ᠨᠥᠬᠦᠷᠯᠡᠯ ᠵᠡᠭᠡᠯᠢ ᠭᠤᠳᠤᠮᠵᠢ ᠳᠤ ᠤᠯᠠᠨ ᠵᠦᠢᠯ ᠤᠨ ᠠᠷᠭ᠎ᠠ ᠬᠡᠮᠵᠢᠶ᠎ᠠ ᠶᠢ ᠵᠡᠷᠭᠡᠪᠡᠷ ᠬᠡᠷᠡᠭᠯᠡᠵᠦ᠂ ᠬᠠᠷᠢᠶ᠎ᠠ ᠣᠷᠣᠨ ᠤ ᠡᠯ᠎ᠡ ᠦᠨᠳᠦᠰᠦᠲᠡᠨ ᠬᠤᠭᠤᠷᠤᠨᠳᠤ ᠪᠦᠯᠬᠦᠮᠳᠡᠨ ᠨᠢᠭᠡᠳᠬᠦ  ᠢᠶᠠᠨ ᠴᠢᠩᠭᠠᠳᠬᠠᠶ᠎ᠠ
ᠨᠡᠶᠢᠲᠡᠯᠡᠭᠰᠡᠨ ᠴᠠᠭ᠄
2021/12/11
     ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠲᠠ ᠶᠢᠨ ᠦᠨᠳᠦᠰᠦᠲᠡᠨ ᠤ ᠠᠵᠢᠯ ᠤᠨ ᠲᠣᠭᠲᠠᠴᠠ ᠶᠢ ᠪᠠᠶᠢᠭᠤᠯᠬᠤ ᠶᠢ ᠢᠳᠡᠪᠬᠢᠲᠡᠶ ᠰᠦᠪᠡᠭᠴᠢᠯᠡᠨ᠎ᠡ᠃ ᠠᠵᠢᠯ ᠤᠨ ᠲᠣᠭᠲᠠᠴᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠦᠨᠳᠦᠰᠦᠲᠡᠨ ᠤ ᠠᠵᠢᠯ ᠤᠨ ᠳᠤᠭᠤᠶᠢᠯᠠᠩ ᠪᠠᠶᠢᠭᠤᠯᠤᠨ᠂ ᠲᠣᠤᠷᠵᠢᠭᠤᠯᠤᠨ ᠵᠠᠰᠠᠬᠤ ᠳᠤ ᠲᠦᠰᠢᠭᠯᠡᠵᠦ᠂ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠵᠦ᠂ ᠠᠵᠢᠯ ᠤᠨ ᠬᠠᠷᠢᠭᠤᠴᠠᠯᠭ᠎ᠠ ᠳᠤ ᠲᠦᠰᠢᠭᠯᠡᠵᠦ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠦᠲᠦᠮᠵᠢᠲᠡᠶ ᠠᠵᠢᠯᠯᠠᠭᠠᠨ ᠤ ᠲᠣᠭᠲᠠᠴᠠ᠂ ᠰᠤᠷᠤᠯᠴᠠᠵᠤ ᠤᠬᠠᠭᠤᠯᠬᠤ ᠪᠠ ᠬᠤᠯᠪᠣᠭᠠᠯᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠬᠤᠶᠠᠷ ᠲᠤ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠴᠥᠭᠡᠨ ᠲᠣᠭᠠᠲᠤ ᠦᠨᠳᠦᠰᠦᠲᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠭᠦᠨ᠎ᠡ᠃ ︽ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠨ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠦᠢᠯᠡᠴᠢᠯᠡᠬᠦ ᠪᠠᠷ ᠵᠣᠷᠢᠯᠲᠠ ᠪᠣᠯᠭᠠᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠡᠵᠡᠮᠰᠢᠨ᠂ ᠰᠠᠭᠤᠭᠠᠯᠢ ᠠᠷᠠᠳ ᠲᠤ ᠪᠣᠳᠠᠲᠠᠶ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠨ᠎ᠡ᠃ ᠡᠳᠤᠬᠡ ᠪᠣᠯᠲᠠᠯ᠎ᠠ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠳᠠᠶᠢᠴᠢᠯᠠᠨ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠳᠤ ᠨᠡᠶᠢᠲᠡ 60 ᠭᠠᠷᠤᠶ ᠤᠳᠠᠭ᠎ᠠ ᠣᠷᠣᠯᠴᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠠᠤᠯᠢ ᠴᠠᠭᠠᠵᠠ ᠶᠢᠨ ᠵᠥᠪᠯᠡᠯᠭᠡ ᠥᠭᠴᠦ ᠲᠤᠰᠠᠯᠠᠬᠤ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠬᠠᠪᠰᠤᠷᠤᠨ ᠲᠡᠳᠬᠦᠵᠦ ᠬᠦᠴᠢᠷᠳᠡᠯ ᠠᠴᠠ ᠠᠩᠭᠢᠵᠢᠷᠠᠭᠤᠯᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠡᠶᠢᠲᠡ 30 ᠭᠠᠷᠤᠶ ᠤᠳᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠦᠨᠳᠦᠰᠦᠲᠡᠨ ᠤ ᠠᠭᠤᠰᠤᠯᠴᠠᠨ ᠲᠣᠭᠲᠠᠭᠤᠨ ᠢᠶᠠᠷ ᠬᠥᠭᠵᠢᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃ ᠭᠤᠷᠪᠠ ᠳᠤ᠂ ᠶᠠᠪᠤᠯᠴᠠᠭ᠎ᠠ ᠪᠠᠨ ᠴᠢᠩᠭᠠᠳᠬᠠᠵᠤ᠂ ᠡᠯ᠎ᠡ ᠦᠨᠳᠦᠰᠦᠲᠡᠨ ᠤ ᠪᠦᠯᠬᠦᠮᠳᠡᠨ ᠳᠠᠪᠰᠢᠯᠳᠠ ᠶᠢᠨ ᠰᠣᠶᠣᠯ ᠤᠨ ᠰᠠᠭᠤᠷᠢ ᠶᠢ  ᠪᠠᠲᠤᠳᠬᠠᠨ᠎ᠠ᠃ ᠬᠠᠷᠢᠶᠠᠲᠤ ᠣᠷᠣᠨ ᠤ ︽ᠬᠥᠭᠰᠢᠨ ᠵᠠᠯᠠᠭᠤᠴᠤᠳ ᠤᠨ ᠡᠷᠡᠭᠦᠯ ᠮᠡᠨᠳᠦ ᠶᠢ ᠬᠠᠮᠠᠭᠠᠯᠠᠬᠤ ᠬᠦᠷᠢᠶᠡᠯᠡᠩ︾᠂ ︽ᠰᠢᠤᠢ ᠿᠢ ᠶᠢᠨ ᠦᠨᠳᠦᠰᠦᠲᠡᠨ ᠤ ᠦᠢᠯᠡᠴᠢᠯᠡᠬᠡᠨ ᠤ ᠲᠥᠪ ᠤᠨ ᠨᠡᠶᠢᠭᠡᠮᠯᠢᠭ︾᠂ ︽ᠦᠨᠳᠦᠰᠦᠲᠡᠨ ᠤ ᠰᠣᠶᠣᠯ ᠤᠨ ᠤᠬᠠᠭᠤᠯᠭ᠎ᠠ ᠶᠢᠨ ᠠᠩᠭᠢ︾ ᠵᠡᠷᠭᠡ ᠠᠵᠢᠯᠯᠠᠭᠠᠨ ᠤ ᠵᠢᠭᠰᠠᠭᠠᠯ ᠤᠨ ᠭᠠᠵᠠᠷ ᠢᠶᠠᠷ ᠳᠡᠮᠵᠢᠨ᠂ ᠬᠠᠷᠢᠶᠠᠲᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠵᠤᠭ᠎ᠠ ᠴᠡᠩᠭᠡᠯ᠂ ᠠᠮᠢᠳᠤᠷᠠᠯ ᠤᠨ ᠬᠠᠷᠠᠭᠠᠯᠵᠠᠯ᠂ ᠰᠡᠳᠬᠢᠴᠡ ᠶᠢᠨ ᠵᠢᠯᠣᠭᠤᠳᠣᠯᠭ᠎ᠠ ᠵᠡᠷᠭᠡ ᠦᠢᠯᠡᠴᠢᠯᠡᠭᠡ ᠬᠠᠩᠭᠠᠵᠤ᠂ ᠦᠵᠡᠵᠦ ᠰᠣᠨᠢᠷᠬᠠᠬᠤ ᠳᠤᠷᠠᠲᠠᠶ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠥᠷᠨᠢᠭᠦᠯᠬᠦ ᠪᠠᠷ ᠳᠡᠮᠵᠢᠨ ᠬᠠᠷᠢᠶᠠᠲᠤ ᠣᠷᠣᠨ ᠤ ᠡᠯ᠎ᠡ ᠦᠨᠳᠦᠰᠦᠲᠡᠨ ᠤ ᠪᠦᠯᠬᠦᠮᠳᠡᠯ᠂ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠠᠶ᠃ ︵ᠨᠥᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号