ᠨᠢᠭᠡ᠂ ᠶᠠᠭᠤᠨ ᠤ ᠤᠴᠢᠷ ᠠᠴᠠ ︽ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ ᠪᠤᠢ︖ | ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠮᠤᠵᠢ ᠠᠴᠠ ᠳᠣᠷᠣᠭᠰᠢᠬᠢ ᠡᠳ᠋ ᠤᠨ ᠵᠠᠰᠠᠭ ᠤᠨ ᠡᠷᠬᠡ | ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠤ | ᠥᠭᠡᠷᠡᠴᠢᠯᠡᠯᠲᠡ ᠶᠢᠨ ᠲᠥᠰᠦᠯ ᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠤᠰᠠᠳᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠳᠠᠬᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ︵ᠲᠥᠷᠥ ᠠᠯᠪᠠᠨ | ᠲᠠᠷᠬᠠᠭᠠᠭᠰᠠᠨ ︹2020︺ 19 ᠳ᠋ᠦ᠋ᠭᠡᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ | ︹2018︺ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠬᠤᠶᠠᠷ᠂ ︽ᠬᠡᠷᠡᠭᠵᠢᠭᠦᠯᠬᠦ ᠲᠥᠰᠦᠯ︾ ᠤᠨ ᠶᠡᠷᠦᠩᠬᠡᠶ ᠱᠠᠭᠠᠷᠳᠠᠯᠭ᠎ᠠ ᠪᠠ ᠬᠠᠷᠠᠯᠲᠠ ᠡᠭᠦᠷᠭᠡ ᠨᠢ ᠶᠠᠭᠤ ᠪᠤᠢ | ︖ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠦᠬᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠤᠨ ᠡᠷᠬᠡ ᠪᠣᠯᠤᠨ | ᠡᠳ᠋ ᠤᠨ ᠵᠠᠰᠠᠭ ᠤᠨ ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠦᠨ᠎ᠡ᠃ ᠡᠷᠬᠡ ᠬᠠᠷᠢᠭᠤᠴᠠᠯᠭ᠎ᠠ ᠲᠣᠳᠣᠷᠬᠠᠶ᠂ | ᠡᠳ᠋ ᠤᠨ ᠬᠦᠴᠦᠨ ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ ᠪᠦᠬᠦᠢ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠵᠤ᠂ ᠲᠣᠭᠲᠠᠪᠤᠷᠢᠲᠠᠶ ᠵᠠᠰᠠᠭ ᠤᠨ ᠣᠷᠳᠣᠨ ᠤ | ᠠᠵᠢᠯ ᠶᠠᠪᠤᠳᠠᠯ ᠤᠨ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠬᠠᠷᠢᠯᠴᠠᠨ ᠵᠣᠬᠢᠴᠠᠯᠳᠤᠭᠰᠠᠨ | ᠲᠦᠷᠢᠮ ᠢ ᠪᠣᠶ ᠪᠣᠯᠭᠠᠨ᠎ᠠ᠃ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠶᠢᠨ ᠬᠠᠮᠠᠭᠠᠯᠠᠯᠲᠠ ᠪᠠ ᠵᠦᠢ ᠵᠣᠬᠢᠰᠲᠠᠶ ᠠᠰᠢᠭᠯᠠᠯᠲᠠ ᠶᠢ | ᠠᠬᠢᠭᠤᠯᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠂ ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠬᠤ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ | ᠣᠷᠣᠰᠢᠬᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | ᠭᠤᠷᠪᠠ᠂ ︽ᠬᠡᠷᠡᠭᠵᠢᠭᠦᠯᠬᠦ ᠲᠥᠰᠦᠯ︾ ᠤᠨ ᠭᠤᠣᠯ ᠠᠭᠤᠯᠭ᠎ᠠ ᠨᠢ ᠶᠠᠭᠤ ᠶᠠᠭᠤ ᠪᠤᠢ︖ | ︽ᠣᠷᠣᠨ ᠨᠤᠲᠤᠭ ᠤᠨ ᠨᠡᠩ ᠳᠡᠭᠡᠳᠦ ᠨᠢᠭᠡ ᠱᠠᠲᠤᠨ ᠤ ᠵᠠᠰᠠᠭ ᠤᠨ ᠣᠷᠳᠣᠨ ᠤ ᠡᠭᠦᠷᠭᠡᠯᠡᠬᠦ ᠳᠤ | ᠲᠣᠬᠢᠷᠠᠮᠵᠢᠲᠠᠶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠡᠭᠡᠭᠰᠢ ᠰᠢᠯᠵᠢᠭᠦᠯᠵᠦ᠂ ᠦᠨᠳᠦᠰᠦᠨ ᠱᠠᠲᠤᠨ ᠤ ᠵᠠᠰᠠᠭ ᠤᠨ | ᠣᠷᠳᠣᠨ ᠤ ᠬᠡᠳᠦ ᠣᠯᠠᠨ ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠬᠦ ᠠᠴᠠ ᠵᠠᠶᠢᠯᠠᠰᠬᠢᠬᠦ︾ ᠵᠠᠷᠴᠢᠮ ᠶᠣᠰᠣᠭᠠᠷ᠂ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠰᠢᠨᠵᠢᠬᠦ᠂ | ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠯ ᠤᠨ ᠡᠷᠬᠡ ᠶᠢᠨ ᠬᠠᠮᠢᠶᠠᠷᠤᠯᠲᠠ᠂ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠯᠡᠯᠲᠡ ᠶᠢᠨ ᠬᠠᠮᠢᠶᠠᠷᠤᠯᠲᠠ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ | ᠪᠠᠶᠢᠭᠠᠯᠢ ᠶᠢᠨ ᠡᠬᠢ ᠪᠠᠶᠠᠯᠢᠭ ᠤᠨ ᠠᠮᠤᠷ ᠲᠦᠪᠰᠢᠨ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠭᠠᠶ | ᠭᠠᠮᠰᠢᠭ ᠢ ᠰᠡᠷᠭᠡᠶᠢᠯᠡᠨ ᠵᠠᠰᠠᠬᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠪᠤᠰᠤᠳ ᠵᠦᠢᠯ ᠵᠡᠷᠭᠡ 7 | ᠲᠠᠯ᠎ᠠ ᠶᠢᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶ | ᠲᠣᠭᠲᠠᠭᠠᠪᠠ᠃ | ᠳᠥᠷᠪᠡ᠂ ︽ᠬᠡᠷᠡᠭᠵᠢᠭᠦᠯᠬᠦ ᠲᠥᠰᠦᠯ︾ ᠤᠨ ᠨᠠᠶᠢᠳᠠᠪᠤᠷᠢᠵᠢᠭᠤᠯᠤᠯᠲᠠ ᠶᠢ ᠬᠡᠷᠬᠢᠨ ᠠᠬᠢᠭᠤᠯᠬᠤ ᠪᠣᠶ︖ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠴᠠᠭᠤᠯᠤᠨ | ᠬᠠᠮᠵᠢᠯᠴᠠᠬᠤ ᠪᠠᠨ ᠨᠢᠭᠲᠠᠷᠠᠭᠤᠯᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ︔ ᠬᠤᠶᠠᠷ ᠲᠤ | ᠂ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠳᠤ ᠬᠦᠴᠦᠲᠡᠢ ᠪᠡᠯᠡ ᠮᠥᠩᠭᠦ ᠶᠢᠨ | ᠪᠠᠲᠤᠯᠠᠭ᠎ᠠ ᠬᠠᠩᠭᠠᠨ᠎ᠠ︔ ᠭᠤᠷᠪᠠ ᠳᠤ᠂ ᠬᠤᠯᠪᠣᠭᠳᠠᠯ ᠪᠦᠬᠦᠢ ᠳᠦᠷᠢᠮ ᠢ ᠡᠮᠬᠢᠯᠡᠨ ᠵᠠᠰᠠᠵᠤ ᠪᠦᠷᠢᠨᠰᠢᠭᠦᠯᠦᠨ᠂ | ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠴᠢᠬᠤᠯᠠ ᠶᠡᠭᠡ ᠥᠭᠡᠷᠡᠴᠢᠯᠡᠯᠲᠡ ᠲᠠᠢ ᠣᠷᠭᠠᠨᠢᠭ ᠢᠶᠠᠷ | ᠵᠣᠯᠭᠠᠭᠤᠯᠵᠤ᠂ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | |