ᠪᠡᠭᠡᠵᠢᠩ ᠬᠤᠲᠠ ᠶᠢᠨ ᠬᠢᠨ 2 ᠬᠥᠮᠦᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠲᠣᠰ ᠲᠣᠰ ᠠᠷᠭ᠎ᠠ ᠴᠢᠨᠠᠷ ᠢᠯᠡᠷᠡᠭᠰᠡᠨ ᠪᠠ ᠲᠠᠩ ᠭᠧᠨ ᠨᠢ ᠠᠷᠭ᠎ᠠ ᠴᠢᠨᠠᠷ ᠢᠯᠡᠷᠡᠪᠡ ᠭᠡᠵᠦ ᠮᠡᠳᠡᠭᠳᠡᠪᠡ᠂  ᠶᠠᠭᠤ  ᠶᠢ ᠲᠠᠩ ᠭᠧᠨ ᠨᠢ ᠠᠷᠭ᠎ᠠ ᠴᠢᠨᠠᠷ ᠲᠠᠢ ᠭᠡᠳᠡᠭ ᠪᠣᠶ︖
ᠨᠡᠶᠢᠲᠡᠯᠡᠭᠰᠡᠨ ᠴᠠᠭ᠄
2021/11/5
     11 ᠰᠠᠷ᠎ᠠ ᠶᠢᠨ 1 ᠤ ᠡᠳᠦᠷ ᠤᠨ 17 ᠴᠠᠭ ᠲᠤ᠂ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ ᠴᠠᠩ  ᠫᠢᠩ‌ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠬᠢᠨ᠂ ᠴᠠᠩ ᠫᠢᠩ ᠲᠣᠭᠤᠷᠢᠭ ᠤᠨ 2  ᠬᠥᠮᠦᠨ ᠤ  ᠪᠥᠭᠡᠮ‌‍ᠬᠦ᠋ᠴᠢᠯ ᠤᠨ ᠰᠢᠯᠭᠠᠨ ᠪᠠᠶᠢᠴᠠᠭᠠᠯᠲᠠ ᠶᠢᠨ ᠳ᠋ᠦᠩ ᠳᠤ ᠲᠣᠰ ᠲᠣᠰ ᠠᠷᠭ᠎ᠠ ᠴᠢᠨᠠᠷ ᠢᠯᠡᠷᠡᠭᠰᠡᠨ  ᠪᠠ  ᠲᠠᠩ  ᠭᠧᠨ ᠨᠢ  ᠠᠷᠭ᠎ᠠ‌‍ᠴᠢᠨᠠᠷ ᠢᠯᠡᠷᠡᠪᠡ᠂ ᠲᠡᠭᠦᠨ ᠤ ᠶᠠᠪᠤᠵᠤ ᠰᠠᠭᠤᠬᠰᠠᠨ ᠵᠠᠮ ᠮᠦᠷ ᠨᠢ ᠬᠤᠸᠠ ᠵᠢᠶᠠ ᠳ᠋ᠢ ᠲᠤᠷᠰᠢᠯᠲᠠ ᠶᠢᠨ ᠪᠠᠭ᠎ᠠ ᠰᠤᠷᠭᠠᠭᠤᠯᠢ ᠵᠢᠨ‌‍ᠴᠤᠤ ᠯᠠᠶ ᠰᠤᠷᠭᠠᠭᠤᠯᠢ ᠶᠢᠨ ᠲᠣᠭᠤᠷᠢᠭ ᠪᠠ ᠴᠧᠨ ᠵᠢᠩ ᠯᠦᠨ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠤᠯᠤᠨ᠎ᠠ‌‍ᠬᠡᠵᠦ ᠮᠡᠳᠡᠭᠳᠡᠪᠡ᠃             ᠶᠠᠭᠤ ᠶᠢ ᠳᠠᠩ ᠭᠧᠨ ᠨᠢ ᠠᠷᠭ᠎ᠠ ᠴᠢᠨᠠᠷ ᠲᠠᠢ ᠭᠡᠳᠡᠭ ᠪᠤᠢ︖            ︽ᠰᠢᠨ᠎ᠡ ᠬᠡᠯᠪᠡᠷᠢ ᠶᠢᠨ  ᠲᠢᠲᠢᠮᠯᠢᠭ  ᠸᠢᠷᠦ᠋ᠰ ᠤᠨ  ᠠᠭᠤᠰᠬᠢᠨ  ᠦᠷᠪᠢᠰᠦᠯ ᠤᠨ  ᠲᠤᠷᠰᠢᠯᠲᠠ ᠶᠢᠨ  ᠲᠠᠰᠤᠭ ‍ᠤᠨ‌‍ᠰᠢᠯᠭᠠᠨ ᠪᠠᠶᠢᠴᠠᠭᠠᠬᠤ ᠮᠡᠷᠭᠡᠵᠢᠯ ᠤᠨ ᠵᠦᠭᠯᠡᠭᠦᠷ ︵ᠳᠥᠷᠪᠡᠳᠦᠭᠡᠷ ᠬᠡᠪᠯᠡᠯ︶︾ ᠳᠤ  ᠵᠢᠭᠠᠵᠤ  ᠭᠠᠷᠭᠠᠬᠰᠠᠨ ᠢ  ᠦᠨᠳᠦᠰᠦᠯᠡᠪᠡᠯ᠂ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠠᠷᠭ᠎ᠠ ᠨᠢ ᠭᠤᠤᠯᠳᠠᠭᠤ ᠴᠠᠭ  ᠲᠤᠬᠠᠶ ᠳ᠋ᠤᠨᠢ‌‍ᠴᠡᠭᠡᠨ ᠬᠡᠷᠡᠯ RT - PCR ᠠᠷᠭ᠎ᠠ ᠶᠢ ᠬᠡᠷᠡᠭᠯᠡᠬᠦ ᠪᠣᠯᠤᠨ᠎ᠠ᠂  ᠲᠣᠰ  ᠰᠢᠯᠭᠠᠨ  ᠪᠠᠶᠢᠴᠠᠭᠠᠯᠳᠡ ᠶᠢᠨ  ᠠᠷᠭ᠎ᠠ ᠨᠢ  ᠰᠢᠨ᠎ᠡ‌‍ᠬᠡᠯᠪᠡᠷᠢ ᠶᠢᠨ ᠲᠢᠲᠢᠮᠯᠢᠭ ᠸᠢᠷᠦ᠋ᠰ ᠤᠨ ᠭᠧᠨ ᠤ ᠪᠦᠯᠦᠭ ᠤᠨ ᠲᠤᠳᠤᠷᠠᠬᠢ ᠺᠣᠳ᠋  ᠤᠩᠰᠢᠬᠤ  ᠬᠦᠷᠢᠶ᠎ᠡ  1  ab  ︵openreading frame 1 ab᠂ ORF 1 ab︶ ᠪᠠ ᠪᠥᠭᠡᠮ ᠤᠨ ᠬᠠᠯᠢᠰᠤ ᠶᠢᠨ ᠤᠭᠤᠷᠠᠭ ︵nucleocapsidprotein᠂ N︶ ᠢ ᠨᠡᠭᠡᠭᠡᠳᠡᠭ᠃         ᠡᠩ ᠤᠨ ᠪᠠᠶᠢᠳᠠᠯ ᠳᠣᠣᠷ᠎ᠠ᠂ ᠠᠷᠭ᠎ᠠ ᠴᠢᠨᠠᠷᠲᠠᠢ ᠡᠪᠡᠳᠴᠢᠲᠡᠨ ᠤ ORF1 ab ᠪᠣᠯᠤᠨ N ᠭᠧᠨ ᠨᠢ ᠵᠡᠷᠭᠡ ᠪᠠᠷ‌ᠠᠷᠭ᠎ᠠ ᠴᠢᠨᠠᠷ ᠲᠠᠢ ᠪᠠᠶᠢᠳᠠᠭ᠂ ᠭᠡᠪᠡᠴᠦ ᠪᠠᠰᠠ ORF1 ab ᠪᠤᠶᠤ N ᠭᠧᠨ ᠤ ᠬᠢᠨᠢ ᠠᠯᠢ ᠨᠢᠭᠡ   ᠳᠤᠨᠢ  ᠠᠷᠭ᠎ᠠ  ᠴᠢᠨᠠᠷ‌ᠢᠯᠡᠷᠡᠪᠡᠯ ᠳᠠᠩ ᠭᠧᠨ ᠨᠢ ᠠᠷᠭ᠎ᠠ ᠴᠢᠨᠠᠷ ᠲᠠᠢ ᠭᠡᠳᠡᠭ᠃ ᠳᠡᠭᠡᠷ᠎ᠡ  ᠳᠤᠷᠠᠳᠤᠭᠰᠠᠨ  ᠰᠢᠨ᠎ᠡ  ᠲᠢᠲᠢᠮᠯᠢᠭ  ᠸᠢᠷᠦ᠋ᠰ ᠤᠨ  ᠪᠥᠭᠡᠮ‌‍ᠬᠦ᠋ᠴᠢᠯ ᠤᠨ ᠰᠢᠯᠭᠠᠨ ᠪᠠᠶᠢᠴᠠᠭᠠᠯᠲᠠ ᠳᠤ ᠲᠠᠩ ᠭᠧᠨ ᠨᠢ ᠠᠷᠭ᠎ᠠ ᠴᠢᠨᠠᠷ  ᠢᠯᠡᠷᠡᠭᠰᠡᠨ  ᠡᠪᠡᠳᠴᠢᠳᠡᠨ ᠢᠶᠠᠷ  ᠠᠪᠴᠤ  ᠬᠡᠯᠡᠪᠡᠯ᠂ᠮᠥᠨ ᠬᠦ ᠳᠠᠬᠢᠨᠲᠠ ᠥᠯᠢᠭᠡᠷ ᠠᠪᠴᠤ ᠴᠠᠭ ᠲᠤᠬᠠᠢ ᠳᠤᠨᠢ ᠴᠡᠭᠡᠨ ᠬᠡᠷᠡᠯ ᠤᠨ RT - PCR ᠤᠨ ᠰᠢᠯᠭᠠᠨ  ᠪᠠᠶᠢᠴᠠᠭᠠᠯᠲᠠ‌‍ᠬᠢᠵᠦ ᠠᠷᠭ᠎ᠠ ᠴᠢᠨᠠᠷ ᠲᠠᠢ ᠡᠰᠡᠬᠦ ᠶᠢ ᠮᠠᠭᠠᠳᠯᠠᠬᠤ ᠬᠡᠷᠡᠭᠲᠡᠶ᠃        
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号