ᠰᠠᠨᠠᠭᠠᠴᠢᠯᠠᠶ᠎ᠠ︕ ᠪᠢᠳᠡ ᠬᠠᠮᠲᠤ ᠪᠠᠷ ᠴᠠᠰᠤ ᠱᠦᠭᠦᠷᠳᠡᠵᠡᠭᠡᠶ᠎ᠡ︕
ᠨᠡᠶᠢᠲᠡᠯᠡᠭᠰᠡᠨ ᠴᠠᠭ᠄
2021/12/11
       ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ᠂ ᠥᠷᠭᠡᠨ ᠣᠯᠠᠨ ᠬᠤᠲᠠ ᠶᠢᠨ ᠨᠠᠶᠢᠵᠠ ᠨᠠᠷ  ᠄      ᠥᠴᠥᠭᠡᠳᠦᠷ ᠣᠷᠣᠢ᠂ ᠮᠠᠨ ᠤ ᠬᠤᠲᠠ ᠳᠤ ᠳᠤᠮᠳᠠ ᠵᠡᠷᠭᠡ ᠶᠢᠨ ᠴᠠᠰᠤ ᠣᠷᠣᠵᠤ᠂ ᠬᠡᠰᠡᠭ ᠵᠠᠮ ᠳᠡᠭᠡᠷ᠎ᠡ ᠴᠠᠰᠤ ᠬᠤᠷᠠᠭᠠᠳ ᠮᠥᠰᠥ ᠪᠣᠯᠪᠠ᠃ ᠬᠤᠷᠠᠭᠰᠠᠨ ᠴᠠᠰᠤ ᠨᠢ ᠲᠡᠷᠭᠡ ᠨᠡᠪᠲᠡᠷᠡᠬᠦ ᠶᠢ ᠨᠥᠯᠥᠭᠡᠯᠡᠬᠦ ᠪᠠᠷ ᠪᠠᠷᠠᠬᠤ ᠥᠬᠡᠶ ᠂  ᠪᠠᠰᠠ ᠵᠠᠮ ᠬᠠᠷᠢᠯᠴᠠᠭᠠᠨ ᠤ ᠠᠳᠡᠯ ᠭᠠᠷᠬᠤ ᠪᠤᠯᠤᠯᠴᠠᠭ᠎ᠠ ᠲᠠᠢ᠃ ᠪᠣᠯᠪᠠᠰᠤᠨ ᠬᠤᠳᠠ ᠶᠢ ᠤᠯᠠᠨ ᠢᠶᠠᠷ ᠢᠶᠠᠨ ᠪᠠᠶᠢᠭᠤᠯᠵᠤ᠂ ᠪᠣᠯᠪᠠᠰᠤᠨ ᠤ ᠦᠷ᠎ᠡ ᠪᠦᠲᠦᠭᠡᠯ ᠢ ᠤᠯᠠᠨ ᠢᠶᠠᠷ ᠢᠶᠠᠨ ᠡᠳ᠋ᠯᠡᠨ᠎ᠡ᠂ ᠥᠷᠭᠡᠨ ᠤᠯᠠᠨ ᠬᠤᠳᠠ ᠶᠢᠨ ᠠᠷᠠᠳ ᠤᠨ ᠶᠠᠪᠤᠵᠤ ᠰᠠᠭᠤᠬᠤ ᠶᠢᠨ ᠠᠮᠤᠷ ᠲᠦᠪᠰᠢᠨ ᠢ ᠪᠠᠲᠤᠯᠠᠵᠤ᠂  ᠰᠠᠶᠢᠨ ᠰᠠᠶᠢᠬᠠᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠬᠥᠨᠳᠡᠯᠡᠨ ᠲᠣᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ ᠠᠴᠠ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠵᠢᠴᠢ ᠥᠷᠭᠡᠨ ᠤᠯᠠᠨ ᠬᠤᠳᠠ ᠶᠢᠨ ᠨᠠᠶᠢᠵᠠ ᠨᠠᠷ ᠲᠤ ᠰᠠᠨᠠᠭᠠᠴᠢᠯᠠᠭ᠎ᠠ ᠭᠠᠷᠭᠠᠪᠠ᠄      ᠨᠢᠭᠡ᠂ ᠡᠯ᠎ᠡ ᠨᠠᠮ ᠵᠠᠰᠠᠭ ᠤᠨ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠪᠦᠷᠢᠯᠳᠦᠬᠦᠨ ᠨᠢᠭᠡᠴᠡ ᠪᠣᠯᠤᠨ ᠡᠯ᠎ᠡ ᠱᠠᠲᠤᠨ ᠤ ᠪᠣᠯᠪᠠᠰᠤᠨ ᠪᠠᠶᠢᠭᠤᠯᠤᠯᠭ᠎ᠠ ᠶᠢᠨ ᠨᠢᠭᠡᠴᠡ ᠲᠦᠷᠦᠬᠦᠯᠤᠨ ᠳᠠᠭᠤᠷᠢᠶᠠᠯ ᠪᠣᠯᠵᠦ᠂ ᠠᠵᠢᠯᠯᠠᠬᠤ ᠲᠣᠭᠤᠷᠢᠭ᠂ ᠬᠡᠷ ᠪᠦᠯᠢ ᠶᠢᠨ ᠬᠦᠷᠢᠶᠡᠯᠡᠩ ᠵᠢᠴᠢ ᠡᠷᠬᠢᠨ ᠲᠣᠭᠤᠷᠢᠨ ᠤ ᠬᠤᠷᠠᠭᠰᠠᠨ ᠴᠠᠰᠤ ᠶᠢ ᠴᠡᠪᠡᠷᠯᠡᠵᠦ᠂ ᠴᠠᠰᠤ ᠶᠢ ᠠᠷᠢᠯᠭᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠤᠳᠠ ᠶᠢᠨ ᠵᠠᠮ ᠤᠨ ᠠᠮᠤᠷ ᠲᠦᠪᠰᠢᠨ ᠰᠠᠭᠠᠳ ᠦᠬᠡᠢ ᠨᠡᠪᠲᠡᠷᠡᠬᠦ ᠶᠢ ᠪᠠᠲᠤᠯᠠᠵᠤ᠂ ᠮᠠᠨ ᠤ ᠬᠤᠳᠠ ᠢᠶᠠᠨ ᠴᠡᠪᠡᠷ ᠠᠷᠢᠭᠤᠨ ᠪᠠᠶᠢᠯᠭᠠᠶ᠎ᠠ᠃    ᠬᠤᠶᠠᠷ᠂ ᠡᠯ᠎ᠡ ᠵᠡᠭᠡᠯᠢ ᠳᠠᠭᠠᠤ ᠶᠢᠨ ᠨᠢᠭᠡᠴᠡ ᠪᠣᠯᠤᠨ ᠬᠤᠳᠠᠯᠳᠤᠭᠠᠨ ᠤ ᠡᠷᠦᠬᠡ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠭᠤᠯᠬᠤ︾ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠪᠡᠷ ᠤᠨ ᠭᠡᠷ ᠤᠨ ᠡᠭᠦᠳᠡᠨ ᠡᠮᠦᠨᠡᠬᠢ ᠮᠥᠰᠥ ᠴᠠᠰᠤ ᠶᠢ ᠴᠡᠪᠡᠷᠯᠡᠬᠦ ᠠᠴᠠ ᠡᠬᠢᠯᠡᠨ ᠬᠢᠵᠦ᠂ ᠪᠤᠵᠠᠷ ᠤᠰᠤ᠂ ᠬᠤᠭ ᠨᠣᠪᠰᠢ ᠶᠢ ᠳᠤᠷ᠎ᠠ ᠪᠠᠷ ᠢᠶᠠᠨ ᠴᠢᠳᠬᠤᠬᠤ ᠦᠭᠡᠢ ᠪᠠᠶᠢᠬᠤ ᠶᠢᠨ ᠲᠠᠭᠤ᠂ ᠴᠡᠪᠡᠷ ᠲᠡᠭᠰᠢ ᠪᠠᠶᠢᠬᠤ ᠶᠢ ᠪᠠᠲᠤᠯᠠᠵᠤ᠂ ᠬᠤᠳᠠ ᠶᠢᠨ ᠠᠷᠠᠳ ᠤᠨ ᠠᠮᠤᠷ ᠲᠦᠪᠰᠢᠨ ᠢᠶᠠᠷ ᠭᠠᠳᠠᠭᠰᠢ ᠭᠠᠷᠬᠤ ᠳᠤ ᠲᠦᠬᠦᠮ ᠦᠵᠡᠭᠦᠯᠬᠦ ᠶᠢᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃        ᠭᠤᠷᠪᠠ᠂ ᠡᠯ᠎ᠡ ᠵᠡᠭᠡᠯᠢ ᠪᠠᠯᠭᠠᠰᠤ᠂ ᠨᠡᠶᠢᠭᠡᠮ ᠲᠣᠭᠤᠷᠢᠭ ︵ᠲᠣᠰᠬᠤᠨ︶ ᠨᠢ ᠲᠣᠰ ᠬᠠᠷᠢᠶ᠎ᠠ ᠣᠷᠣᠨ ᠤ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠵᠡᠭᠡᠯᠢ ᠭᠤᠳᠤᠮᠵᠢ ᠪᠠ ᠰᠠᠭᠤᠭᠠᠯᠢ ᠠᠷᠠᠳ ᠤᠨ ᠲᠣᠭᠤᠷᠢᠭ ᠤᠨ ᠴᠠᠰᠤ ᠮᠥᠰᠥ ᠶᠢ ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢ ᠰᠢᠮᠳᠠᠭᠤᠯᠵᠤ ᠪᠠᠶᠢᠭᠠᠳ ᠡᠭᠦᠳᠡᠨ ᠡᠮᠦᠨᠡᠬᠢ ᠴᠠᠰᠤ ᠪᠠᠨ ᠥᠪᠡᠰᠦᠪᠡᠨ ᠠᠷᠢᠯᠭᠠᠵᠤ᠂ ᠴᠠᠰᠤ ᠮᠥᠰᠥ ᠠᠴᠠ ᠪᠣᠯᠤᠭᠰᠠᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠬᠤᠲᠠ ᠶᠢᠨ ᠠᠷᠠᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠲᠥᠬᠦᠮ ᠦᠵᠡᠭᠦᠯᠤᠨ᠎ᠠ᠃     ᠲᠦᠷᠪᠡ᠂ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠭᠡᠨ ᠤᠯᠠᠨ ᠰᠠᠶᠢᠨ ᠲᠤᠷᠠᠴᠤᠳ ᠢ ᠲᠠᠶᠢᠴᠢᠯᠠᠨ ᠵᠣᠬᠢᠶᠠᠨ ᠪᠠᠶᠢᠭᠤᠯᠵᠤ ᠰᠠᠨᠠᠭᠠᠴᠢᠯᠠᠭ᠎ᠠ ᠠᠴᠠ ᠪᠠᠨ ᠲᠡᠷᠭᠡᠨ ᠦᠷᠳᠡᠭᠡ᠂ ᠠᠭᠤᠳᠠᠮ ᠲᠠᠯᠠᠪᠠᠢ᠂ ᠴᠡᠴᠡᠷᠯᠢᠭ᠂ ᠭᠤᠣᠯ ᠵᠠᠮ ᠱᠤᠭᠤᠮ᠂ ᠵᠡᠭᠡᠯᠢ ᠭᠤᠳᠤᠮᠵᠢ ᠵᠢᠴᠢ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ ᠬᠤᠷᠠᠭᠰᠠᠨ ᠴᠠᠰᠤ ᠮᠥᠰᠥ ᠶᠢ ᠴᠡᠪᠡᠷᠯᠡᠨ ᠠᠷᠢᠯᠭᠠᠵᠤ᠂ ᠴᠠᠰᠤ ᠮᠥᠰᠥ ᠶᠢ ᠠᠷᠢᠯᠭᠠᠬᠤ ᠠᠵᠢᠯᠯᠠᠭ᠎ᠠ ᠳᠤᠮᠳᠠ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠢᠳᠡᠪᠬᠢ ᠬᠦᠴᠦᠨ ᠢ  ᠲᠠᠮᠵᠢᠭᠤᠯᠤᠨ᠎ᠠ᠃    ᠲᠠᠪᠤ᠂ ᠬᠤᠲᠠ ᠶᠢᠨ ᠠᠷᠠᠳ ᠰᠠᠨᠠᠭᠠᠴᠢᠯᠠᠭ᠎ᠠ ᠠᠴᠠ ᠪᠠᠨ ᠵᠡᠭᠡᠯᠢ ᠳᠤ ᠭᠠᠷᠴᠤ ᠴᠠᠰᠤ ᠮᠥᠰᠥ ᠠᠷᠢᠯᠭᠠᠬᠤ ᠠᠵᠢᠯᠯᠠᠭ᠎ᠠ ᠳᠤ ᠣᠷᠣᠯᠴᠠᠵᠤ᠂ ᠨᠢᠭᠡ ᠬᠤᠪᠢ ᠬᠦᠴᠦᠨ ᠴᠢᠳᠠᠯ ᠢᠶᠠᠨ ᠡᠷᠭᠦᠵᠦ᠂ ᠤᠯᠠᠨ ᠳᠤ ᠲᠥᠬᠦᠮ ᠦᠵᠡᠭᠦᠯᠦᠨ ᠂ ᠪᠣᠯᠪᠠᠰᠤᠨ ᠬᠤᠲᠠ ᠶᠢᠨ ᠠᠷᠠᠳ ᠪᠣᠯᠬᠤ ᠪᠠᠷ ᠴᠢᠷᠮᠠᠶᠢᠵᠤ᠂ ᠭᠠᠳᠠᠭᠰᠢ ᠭᠠᠷᠬᠤ ᠳᠠᠭᠠᠨ ᠪᠣᠬᠢᠷᠲᠤᠯ ᠥᠬᠡᠶ ᠪᠠᠷ ᠭᠠᠳᠠᠭᠰᠢ ᠭᠠᠷᠬᠤ ᠶᠢ ᠰᠠᠨᠠᠭᠠᠴᠢᠯᠠᠵᠤ᠂ ᠮᠠᠰᠢᠨ ᠲᠡᠷᠭᠡ ᠵᠢᠯᠣᠭᠤᠳᠬᠤ ᠶᠢ ᠪᠠᠭᠠᠰᠬᠠᠨ᠂ ᠬᠤᠲᠠ ᠶᠢᠨ ᠵᠠᠮ ᠬᠠᠷᠢᠯᠴᠠᠭᠠᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠶ᠃      ᠵᠢᠷᠭᠤᠭ᠎ᠠ᠂ ᠮᠠᠰᠢᠨ ᠲᠡᠷᠭᠡᠨ ᠤ ᠵᠢᠯᠣᠭᠤᠴᠢ ᠮᠥᠰᠥ ᠴᠠᠰᠤᠨ ᠵᠠᠮ ᠢᠶᠠᠷ ᠶᠠᠪᠤᠬᠤ ᠳᠠᠭᠠᠨ ᠠᠩᠬᠠᠷᠴᠤ᠂ ᠪᠣᠯᠪᠠᠰᠤᠨ ᠢᠶᠠᠷ ᠵᠢᠯᠣᠭᠤᠳᠬᠤ ᠶᠢ ᠤᠬᠠᠭᠤᠯᠵᠤ᠂ ᠶᠠᠪᠠᠭᠠᠨ ᠬᠥᠮᠦᠨ ᠤᠴᠠᠷᠠᠪᠠᠯ ᠰᠠᠨᠠᠭᠠᠴᠢᠯᠠᠭ᠎ᠠ ᠠᠴᠠ ᠪᠠᠨ ᠵᠠᠶᠢᠯᠠᠵᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠶᠢ ᠳᠠᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠬᠥᠳᠡᠯᠮᠦᠷᠢ ᠶᠢᠨ ᠦᠷ᠎ᠡ ᠪᠦᠲᠦᠭᠡᠯ ᠢ ᠬᠦᠨᠳᠦᠳᠬᠡᠨ᠎ᠠ᠃      ᠥᠷᠭᠡᠨ ᠤᠯᠠᠨ ᠬᠤᠳᠠ ᠶᠢᠨ ᠠᠷᠠᠳ᠂ ᠪᠢᠳᠡ ᠪᠣᠯ ᠡᠨᠡ ᠬᠤᠳᠠ ᠶᠢᠨ ᠡᠵᠡᠨ ᠮᠥᠨ᠂ ᠬᠥᠨᠳᠡᠯᠡᠨ ᠲᠣᠭᠤᠷᠢᠭ ᠢ ᠪᠦᠳᠦᠭᠡᠨ ᠪᠠᠶᠢᠭᠤᠯᠬᠤ ᠪᠠ ᠭᠤᠶᠤᠵᠢᠭᠤᠯᠬᠤ ᠪᠣᠯ ᠬᠤᠳᠠ ᠶᠢᠨ ᠠᠷᠠᠳ ᠨᠢᠭᠡᠪᠦᠷᠢ ᠶᠢᠨ ᠬᠠᠷᠢᠭᠤᠴᠠᠯᠭ᠎ᠠ ᠮᠥᠨ᠃ ᠪᠢᠳᠠ ᠢᠳᠡᠪᠬᠢᠲᠡᠢ ᠪᠠᠷ ᠬᠥᠳᠡᠯᠦᠯᠴᠡᠵᠦ᠂ ᠤᠳᠤ ᠠᠴᠠ ᠡᠬᠢᠯᠡᠨ ᠬᠢᠵᠦ᠂ ᠬᠥᠮᠦᠨ ᠪᠦᠬᠦᠨ ᠬᠥᠳᠡᠯᠦᠯᠴᠡᠵᠦ᠂ ᠴᠠᠰᠤ ᠮᠥᠰᠥ ᠶᠢ ᠠᠷᠢᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠪᠦᠬᠦ ᠲᠤᠭᠤᠷᠢᠭ ᠤᠨ ᠵᠠᠮ  ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠪᠠ ᠬᠤᠳᠠ ᠶᠢᠨ ᠪᠣᠯᠪᠠᠰᠤᠨ ᠡᠶ᠎ᠡ ᠵᠣᠬᠢᠴᠠᠩᠭᠤᠢ ᠶᠢ ᠪᠠᠲᠤᠯᠠᠬᠤ ᠳᠤ ᠬᠤᠪᠢ ᠨᠡᠮᠡᠷᠢ ᠪᠠᠨ ᠦᠵᠡᠭᠦᠯᠦᠶ᠎ᠡ᠃ ᠡᠭᠦᠨ ᠤ ᠬᠠᠮᠲᠤ᠂ ᠥᠷᠭᠡᠨ ᠣᠯᠠᠨ ᠬᠤᠲᠠ ᠶᠢᠨ ᠠᠷᠠᠳ ᠣᠯᠠᠨ ᠴᠠᠰᠤ ᠮᠥᠰᠥ ᠶᠢ ᠠᠷᠢᠯᠭᠠᠬᠤ ᠳᠤᠮᠳᠠ ᠥᠪᠡᠷ ᠤᠨ ᠠᠮᠤᠷ ᠲᠦᠪᠰᠢᠨ ᠢᠶᠠᠨ ᠪᠠᠲᠤᠯᠠᠬᠤ ᠬᠡᠷᠡᠭᠲᠡᠶ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号