ᠬᠥᠨᠳᠡᠯᠡᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ  ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠦᠭᠡᠷᠡᠴᠢᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/10
    12 ᠰᠠᠷ᠎ᠠ ᠶᠢᠨ 6 ᠤ ᠡᠳᠦᠷ᠂ ᠬᠥᠨᠳᠡᠯᠡᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠦᠭᠡᠷᠡᠴᠢᠯᠡᠬᠦ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ
ᠡᠷᠬᠢᠯᠡᠭᠴᠢ ᠶᠢᠨ ᠶᠦᠩ ᠯᠢ ᠬᠤᠷᠠᠯ ᠡᠷᠬᠢᠯᠡᠨ ᠶᠠᠷᠢᠶ᠎ᠠ ᠲᠠᠯᠪᠢᠵᠠᠢ᠃
     ᠲᠣᠭᠤᠷᠢᠭ ᠤᠨ ᠤᠳᠤᠷᠢᠳᠤᠯᠭ᠎ᠠ ᠲᠢᠶᠠᠨ ᠬᠤᠩ ᠴᠧᠩ᠂ ᠵᠠᠩ ᠶᠢᠨ ᠵᠦᠩ᠂ ᠮᠢ ᠯᠢ ᠰᠢᠨ᠂ ᠵᠠᠢ ᠶᠦᠨ ᡂᠢ᠂ ᠸᠠᠩ ᠰᠢᠤ ᠵᠢᠤᠸᠠᠨ᠂ ᠵᠤᠤ ᠲᠠᠢ ᠰᠢᠶᠠᠨ ᠬᠤᠷᠠᠯ ᠳᠤ ᠣᠷᠣᠯᠴᠠᠪᠠ᠃    ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠳᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠰᠠᠨᠠᠯ︾᠂ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ︾ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠮᠠᠨ ᠤ ᠲᠣᠭᠤᠷᠢᠭ ᠤᠨ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ᠂ ᠥᠪᠡᠷ ᠢ ᠪᠠᠨ ᠪᠠᠶᠢᠴᠠᠭᠠᠬᠤ ᠵᠢᠴᠢ ᠪᠣᠭᠤᠮᠲᠠ ᠰᠢᠪᠲᠤᠯᠬᠤ ᠲᠥᠰᠦᠯ ᠢ ᠴᠡᠭᠴᠡᠯᠡᠨ ᠦᠭᠡᠷᠡᠴᠢᠯᠡᠬᠦ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ︽ᠬᠥᠨᠳᠡᠯᠡᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2021 ᠣᠨ ᠤ ᠠᠵᠢᠯ ᠤᠨ ᠭᠤᠣᠯᠳᠠᠯᠭ᠎ᠠ︾ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠡᠭᠡᠳᠦ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠠᠵᠢᠯ ᠢ ᠨᠢᠭᠡᠳ ᠨᠢᠭᠡ ᠪᠠᠷ ᠰᠤᠳᠤᠯᠵᠠᠢ᠃       ᠶᠢᠨ ᠶᠦᠩ ᠯᠢ᠂ ᠪᠦᠬᠦ ᠲᠤᠭᠤᠷᠢᠭ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠲᠠᠨᠢᠵᠤ᠂ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ᠂ ᠪᠣᠭᠤᠳᠣ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠣᠷᠣᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠲᠡᠶ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠦᠭᠡᠷᠡᠴᠢᠯᠡᠬᠦ ᠪᠠᠷᠢᠮᠵᠢᠶ᠎ᠠ ᠲᠠᠢ ᠬᠠᠷᠢᠴᠠᠭᠤᠯᠵᠤ᠂ ᠥᠪᠡᠷ ᠢ ᠪᠠᠨ ᠪᠠᠶᠢᠴᠠᠭᠠᠵᠤ ᠵᠠᠯᠠᠷᠠᠭᠤᠯᠬᠤ ᠶᠢ ᠥᠷᠨᠢᠭᠦᠯᠵᠦ᠂ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠢᠩᠭ᠎ᠠ ᠠᠳᠬᠤᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠪᠠ ᠡᠯ᠎ᠡ ᠲᠦᠷᠦᠯ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠦᠭᠡᠷᠡᠴᠢᠯᠡᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ ᠬᠡᠵᠤ ᠴᠢᠬᠤᠯᠠᠴᠢᠯᠠᠪᠠ᠃     ᠶᠢᠨ ᠶᠦᠩ ᠯᠢ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠳᠣᠷ ᠠᠳᠬᠤᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠶᠤᠯ ᠲᠦᠭᠰᠢᠭᠦᠷᠢ ᠶᠢᠨ ᠬᠡᠮ ᠰᠣᠭᠤᠭ ᠢ ᠳᠠᠷᠠᠭᠠᠯᠠᠨ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠬᠥᠨᠳᠡᠯᠡᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠰᠠᠶᠢᠵᠢᠷᠠᠯᠲᠠ ᠶᠢ ᠨᠥᠯᠥᠭᠡᠯᠡᠬᠦ ᠬᠦᠴᠦᠨ ᠵᠦᠢᠯ ᠳᠤ ᠵᠠᠳᠠᠯᠤᠯᠲᠠ ᠬᠢᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠮᠦᠷᠳᠡᠬᠡᠨ ᠣᠷᠳᠣ ᠬᠤᠭᠤᠴᠠᠭ᠎ᠠ ᠪᠠᠷ ᠪᠠᠷᠢᠮᠲᠠᠯᠠᠨ᠂  ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠪᠠᠷ ᠪᠠᠷᠠᠬᠤ ᠥᠬᠡᠶ ᠪᠠᠰᠠ ᠬᠠᠮᠵᠢᠯᠴᠠᠨ ᠪᠠᠶᠢᠯᠳᠤᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠢ ᠪᠣᠶ ᠪᠣᠯᠭᠠᠬᠤ ᠬᠡᠷᠡᠭᠲᠡᠶ᠃ ᠬᠢᠨᠠᠨ ᠪᠠᠶᠢᠴᠠᠭᠠᠬᠤ ᠶᠢ ᠴᠢᠨᠠᠭᠰᠢᠳᠠ ᠴᠢᠩᠭᠠᠳᠬᠠᠵᠤ᠂ ᠱᠠᠳᠤ ᠱᠠᠳᠤ ᠪᠠᠷ ᠳᠠᠷᠤᠯᠲᠠ ᠥᠭᠴᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ ᠠᠬᠢᠭᠤᠯᠬᠤ ᠬᠡᠵᠤ ᠱᠠᠭᠠᠷᠳᠠᠪᠠ᠃ ︵ᠰᠤᠷᠪᠤᠯᠵᠢᠯᠠᠭᠴᠢ᠄ ᠶᠠᠨ ᠢ ᠫᠸᠢ    ᠬᠢᠨᠠᠨ ᠬᠠᠷᠭᠤᠭᠤᠯᠬᠤ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号