᠶ ᠶᠢᠨ ᠣᠷᠴᠢᠨ ᠨᠥᠬᠦᠴᠡᠯ᠂ ᠬᠤᠲᠠ ᠶᠢᠨ ᠠᠵᠢᠯ ᠠᠮᠢᠳᠤᠷᠠᠯ ᠤᠨ ᠣᠷᠴᠢᠨ ᠨᠥᠬᠦᠴᠡᠯ ᠢ | ᠴᠣᠭᠴᠠᠯᠠᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠭᠠᠷᠭᠠᠪᠠ᠃ ᠲᠡᠷᠢᠭᠦᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠮᠠᠨ ᠤ ᠬᠤᠲᠠ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠳᠤ ᠰᠠᠭᠤᠷᠢᠯᠠᠵᠤ᠂ ᠬᠠᠮᠤᠭ ᠤᠨ ᠥᠨᠳᠥᠷ | ᠪᠠᠷᠢᠮᠵᠢᠶ᠎ᠠ᠂ ᠬᠠᠮᠤᠭ ᠤᠨ ᠥᠨᠳᠥᠷ ᠲᠦᠪᠰᠢᠨ ᠢᠶᠠᠷ ᠪᠠᠷᠢᠮᠵᠢᠶᠠᠯᠠᠵᠤ᠂ ︽ᠲᠠᠨ ᠳᠤ ᠲᠠᠭᠠᠰᠢᠶᠠᠭᠳᠠᠭᠰᠠᠨ︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ | ᠪᠣᠯᠭᠠᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠠᠷᠠᠯᠵᠢᠶ᠎ᠠ ᠶᠢ ᠴᠢᠯᠦᠬᠡᠳᠡᠢ ᠲᠦᠬᠦᠮ ᠲᠦᠳᠡ ᠪᠠᠶᠢᠯᠭᠠᠬᠤ | ᠪᠠ ᠰᠠᠭᠤᠭᠠᠯᠢ ᠠᠷᠠᠳ ᠤᠨ ᠠᠵᠢᠯ ᠠᠮᠢᠳᠤᠷᠠᠯ ᠤᠨ ᠴᠢᠨᠠᠷᠵᠢᠭᠤᠨ ᠲᠦᠬᠦᠮ ᠲᠦᠳᠡ ᠪᠠᠶᠢᠯᠭᠠᠬᠤ ᠶᠢ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠨᠢ ᠨᠠᠩ ᠲᠦᠷᠭᠡᠨ᠂ ᠠᠵᠢᠯ ᠬᠡᠷᠡᠭ ᠭᠦᠢᠴᠡᠳᠬᠡᠬᠦ ᠨᠢ ᠨᠠᠩ | ᠥᠨᠳᠥᠷ ᠪᠦᠲᠦᠮᠵᠢᠲᠡᠶ᠂ ᠦᠢᠯᠡᠴᠢᠯᠡᠭᠡ ᠨᠢ ᠨᠠᠩ ᠭᠦᠢᠴᠡᠳ᠂ ᠬᠢᠨᠠᠯᠲᠠ ᠬᠠᠮᠢᠶᠠᠷᠤᠯᠲᠠ ᠨᠢ ᠨᠠᠩ ᠵᠢᠷᠤᠮᠵᠢᠭᠰᠠᠨ | ᠲᠡᠷᠢᠭᠦᠨ ᠤ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠣᠶ ᠪᠤᠯᠭᠠᠨ᠎ᠠ᠃ | ᠬᠤᠶᠠᠷ᠂ ᠭᠤᠣᠯ ᠠᠷᠭ᠎ᠠ ᠬᠡᠮᠵᠢᠶ᠎ᠠ | ︽ᠲᠥᠰᠦᠯ︾ ᠨᠢ ᠨᠡᠶᠢᠲᠡ ᠭᠤᠷᠪᠠᠨ ᠬᠡᠰᠡᠭ ᠬᠤᠪᠢᠶᠠᠨ᠎ᠠ᠃ | ᠨᠢᠭᠡᠳᠦᠭᠡᠷ ᠬᠡᠰᠡᠭ᠄ ᠶᠡᠷᠦᠩᠬᠡᠢ ᠱᠠᠭᠠᠷᠳᠠᠯᠭ᠎ᠠ᠃ ︽ᠴᠥᠭᠡᠨ ᠰᠠᠶᠢᠨ ᠲᠦᠷᠭᠡᠨ︾ ᠪᠠᠶᠢᠯᠭᠠᠬᠤ ᠪᠠᠷ | ᠬᠠᠷᠠᠯᠲᠠ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠲᠦᠷᠢᠮ ᠢ ᠲᠠᠪᠤᠵᠢᠭᠤᠯᠬᠤ︾ | ᠥᠭᠡᠷᠡᠴᠢᠯᠡᠯᠲᠡ ︵ᠠᠮᠠᠯᠠᠯᠲᠠ ᠶᠢᠨ ᠲᠦᠷᠢᠮ᠂ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠡᠷᠴᠢᠮᠵᠢᠭᠦᠯᠦᠯᠲᠡ᠂ | ᠤᠶᠤᠨᠴᠢᠯᠠᠯᠲᠠ᠂ ᠳᠥᠭᠦᠮᠴᠢᠯᠡᠯᠲᠡ ᠶᠢ ᠮᠡᠳᠡᠭᠳᠡᠨ᠎ᠡ︶ ᠶᠢ ᠲᠦᠷᠭᠡᠳᠬᠡᠵᠦ᠂ ︽ᠲᠠᠨ ᠳᠤ ᠲᠠᠭᠠᠰᠢᠶᠠᠭᠳᠠᠬᠤ︾ ᠶᠢ | ᠨᠡᠶᠢᠭᠡᠮ ᠳᠠᠶᠠᠭᠠᠷ ᠮᠡᠳᠡᠷᠡᠭᠳᠡᠭᠰᠡᠨ᠂ ᠣᠷᠣᠨ ᠪᠦᠰᠡ ᠴᠢᠨᠠᠭᠰᠢᠯᠠᠪᠠᠯ ᠪᠥᠬᠦ ᠤᠯᠤᠰ ᠲᠤ ᠨᠥᠯᠥᠭᠡ ᠲᠠᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠪᠣᠯᠭᠠᠬᠤ ᠪᠠᠷ ᠴᠢᠷᠮᠠᠶᠢᠨ᠎ᠠ᠃ | ᠬᠤᠶᠠᠳᠤᠭᠠᠷ ᠬᠡᠰᠡᠭ᠄ ᠭᠤᠣᠯ ᠡᠭᠦᠷᠭᠡ᠃ ᠨᠡᠶᠢᠲᠡ 6 ᠲᠠᠯ᠎ᠠ ᠶᠢᠨ 33 ᠵᠦᠢᠯ ᠤᠨ ᠠᠷᠭ᠎ᠠ ᠬᠡᠮᠵᠢᠶ᠎ᠡ | ᠠᠪᠤᠭᠰᠠᠨ ᠪᠠᠶᠢᠨ᠎ᠠ᠃ | ︵ᠨᠢᠭᠡ︶ ︽ᠮᠡᠳᠡᠭᠳᠡᠬᠦ ᠠᠮᠠᠯᠠᠯᠲᠠ ᠶᠢᠨ ᠲᠦᠷᠢᠮ︾ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠢᠲᠡᠭᠡᠮᠵᠢ ᠶᠢᠨ ᠠᠮᠠᠯᠠᠯᠲᠠ ᠶᠢ ᠬᠢᠨᠠᠨ ᠵᠥᠪᠰᠢᠶᠡᠷᠡᠬᠦ ᠶᠢ ᠲᠦᠷᠭᠡᠳᠬᠡᠨ ᠠᠬᠢᠭᠤᠯᠵᠤ᠂ | ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠳᠤ | ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠵᠤ | ᠲᠡᠭᠦᠯᠳᠡᠷᠵᠢᠭᠦᠯᠦᠨ᠂ ᠮᠡᠳᠡᠭᠳᠡᠬᠦ ᠪᠢᠴᠢᠭ᠂ ᠭᠤᠶᠤᠴᠢᠯᠠᠭᠴᠢ ᠶᠢᠨ ᠠᠮᠠᠯᠠᠯᠲᠠ ᠶᠢᠨ ᠪᠢᠴᠢᠭ ᠵᠢᠴᠢ ᠠᠮᠠᠯᠠᠯᠲᠠ ᠶᠢᠨ | ᠭᠤᠶᠤᠴᠢᠯᠠᠯ ᠤᠨ ᠮᠠᠲ᠋ᠧᠷᠢᠶᠠᠯ ᠢ ᠵᠦᠢᠯ ᠳᠠᠷᠠᠭᠠᠯᠠᠨ ᠲᠣᠳᠣᠷᠬᠠᠶᠢᠯᠠᠨ᠎ᠠ᠃ ︽ᠳᠤᠲᠠᠭᠳᠠᠯ ᠢ ᠠᠭᠤᠴᠢᠯᠠᠨ ᠭᠥᠯᠢᠶᠡᠨ | ᠠᠪᠴᠤ ᠰᠢᠢᠳᠪᠦᠷᠢᠯᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠢᠲᠡᠭᠡᠮᠵᠢ ᠶᠢᠨ ᠠᠮᠠᠯᠠᠯᠲᠠ ᠶᠢᠨ ᠬᠢᠨᠠᠨ | ᠵᠥᠪᠰᠢᠶᠡᠷᠡᠬᠦ ᠳᠤ ᠥᠯᠥ ᠳᠣᠭᠢᠷᠠᠬᠤ ᠵᠦᠢᠯᠡᠰ᠂ ᠲᠡᠷᠡᠴᠢᠯᠡᠨ ᠭᠤᠶᠤᠴᠢᠯᠠᠭᠴᠢ ᠨᠢ ︽ᠢᠲᠡᠭᠡᠮᠵᠢ ᠠᠯᠳᠠᠭᠰᠠᠨ ᠬᠠᠷ᠎ᠠ | ᠲᠠᠩᠰᠠ︾ ᠳᠤ ᠥᠯᠥ ᠪᠠᠶᠢᠪᠠᠯ᠂ ︽ᠳᠤᠲᠠᠭᠳᠠᠯ ᠢ ᠠᠭᠤᠴᠢᠯᠠᠨ ᠭᠥᠯᠢᠶᠡᠨ ᠠᠪᠴᠤ ᠰᠢᠢᠳᠪᠦᠷᠢᠯᠡᠬᠦ︾ ᠶᠢ | ᠬᠡᠷᠡᠭᠵᠢᠭᠦᠯᠵᠦ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠬᠠᠤᠯᠢ ᠴᠠᠭᠠᠵᠠ ᠬᠠᠤᠯᠢ | ᠲᠣᠭᠲᠠᠭᠠᠯ ᠲᠦᠷᠢᠮ ᠲᠣᠭᠲᠠᠭᠠᠯ ᠪᠠ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠢᠲᠡᠭᠡᠮᠵᠢ ᠶᠢᠨ | ᠠᠮᠠᠯᠠᠯᠲᠠ ᠶᠢᠨ ᠬᠢᠨᠠᠨ ᠵᠥᠪᠰᠢᠶᠡᠷᠡᠬᠦ ᠵᠦᠢᠯᠡᠰ ᠤᠨ ᠠᠵᠢᠯ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ | ᠬᠠᠮᠢᠶᠠᠷᠤᠯᠲᠠ ᠶᠢᠨ ᠨᠠᠷᠢᠨ ᠲᠦᠷᠢᠮ ᠢ ᠵᠦᠢᠯᠡᠰ ᠳᠠᠷᠠᠭᠠᠯᠠᠨ ᠨᠠᠶᠢᠷᠠᠭᠤᠯᠤᠨ ᠵᠣᠬᠢᠶᠠᠨ᠎ᠠ᠃ | ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠵᠦᠢᠯᠡᠰ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠵᠥᠪᠰᠢᠶᠡᠷᠡᠯ ᠤᠨ ᠵᠦᠢᠯᠡᠰ ᠪᠦᠬᠦᠨ ᠢ ᠡᠷᠬᠡᠪᠰᠢ | ᠬᠠᠤᠯᠢ ᠶᠣᠰᠣᠭᠠᠷ ᠴᠢᠩᠭ᠎ᠠ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠬᠦᠴᠦᠨ ᠥᠬᠡᠶ | ᠪᠣᠯᠭᠠᠭᠰᠠᠨ᠂ ᠲᠣᠬᠢᠷᠠᠭᠤᠯᠤᠯᠲᠠ ᠬᠢᠭᠰᠡᠨ᠂ ᠳᠣᠷᠣᠭᠰᠢ ᠪᠠᠭᠤᠯᠭᠠᠭᠰᠠᠨ ᠵᠦᠢᠯᠡᠰ ᠪᠦᠬᠦᠨ ᠳᠤ ᠡᠷᠬᠡᠪᠰᠢ ᠴᠢᠩᠭ᠎ᠠ | ᠲᠣᠬᠢᠷᠠᠭᠤᠯᠤᠯᠲᠠ ᠬᠢᠵᠦ ᠪᠣᠳᠠᠲᠠᠶᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠵᠦᠢᠯᠡᠰ ᠤᠨ ᠭᠠᠷᠴᠠᠭ ᠯᠤᠭ᠎ᠠ ︽ | ᠬᠤᠯᠪᠣᠭᠳᠠᠪᠠᠯ ᠵᠣᠬᠢᠬᠤ ᠪᠦᠬᠦᠨ ᠢ ᠬᠤᠯᠪᠣᠭᠳᠠᠭᠤᠯᠬᠤ︾ ᠶᠢ ᠪᠡᠶᠡᠯᠡᠭᠦᠯᠬᠦ ᠬᠡᠷᠡᠭᠲᠡᠶ᠃ ᠬᠤᠲᠠ ᠶᠢᠨ ᠰᠢᠭᠤᠳ | ᠬᠠᠷᠢᠶ᠎ᠠ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ︽ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ | ᠠᠵᠢᠯ ᠲᠥᠷᠥᠯ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠲᠣᠰ ᠰᠢᠰᠲ᠋ᠧᠮ ᠤᠨ ᠢᠶᠠᠨ ᠰᠢᠶᠠᠨ᠂ ᠰᠢᠶᠠᠩ ᠤᠨ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠣᠯᠠᠨ ᠨᠡᠶᠢᠲᠡ ᠶᠢᠨ | ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠬᠦ ᠨᠠᠷᠢᠨ ᠳᠠᠩᠰᠠ ᠵᠢᠴᠢ ᠠᠵᠢᠯᠯᠠᠬᠤ ᠲᠦᠷᠢᠮ ᠢ ᠨᠠᠶᠢᠷᠠᠭᠤᠯᠤᠨ | ᠵᠣᠬᠢᠶᠠᠵᠤ᠂ ᠴᠠᠭ ᠲᠤᠬᠠᠶ ᠳᠤᠨᠢ ᠬᠠᠮᠠᠭᠠᠯᠠᠨ ᠰᠢᠨᠡᠳᠬᠡᠬᠦ ᠬᠡᠷᠡᠭᠲᠡᠶ᠃ | ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠤᠮᠵᠢᠯᠲᠠ ᠶᠢ ᠴᠢᠩᠭᠠᠳᠬᠠᠨ᠎ᠠ᠃ ᠡᠷᠬᠡ | ᠬᠠᠷᠢᠭᠤᠴᠠᠯᠭ᠎ᠠ᠂ ᠵᠠᠰᠠᠭ ᠵᠠᠬᠢᠷᠭᠠᠨ ᠤ ᠵᠥᠪᠰᠢᠶᠡᠷᠡᠯ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | ᠵᠥᠪᠰᠢᠶᠡᠷᠡᠯ᠂ ᠪᠦᠷᠢᠳᠬᠡᠨ ᠳᠠᠩᠰᠠᠯᠠᠬᠤ ᠵᠡᠷᠭᠡ ᠵᠦᠢᠯᠡᠰ ᠤᠨ ᠨᠠᠷᠢᠨ ᠬᠠᠭᠤᠳᠠᠰᠤ ᠳᠤ ᠬᠥᠳᠡᠯᠦᠩᠭᠦᠶ | ᠲᠣᠬᠢᠷᠠᠭᠤᠯᠤᠯᠲᠠ ᠬᠢᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠬᠠᠰᠤᠵᠤ ᠬᠤᠶᠠᠷ ᠢ | ᠰᠢᠯᠢᠳᠡᠭᠵᠢᠭᠦᠯᠬᠦ︾ ᠶᠢ ᠵᠡᠷᠭᠡᠪᠡᠷ ᠠᠬᠢᠭᠤᠯᠵᠤ᠂ ᠡᠯ᠎ᠡ ᠲᠥᠷᠥᠯ ᠤᠨ ᠨᠠᠷᠢᠨ ᠳᠠᠩᠰᠠ ᠶᠢ ᠬᠠᠮᠤᠭ ᠤᠨ ᠲᠥᠬᠦᠮ | ᠬᠠᠮᠤᠭ ᠤᠨ ᠰᠢᠯᠢᠳᠡᠭ ᠪᠣᠯᠭᠠᠬᠤ ᠶᠢ ᠪᠡᠶᠡᠯᠡᠭᠦᠯᠦᠨ᠎ᠡ᠃ ᠬᠠᠮᠢᠶ᠎ᠠ ᠪᠦᠬᠦᠢ ᠬᠤᠯᠪᠤᠭᠳᠠᠭᠰᠨ ᠵᠦᠢᠯᠡᠰ ᠢ ᠦᠷᠭᠦᠯᠵᠢᠯᠡᠨ | ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ᠂ ᠰᠢᠶᠠᠩ᠂ ᠲᠣᠰᠬᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠡᠷᠡᠶᠢᠳᠦᠯ᠂ ᠦᠨᠳᠦᠰᠦᠯᠡᠯ᠂ ᠺᠣᠳ᠋ ᠵᠡᠷᠭᠡ ᠡᠯᠧᠮᠧᠨ᠋ᠲ ᠤᠨ ︽ᠲᠠᠪᠤᠨ | ᠱᠠᠲᠤ ᠪᠠᠷ ᠠᠳᠠᠯᠢ︾ ᠪᠠᠶᠢᠬᠤ ᠶᠢ ᠪᠡᠶᠡᠯᠡᠭᠦᠯᠦᠨ᠎ᠡ᠃ ᠡᠯ᠎ᠡ ᠱᠠᠲᠤᠨ ᠤ ᠲᠢᠩᠬᠢᠮ ᠤᠨ ᠵᠦᠢᠯᠡᠰ ᠤᠨ ᠣᠷᠣᠵᠤ | ᠰᠠᠭᠤᠬᠤ᠂ ᠠᠵᠢᠯ ᠶᠠᠪᠤᠳᠠᠯ ᠭᠦᠢᠴᠡᠳᠬᠡᠬᠦ ᠳᠡᠰ ᠳᠠᠷᠠᠭᠠᠯᠠᠯ᠂ ᠴᠢᠳᠠᠮᠵᠢᠲᠦ ᠣᠷᠣᠨ ᠤ ᠬᠤᠪᠢᠶᠠᠷᠢᠯᠠᠯ᠂ | ᠴᠣᠩᠬᠤᠪᠴᠢ ᠲᠣᠬᠢᠷᠠᠭᠤᠯᠬᠤ ᠵᠡᠷᠭᠡ ᠶᠢ ᠪᠦᠬᠦ ᠲᠠᠯ᠎ᠠ ᠪᠠᠷ ᠪᠠᠷᠢᠮᠵᠢᠶᠠᠵᠢᠭᠤᠯᠬᠤ ᠶᠢ ᠪᠡᠶᠡᠯᠡᠭᠦᠯᠵᠦ᠂ ᠳᠥᠷᠪᠡᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠵᠢᠷᠤᠮᠵᠢᠭᠰᠠᠨ ᠠᠵᠢᠯᠯᠠᠭᠠᠨ᠂ | ᠪᠠᠷᠢᠮᠵᠢᠶᠠᠵᠢᠭᠰᠠᠨ ᠦᠢᠯᠡᠴᠢᠯᠡᠭᠡ ᠶᠢ ᠪᠡᠶᠡᠯᠡᠭᠦᠯᠦᠨ᠎ᠡ᠃ ︽ᠪᠣᠰᠤᠭ᠎ᠠ ᠴᠣᠭᠴᠠᠲᠤ︾ ᠰᠢᠯᠭᠠᠨ ᠦᠨᠡᠯᠡᠵᠦ ᠬᠢᠨᠠᠯᠲᠠ | ᠲᠠᠯᠪᠢᠬᠤ ᠶᠢ ᠴᠢᠩᠭᠠᠳᠬᠠᠵᠤ᠂ ᠨᠢᠭᠡ ᠴᠣᠭᠴᠠᠵᠢᠭᠤᠯᠤᠭᠰᠠᠨ ᠲᠠᠪᠴᠠᠩ ᠪᠠ ᠬᠤᠲᠠ᠂ ᠰᠢᠶᠠᠨ ᠤ ᠶᠡᠭᠡ ᠲᠢᠩᠬᠢᠮ ᠢ | ᠸᠢᠳᠢᠣ᠋ ᠪᠠᠷ ᠬᠢᠨᠠᠨ ᠡᠵᠡᠮᠳᠡᠬᠦ ᠶᠢ ︽ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠣᠶᠤᠨᠴᠢ ᠬᠢᠨᠠᠯᠲᠠ ᠲᠠᠯᠪᠢᠬᠤ ᠲᠠᠪᠴᠠᠩ︾ ᠳᠤ | ᠵᠠᠯᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ ᠲᠠᠯᠪᠢᠬᠤ ᠶᠢ ᠴᠣᠩᠬᠤ ᠨᠢᠭᠡᠪᠦᠷᠢ᠂ ᠠᠵᠢᠯᠲᠠᠨ | ᠨᠢᠭᠡᠪᠦᠷᠢ ᠳᠤ ᠬᠦᠷᠲᠡᠯ᠎ᠡ ᠪᠦᠷᠬᠦᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ | ︾ ᠶᠢᠨ ᠡᠯ᠎ᠡ ᠵᠦᠢᠯ ᠤᠨ ᠦᠨᠡᠯᠡᠯᠲᠡ ᠶᠢᠨ ᠠᠷᠭ᠎ᠠ ᠵᠠᠮ ᠢ ᠨᠡᠶᠢᠳᠡᠮ ᠪᠥᠷᠬᠦᠭᠦᠯᠬᠦ ᠶᠢ ᠲᠦᠷᠭᠡᠳᠬᠡᠵᠦ᠂ ︽ᠮᠠᠭᠤ | ᠦᠨᠡᠯᠡᠯᠲᠡ ᠶᠢ ᠰᠢᠢᠳᠪᠦᠷᠢᠯᠡᠬᠦ︾ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠢᠯᠡᠴᠢᠯᠡᠭᠡ ᠶᠢᠨ | ᠭᠡᠳᠡᠷᠭᠦ ᠰᠢᠬᠠᠮᠳᠠᠭᠤᠯᠵᠤ ᠶᠢ ᠦᠷᠭᠦᠯᠵᠢᠯᠡᠨ ᠳᠡᠭᠡᠭᠰᠢᠯᠡᠭᠦᠯᠪᠡ᠃ | ︵ᠳᠥᠷᠪᠡ︶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠡᠷᠴᠢᠮᠵᠢᠭᠦᠯᠬᠦ ᠶᠢ ᠠᠬᠢᠭᠤᠯᠤᠨ᠎ᠠ᠃ | ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠵᠤ᠂ ᠲᠦᠷᠦᠭᠦᠦ ᠪᠦᠯᠦᠭ ᠤᠨ ᠵᠦᠢᠯᠡᠰ ᠢ ᠬᠤᠪᠢᠶᠠᠷᠢᠯᠠᠨ | ᠰᠢᠯᠵᠢᠭᠦᠯᠬᠦ᠂ ᠠᠵᠢᠯᠲᠠᠨ ᠢ ᠰᠢᠯᠵᠢᠭᠦᠯᠬᠦ᠂ ᠡᠭᠦᠷᠭᠡ ᠴᠢᠳᠠᠪᠤᠷᠢ ᠶᠢ ᠵᠢᠷᠤᠮᠵᠢᠭᠤᠯᠬᠤ ᠵᠡᠷᠭᠡ ᠠᠵᠢᠯ ᠢ ᠪᠡᠶᠡᠯᠡᠭᠦᠯᠵᠦ᠂ | ᠬᠢᠨᠠᠨ ᠵᠥᠪᠰᠢᠶᠡᠷᠡᠬᠦ ᠠᠵᠢᠯᠯᠠᠭᠠᠨ᠂ ᠬᠢᠨᠠᠨ ᠪᠠᠶᠢᠴᠠᠭᠠᠬᠤ ᠪᠠ ᠬᠠᠮᠢᠶᠠᠷᠬᠤ ᠶᠢ ᠰᠠᠯᠭᠠᠬᠤ ᠰᠢᠨ᠎ᠡ ᠲᠣᠭᠲᠠᠴᠠ ᠶᠢ | ᠪᠠᠶᠢᠭᠤᠯᠤᠨ᠎ᠠ᠃ ᠡᠯ᠎ᠡ ᠱᠠᠲᠤᠨ ᠤ ᠶᠡᠭᠡ ᠲᠢᠩᠬᠢᠮ ᠤᠨ ︽ᠨᠢᠭᠡ ᠥᠷᠲᠡᠭᠡ ᠮᠠᠶ᠋ᠢᠭ᠂ ᠪᠦᠷᠢᠨ ᠬᠡᠯᠬᠢᠶᠡᠵᠢᠯ︾ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠡᠯ᠎ᠡ ᠱᠠᠲᠤᠨ ᠤ ᠰᠠᠯᠠᠭ᠎ᠠ | ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠡᠯᠪᠡᠷᠢ ᠶᠢᠨ ᠬᠢᠨᠠᠨ | ᠪᠠᠶᠢᠴᠠᠭᠠᠬᠤ ᠵᠦᠢᠯᠡᠰ ᠤᠨ ᠳᠡᠰ ᠳᠠᠷᠠᠭᠠᠯᠠᠯ ᠢ ᠶᠡᠭᠡ ᠲᠢᠩᠬᠢᠮ ᠳᠤ ᠭᠦᠢᠴᠡᠳᠭᠡᠵᠦ ᠳᠠᠭᠤᠰᠬᠠᠬᠤ ᠶᠢ ᠦᠨᠡᠨᠬᠦ | ᠪᠠᠲᠤᠯᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ | ᠡᠷᠴᠢᠮᠵᠢᠭᠦᠯᠬᠦ ᠪᠠᠶᠢᠭᠤᠯᠤᠯᠲᠠ ᠵᠢᠴᠢ ᠦᠨᠡᠯᠡᠨ ᠵᠢᠱᠢᠬᠦ ᠲᠤᠬᠠᠶ ᠱᠠᠭᠠᠷᠳᠠᠯᠭ᠎ᠠ ᠶᠣᠰᠣᠭᠠᠷ᠂ ᠨᠢᠭᠡᠳᠦᠯᠲᠡᠶ ᠮᠡᠳᠡᠭᠡ | ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠳᠤ ᠰᠠᠭᠤᠷᠢᠯᠠᠭᠰᠠᠨ ᠪᠥᠬᠦ ᠬᠤᠲᠠ ᠶᠢᠨ ᠵᠠᠰᠠᠭ ᠤᠨ ᠣᠷᠳᠣᠨ ᠤ | ᠰᠦᠯᠵᠢᠶᠡᠨ ᠥᠷᠲᠡᠭᠡ ᠶᠢᠨ ᠡᠷᠴᠢᠮᠵᠢᠭᠦᠯᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠵᠠᠰᠠᠭ ᠤᠨ | ᠣᠷᠳᠣᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠢᠯᠡ ᠪᠣᠯᠭᠠᠬᠤ ᠪᠠ ᠤᠩᠰᠢᠨ ᠲᠠᠶᠢᠯᠪᠤᠷᠢᠯᠠᠬᠤ ᠶᠢᠨ ᠵᠢᠷᠤᠮᠵᠢᠭᠤᠯᠬᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠵᠦ᠂ 110᠂ 119᠂ 120᠂ 122 ᠵᠡᠷᠭᠡ ᠪᠠᠴᠢᠮ | ᠬᠠᠯᠠᠮᠰᠢᠯ ᠤᠲᠠᠰᠤ ᠠᠴᠠ ᠪᠤᠰᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ | ᠨᠡᠶᠢᠯᠡᠭᠦᠯᠦᠨ ᠰᠢᠯᠢᠳᠡᠭᠵᠢᠭᠦᠯᠬᠦ ᠠᠵᠢᠯ ᠢ ᠪᠡᠶᠡᠯᠡᠭᠦᠯᠵᠦ᠂ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ᠂ | ᠵᠢᠷᠤᠮᠵᠢᠯ ᠲᠠᠢ᠂ ᠣᠶᠤᠨᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠶ ᠦᠢᠯᠡᠴᠢᠯᠡᠭᠴᠢ︾ ᠶᠢ ᠪᠣᠶ | ᠪᠣᠯᠭᠠᠨ᠎ᠠ᠃ | ︵ᠲᠠᠪᠤ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠤᠨᠴᠢᠯᠠᠭᠰᠠᠨ ᠲᠠᠪᠴᠠᠩ ᠢ ᠪᠠᠶᠢᠭᠤᠯᠤᠨ᠎ᠠ᠃ | ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠥᠬᠦ | ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠳᠥᠷᠪᠡᠨ ᠱᠠᠲᠤ ᠬᠤᠯᠪᠣᠭᠠᠯᠠᠨ ᠨᠡᠪᠲᠡᠷᠡᠯᠴᠡᠭᠰᠡᠨ ᠰᠦᠯᠵᠢᠶᠡᠨ ᠳᠡᠭᠡᠷᠡᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠰᠦᠯᠵᠢᠶᠡᠨ ᠳᠡᠭᠡᠷ᠎ᠡ ᠠᠵᠢᠯ ᠶᠠᠪᠤᠳᠠᠯ | ᠭᠦᠢᠴᠡᠳᠬᠡᠬᠦ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠡᠬᠢ ᠪᠠᠶᠠᠯᠢᠭ ᠪᠠ ᠳᠡᠰ ᠳᠠᠷᠠᠭᠠᠯᠠᠯ ᠢ ᠡᠮᠬᠢᠯᠡᠨ ᠨᠡᠶᠢᠯᠡᠭᠦᠯᠵᠦ᠂ ᠠᠵᠢᠯ ᠶᠠᠪᠤᠳᠠᠯ ᠭᠦᠢᠴᠡᠳᠭᠡᠬᠦ | ᠵᠠᠮ ᠮᠥᠷ ᠢ ᠥᠷᠭᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ︽ | ᠭᠦᠢᠴᠡᠳᠬᠡᠵᠦ ᠪᠣᠯᠬᠤ︾ ᠠᠴᠠ ︽ᠭᠦᠢᠴᠡᠳᠬᠡᠬᠦ ᠳᠤ ᠲᠦᠬᠦᠮ︾ ᠳᠠᠰᠢ ᠬᠤᠪᠢᠷᠠᠭᠤᠯᠬᠤ ᠶᠢ ᠲᠦᠷᠭᠡᠳᠬᠡᠨ᠎ᠡ᠃ | ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠠᠭᠠᠨ ᠭᠥᠷᠳᠡᠵᠦ | ᠰᠣᠯᠢᠯᠴᠠᠬᠤ ᠲᠠᠪᠴᠠᠩ ᠳᠤ ᠲᠦᠰᠢᠭᠯᠡᠨ᠂ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ | ᠮᠡᠳᠡᠭᠡ ᠵᠠᠩᠭᠢ ᠶᠢ ᠬᠠᠮᠲᠤ ᠳᠠᠭᠠᠨ ᠭᠥᠷᠳᠡᠬᠦ ᠪᠠ ᠲᠤᠭ᠎ᠠ ᠪᠠᠷᠢᠮᠲᠠ ᠶᠢᠨ ᠠᠭᠤᠰᠤᠯᠴᠠᠯ ᠢ ᠲᠦᠷᠭᠡᠳᠬᠡᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠠᠬᠢᠭᠤᠯᠵᠤ᠂ | ᠰᠦᠯᠵᠢᠶ᠎ᠡ ᠪᠠᠷ ᠠᠵᠢᠯ ᠶᠠᠪᠤᠳᠠᠯ ᠭᠦᠢᠴᠡᠳᠬᠡᠬᠦ ᠭᠦᠨᠴᠡ ᠶᠢ ᠲᠦᠷᠭᠡᠳᠬᠡᠨ ᠳᠡᠭᠡᠭᠰᠢᠯᠡᠭᠦᠯᠵᠦ᠂ ᠵᠢᠯ ᠤᠨ | ᠰᠡᠭᠦᠯᠴᠢ ᠠᠴᠠ ᠡᠮᠦᠨ᠎ᠡ ᠰᠦᠯᠵᠢᠶ᠎ᠡ ᠪᠠᠷ ᠭᠦᠢᠴᠡᠳᠬᠡᠵᠦ ᠪᠣᠯᠬᠤ ᠨᠣᠷᠮ᠎ᠠ ᠶᠢ 100 % ᠳᠤ ᠬᠦᠷᠦᠭᠦᠯᠵᠦ᠂ ᠨᠢᠭᠡ᠂ | ᠬᠤᠶᠠᠷ᠂ ᠭᠤᠷᠪᠠᠨ ᠱᠠᠲᠤᠨ ᠤ ᠰᠦᠯᠵᠢᠶ᠎ᠡ ᠪᠠᠷ ᠭᠦᠢᠴᠡᠳᠬᠡᠬᠦ ᠭᠦᠨᠴᠡ ᠶᠢᠨ ᠬᠠᠷᠢᠴᠠᠯ ᠢ 95 % ᠠᠴᠠ | ᠳᠡᠭᠡᠭᠰᠢ ᠳᠤ ᠬᠦᠷᠦᠭᠦᠯᠵᠦ᠂ ︽ᠳᠥᠷᠪᠡᠨ ᠱᠠᠲᠤ︾ ᠶᠢᠨ ᠰᠦᠯᠵᠢᠶ᠎ᠡ ᠪᠠᠷ ᠭᠦᠢᠴᠡᠳᠬᠡᠬᠦ ᠭᠦᠨᠴᠡ ᠶᠢᠨ ᠬᠠᠷᠢᠴᠠᠯ ᠢ | 70 % ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠠᠬᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠥᠨᠳᠥᠷ | ᠳᠠᠪᠲᠠᠮᠵᠢᠲᠤ ᠦᠢᠯᠡᠴᠢᠯᠡᠭᠡᠨ ᠤ ᠬᠡᠷᠡᠭᠯᠡᠭᠡᠨ ᠢ ︽ᠮᠥᠩᠬᠡ ᠰᠤᠪᠠᠭ︾ ᠲᠤ ᠵᠠᠯᠭᠠᠨ ᠣᠷᠣᠭᠤᠯᠬᠤ ᠶᠢ ᠲᠦᠷᠭᠡᠳᠬᠡᠨ᠂ | ᠠᠯᠠᠭᠠᠨ ᠳᠡᠭᠡᠷᠡᠬᠢ ᠠᠵᠢᠯ ᠶᠠᠪᠤᠳᠠᠯ ᠭᠦᠢᠴᠡᠳᠭᠡᠬᠦ ᠭᠦᠨᠴᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ | ᠲᠠᠨ ᠳᠤ ᠲᠠᠭᠠᠰᠢᠶᠠᠭᠳᠠᠭᠰᠠᠨ︾ ᠨᠡᠬᠦᠳᠡᠯ ᠠᠵᠢᠯ ᠶᠠᠪᠤᠳᠠᠯ ᠭᠦᠢᠴᠡᠳᠬᠡᠬᠦ ᠬᠤᠲᠠ ᠶᠢ ᠪᠠᠶᠢᠭᠤᠯᠤᠨ᠎ᠠ᠃ ᠡᠯ᠎ᠡ | ᠱᠠᠲᠤᠨ ᠤ ᠶᠡᠭᠡ ᠲᠢᠩᠬᠢᠮ ᠳᠤ ᠤᠶᠤᠨᠴᠢ ᠦᠢᠯᠡᠴᠢᠯᠡᠭᠡ ᠪᠠᠨ ᠳᠡᠰ ᠳᠡᠪᠰᠢᠬᠦᠯᠵᠦ᠂ ᠣᠶᠤᠨᠴᠢ ᠪᠠᠷ ᠠᠵᠢᠯ | ᠶᠠᠪᠤᠳᠠᠯ ᠭᠦᠢᠴᠡᠳᠬᠡᠬᠦ᠂ ᠬᠥᠮᠦᠨ ᠤ ᠵᠢᠰᠦ ᠶᠢ ᠢᠯᠭᠠᠨ ᠲᠠᠨᠢᠬᠤ᠂ VR ᠠᠶᠠᠯᠠᠯ ᠵᠠᠯᠠᠬᠤ ᠵᠡᠷᠭᠡ ᠴᠢᠳᠠᠮᠵᠢ ᠶᠢ | ᠪᠡᠶᠡᠯᠡᠭᠦᠯᠵᠦ᠂ ᠶᠡᠭᠡ ᠲᠢᠩᠬᠢᠮ ᠤᠨ ᠣᠶᠤᠨᠴᠢᠯᠠᠭᠰᠠᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | | ︵ᠵᠢᠷᠭᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮᠴᠢᠯᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠡᠯ᠎ᠡ ᠱᠠᠲᠤᠨ ᠤ ᠲᠢᠩᠬᠢᠮ ᠨᠢ ︽ᠲᠣᠮᠣ ᠴᠣᠩᠬᠤᠪᠴᠢ︾ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠭᠤᠭᠴᠤᠭ᠎ᠠ ᠶᠢ ᠤᠯᠠᠮ ᠨᠢᠭᠡ ᠠᠯᠬᠤᠮ ᠬᠠᠰᠤᠨ ᠨᠡᠶᠢᠯᠡᠭᠦᠯᠵᠦ᠂ ᠳᠡᠰ ᠳᠠᠷᠠᠭᠠᠯᠠᠯ ᠢ | ᠰᠢᠯᠢᠳᠡᠭᠵᠢᠭᠦᠯᠦᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠰᠦᠯᠵᠢᠶᠡᠨ ᠳᠡᠭᠡᠷ᠎ᠡ ᠨᠢᠭᠡ ᠰᠦᠯᠵᠢᠶ᠎ᠡ᠂ | ᠰᠦᠯᠵᠢᠶᠡᠨ ᠭᠠᠳᠠᠨ᠎ᠠ ᠨᠢᠭᠡ ᠴᠣᠩᠬᠤᠪᠴᠢ︾ ᠶᠢ ᠪᠡᠶᠡᠯᠡᠭᠦᠯᠦᠨ᠂ ᠨᠢᠭᠡ ᠴᠣᠩᠬᠤᠪᠴᠢ ᠪᠠᠷ ᠭᠥᠯᠢᠶᠡᠨ ᠠᠪᠴᠤ | ᠭᠦᠢᠴᠡᠳᠭᠡᠬᠦ ᠨᠣᠷᠮ᠎ᠠ ᠶᠢ ᠳᠤᠮᠳᠠᠴᠢ ᠪᠠᠷ 60 % ᠠᠴᠠ ᠳᠡᠭᠡᠭᠰᠢ ᠳᠤ ᠬᠦᠷᠦᠭᠦᠯᠦᠨ᠎ᠡ᠃ ᠠᠵᠢᠯ ᠶᠠᠪᠤᠳᠠᠯ | ᠭᠦᠢᠴᠡᠳᠬᠡᠬᠦ ᠵᠦᠭᠯᠡᠭᠦᠷ ᠢ ᠤᠯᠠᠮ ᠨᠢᠭᠡ ᠠᠯᠬᠤᠮ ᠡᠮᠬᠢᠯᠡᠨ ᠨᠠᠷᠢᠯᠢᠭᠵᠢᠭᠤᠯᠵᠤ᠂ ᠬᠡᠷᠡᠭᠵᠢᠭᠦᠯᠬᠦ ᠲᠠᠰ | ᠳᠠᠪᠬᠤᠷᠭ᠎ᠠ ᠶᠢ ᠲᠣᠳᠣᠷᠬᠠᠶᠢᠯᠠᠨ᠂ ︽ᠨᠢᠭᠡ ᠬᠠᠭᠤᠳᠠᠰᠤ ᠬᠦᠰᠦᠨᠦᠭᠲᠦ ᠨᠢᠭᠡ ᠢᠵᠢ ᠮᠠᠲ᠋ᠧᠷᠢᠶᠠᠯ︾ ᠢ | ᠵᠢᠷᠤᠮᠵᠢᠭᠤᠯᠵᠤ᠂ ᠨᠠᠩ ᠣᠯᠠᠨ ︽ᠨᠢᠭᠡ ᠶᠠᠪᠤᠳᠠᠯ︾ ᠢ ᠨᠢᠭᠡ ᠯᠡ ᠤᠳᠠᠭ᠎ᠠ ᠳᠤ ᠭᠦᠢᠴᠡᠳᠭᠡᠬᠦ ᠶᠢ ᠠᠬᠢᠭᠤᠯᠤᠨ᠎ᠠ᠃ | ᠠᠵᠢᠯ ᠶᠠᠪᠤᠳᠠᠯ ᠭᠦᠢᠴᠡᠳᠭᠡᠬᠦ ᠳᠡᠰ ᠳᠠᠷᠠᠭᠠᠯᠠᠯ ᠢᠶᠠᠨ ᠰᠢᠯᠢᠳᠡᠭᠵᠢᠭᠦᠯᠦᠨ᠂ ᠲᠤᠰᠬᠠᠶ ᠠᠵᠢᠯ ᠤᠨ ᠣᠷᠣᠯᠠᠨ | ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠲᠥᠷᠥᠯ ᠵᠦᠢᠯ ᠪᠠ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠪᠠᠯᠠ ᠣᠷᠣᠭᠤᠯᠬᠤ ᠪᠥᠬᠦ ᠶᠠᠪᠤᠴᠠ ᠳᠤ ᠦᠨ᠎ᠡ ᠲᠥᠯᠥᠪᠦᠷᠢ ᠥᠬᠡᠶ ᠪᠠᠷ ︽ | ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠬᠠᠩᠭᠠᠨ᠎ᠠ᠃ ᠦᠨᠳᠦᠰᠦᠨ ᠱᠠᠲᠤᠨ ᠤ | ᠲᠢᠩᠬᠢᠮ ᠤᠨ ᠵᠥᠭᠡᠯᠡᠨ ᠬᠠᠲᠠᠭᠤ ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠠᠷ ᠳᠠᠮᠵᠢᠨ᠂ ᠨᠢᠭᠡ | ᠴᠣᠭᠴᠠᠵᠢᠭᠤᠯᠤᠭᠰᠠᠨ ᠲᠠᠪᠴᠠᠩ ᠢ ᠤᠷᠲᠤᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠦᠢᠷ᠎ᠡ | ᠬᠠᠪᠢ ᠳᠤᠨᠢ ᠭᠦᠢᠴᠡᠳᠬᠡᠵᠦ ᠪᠣᠯᠬᠤ︾᠂ ︽ᠪᠦᠬᠦ ᠬᠤᠲᠠ ᠳᠤ ᠨᠡᠶᠢᠳᠡᠮ ᠭᠦᠢᠴᠡᠳᠬᠡᠬᠦ︾ ᠶᠢ ᠠᠬᠢᠭᠤᠯᠤᠨ᠎ᠠ᠃ | ᠣᠯᠠᠨ ᠲᠦᠮᠡᠨ ᠪᠡᠶ᠎ᠡ ᠶᠢᠨ ᠦᠨᠡᠮᠯᠡᠯ ᠢᠶᠠᠨ ᠦᠵᠡᠭᠦᠯᠬᠦ ᠪᠤᠶᠤ ᠬᠤᠶᠠᠷ ᠬᠡᠮᠵᠢᠯᠳᠦ ᠺᠣᠳ᠋ ᠢ ᠰᠢᠷᠪᠢᠬᠦ ᠪᠠᠷ | ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠦᠨᠡᠮᠯᠡᠯ ᠢᠶᠠᠷ ᠨᠡᠶᠢᠳᠡᠮ ᠭᠦᠢᠴᠡᠳᠬᠡᠬᠦ︾ ᠶᠢ | ᠪᠡᠶᠡᠯᠡᠭᠦᠯᠦᠨ᠎ᠡ᠃ ᠠᠵᠤ ᠠᠬᠤᠶᠢᠯᠠᠯ ᠤᠳ ᠡᠵᠡᠩᠨᠡᠯᠲᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠪᠤᠶᠤ ᠬᠤᠶᠠᠷ | ᠬᠡᠮᠵᠢᠯᠳᠦ ᠺᠣᠳ᠋ ᠢ ᠰᠢᠷᠪᠢᠬᠦ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠨᠣᠮᠧᠷ ᠢᠶᠠᠷ | ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ︽ᠨᠢᠭᠡ ᠪᠦᠯᠦᠭ ᠪᠣᠯᠪᠠᠰᠤᠷᠠᠩᠭᠤᠶ ᠪᠣᠯᠪᠠᠯ ᠨᠢᠭᠡ ᠪᠦᠯᠦᠭ ᠲᠤ | ᠡᠷᠬᠡ ᠣᠯᠭᠤᠬᠤ︾ ᠵᠠᠷᠴᠢᠮ ᠶᠣᠰᠣᠭᠠᠷ᠂ ᠨᠠᠩ ᠣᠯᠠᠨ ︽ᠪᠠᠷᠢᠨ ᠭᠦᠢᠴᠡᠳᠬᠡᠬᠦ︾ ᠦᠢᠯᠡᠴᠢᠯᠡᠭᠡ ᠭᠠᠷᠭᠠᠨ᠎ᠠ᠃ ︽ | ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠤᠨ ᠬᠠᠷᠢᠯᠴᠠᠨ | ᠭᠦᠢᠴᠡᠳᠬᠡᠬᠦ ᠬᠠᠷᠢᠯᠴᠠᠨ ᠮᠡᠳᠡᠷᠡᠬᠦ ᠵᠦᠢᠯᠡᠰ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠠᠷᠢ ᠨᠤᠲᠤᠭ ᠤᠨ | ᠬᠥᠮᠦᠨ︾ ᠤ ᠠᠵᠢᠯ ᠶᠠᠪᠤᠳᠠᠯ ᠭᠦᠢᠴᠡᠳᠬᠡᠬᠦ ︽ᠣᠯᠠᠨ ᠭᠠᠵᠠᠷ ᠢᠶᠠᠷ ᠭᠦᠶᠦᠬᠦ︾ ︽ᠨᠠᠰᠢ ᠴᠠᠰᠢ ᠭᠦᠶᠦᠬᠦ︾ | ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠠᠵᠤ ᠠᠬᠤᠶᠢᠯᠠᠯ ᠡᠷᠭᠢᠯᠡᠬᠦ᠂ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠵᠤ | ᠠᠬᠤᠢᠢᠯᠠᠯ ᠡᠷᠬᠢᠯᠡᠬᠦ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠵᠦᠪᠰᠢᠶᠡᠷᠡᠬᠦᠯᠬᠦ᠂ | ᠬᠦᠳᠡᠯᠦᠩᠬᠦᠢ ᠪᠤᠰᠤ ᠬᠦᠷᠦᠩᠬᠡ ᠶᠢ ᠪᠦᠷᠢᠳᠬᠡᠨ ᠳᠡᠮᠳᠡᠭᠯᠡᠬᠦ᠂ ᠭᠠᠶᠢᠯᠢ ᠳᠤᠰᠢᠶᠠᠬᠤ ᠦᠢᠯᠡᠴᠢᠯᠡᠭᠡ᠂ ᠬᠢᠯᠢ | ᠠᠯᠤᠰᠯᠠᠭᠰᠠᠨ ᠠᠷᠠᠯᠵᠢᠶ᠎ᠠ᠂ ᠴᠠᠬᠢᠯᠭᠠᠨ ᠬᠦᠴᠦᠨ ᠪᠠᠶᠢᠭᠠᠯᠢ ᠶᠢᠨ ᠰᠢᠳᠠᠮᠠᠭᠠᠢ ᠬᠡᠢ ᠶᠢᠨ ᠤᠰᠤ ᠬᠡᠷᠡᠭᠯᠡᠬᠦ ᠢᠯᠴᠢ | ᠬᠡᠷᠡᠭᠯᠡᠬᠦ ᠵᠡᠷᠬᠡ ᠭᠤᠤᠯᠳᠠᠯᠭ᠎ᠠ ᠲᠠᠢ ᠬᠦᠷᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠦᠷ᠎ᠠ ᠪᠦᠳᠦᠮᠵᠢ | ᠪᠠ ᠶᠠᠰᠤ ᠴᠢᠨᠠᠷ ᠢ ᠦᠷᠬᠦᠯᠵᠢᠯᠡᠨ ᠳᠡᠬᠡᠭᠰᠢᠯᠡᠬᠦᠯᠦᠨ᠎ᠡ᠃ ᠠᠵᠤ ᠠᠬᠤᠢᠢᠯᠠᠯ ᠤᠨ ᠤᠯᠠᠨ ᠲᠦᠮᠡᠨ ᠤ ︽ᠪᠠᠴᠢᠮᠳᠠᠵᠤ᠂ | ᠬᠦᠴᠢᠷᠳᠡᠵᠦ ᠵᠤᠪᠠᠵᠤ ᠬᠦᠰᠡᠵᠦ︾ ᠪᠠᠶᠢᠭ᠎ᠠ ᠠᠰᠠᠭᠤᠳᠠᠯ ᠳᠤ ᠲᠦᠪᠯᠡᠷᠡᠬᠦᠯᠵᠦ᠂ ᠬᠤᠤᠰ ᠭᠠᠷᠠᠭ ᠤᠨ ᠡᠳᠦᠷ ︽ | ᠡᠭᠦᠳᠡ ᠪᠠᠨ ᠬᠠᠭᠠᠬᠤ ᠥᠬᠡᠶ︾᠂ ︽ᠴᠤᠩᠬᠤᠪᠴᠢ ᠳᠤ ᠦᠭᠡᠶᠢᠰᠬᠡᠬᠦ ᠡᠷᠬᠡ ᠥᠬᠡᠶ︾᠂ ︽ᠰᠢᠢᠳᠪᠦᠷᠢᠯᠡᠵᠦ | ᠳᠡᠶᠢᠯᠬᠦ ᠥᠬᠡᠶ︾ ᠪᠠᠶᠢᠳᠠᠯ ᠢ ᠲᠤᠰᠬᠠᠬᠤ ᠴᠣᠩᠬᠤ ᠵᠡᠷᠭᠡ ᠰᠢᠨ᠎ᠡ ᠶᠢ ᠡᠭᠦᠳᠬᠦ ᠦᠢᠯᠡᠴᠢᠯᠡᠭᠡᠨ ᠤ ᠠᠷᠭ᠎ᠠ ᠬᠡᠮᠵᠢᠶ᠎ᠡ | ᠠᠪᠴᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ ︽ᠰᠢᠭᠤᠳ ᠨᠡᠪᠲᠡᠷᠡᠬᠦ ᠲᠡᠷᠭᠡ ︾ ᠶᠢ ᠤᠯᠠᠮ ᠨᠢᠭᠡ ᠠᠯᠬᠤᠮ | ᠰᠠᠭᠠᠳ ᠥᠬᠡᠶ ᠨᠡᠪᠲᠡᠷᠡᠭᠦᠯᠦᠨ᠎ᠡ᠃ | ᠭᠤᠷᠪᠠᠳᠤᠭᠠᠷ ᠬᠡᠰᠡᠭ᠄ ᠪᠠᠲᠤᠯᠠᠭ᠎ᠠ ᠶᠢᠨ ᠠᠷᠭ᠎ᠠ ᠬᠡᠮᠵᠢᠶ᠎ᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠱᠠᠯᠠᠪᠳᠠᠨ ᠪᠠᠶᠢᠴᠠᠭᠠᠬᠤ ᠪᠠ ᠤᠬᠠᠭᠤᠯᠤᠨ ᠬᠦᠳᠦᠯᠦᠨ | ᠳᠠᠭᠠᠭᠤᠯᠬᠤ ᠭᠤᠷᠪᠠᠨ ᠳᠠᠯ᠎ᠠ ᠪᠠᠷ ᠴᠢᠩᠭᠠᠳᠬᠠᠵᠤ᠂ ︽ᠨᠠᠶᠢᠳᠠᠪᠤᠷᠢᠵᠢᠭᠤᠯᠬᠤ︾ ᠲᠦᠰᠦᠯ ᠤᠨ ᠪᠤᠳᠠᠳᠤ ᠠᠷᠭ᠎ᠠ | ᠬᠡᠮᠵᠢᠶ᠎ᠠ ᠪᠠ ᠱᠠᠭᠠᠷᠳᠠᠯᠭ᠎ᠠ ᠶᠢ ᠳᠤᠷᠠᠳᠪᠠ᠃ |