2021 ᠣᠨ ᠤ 7 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠂ ᠬᠤᠷᠠᠯ ᠤᠨ ᠳᠠᠷᠠᠭ᠎ᠠ ᠪᠢᠳᠡ ᠨᠠᠮ ᠤᠨ ᠲᠥᠯᠥᠭᠡᠯᠡᠭᠴᠢ ᠰᠢᠩ ᠽᠢ ᠶᠠᠨ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2021/12/25
      ᠰᠢᠩ ᠽᠢ ᠶᠠᠨ᠂ ᠶᠢᠨ ᠱᠦᠵᠢ ᠲᠣᠭᠤᠷᠢᠭ ᠤᠨ ᠨᠠᠮ ᠤᠨ ᠬᠤᠷᠢᠶ᠎ᠠ ᠶᠢ ᠲᠥᠯᠥᠭᠡᠯᠡᠵᠦ ᠠᠵᠢᠯ ᠤᠨ ᠮᠡᠳᠡᠭᠦᠯᠦᠯᠲᠡ ᠬᠢᠵᠤ᠂ ᠡᠭᠦᠨ ᠳᠤ ᠭᠤᠣᠯ ᠰᠡᠳᠦᠪ ᠨᠢ ᠢᠯᠡ ᠲᠤᠳᠤᠷᠬᠠᠢ᠂ ᠠᠭᠤᠯᠭ᠎ᠠ ᠨᠢ ᠪᠦᠷᠢᠨ ᠲᠡᠭᠦᠯᠳᠡᠷ ᠮᠦᠷᠳᠡᠭᠡᠨ ᠭᠤᠣᠯᠳᠠᠯᠭ᠎ᠠ ᠨᠢ ᠲᠤᠪᠤᠶᠢᠮ᠎ᠠ ᠪᠠᠶᠢᠵᠤ᠂ ᠬᠥᠮᠦᠰ ᠤᠨ ᠰᠡᠳᠬᠢᠯ ᠢ ᠵᠤᠷᠢᠭᠵᠢᠭᠤᠯᠤᠭᠰᠨ ᠮᠡᠳᠡᠭᠦᠯᠦᠯᠲᠡ ᠪᠣᠯᠤᠨ᠎ᠠ ᠭᠡᠵᠦ ᠢᠯᠡᠳᠬᠡᠪᠡ᠃ ᠮᠡᠳᠡᠬᠦᠯᠤᠯᠳᠡ ᠳᠤ ᠥᠩᠭᠡᠷᠡᠭᠰᠡᠨ ᠤ ᠠᠵᠢᠯ ᠤᠨ ᠳ᠋ᠦᠩᠨᠡᠯᠲᠡ ᠬᠢᠪᠡ᠂ ᠪᠢ ᠵᠡᠭᠡᠯᠢ ᠭᠤᠳᠤᠮᠵᠢ ᠶᠢᠨ ᠺᠠᠳ᠋ᠷ ᠪᠣᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠬᠦᠨᠳᠦ ᠪᠠᠶᠢᠬᠤ ᠶᠢ ᠨᠡᠩ ᠭᠦᠨᠵᠡᠭᠡᠢ ᠤᠶᠢᠯᠭᠠᠭᠰᠡᠨ ᠪᠠᠶᠢᠨ᠎ᠠ᠃ ᠬᠤᠶᠢᠰᠢᠳᠠ ᠶᠢᠨ ᠲᠠᠪᠤᠨ ᠵᠢᠯ ᠳᠤ᠂ ᠪᠢᠳᠡ ᠯᠠᠪᠳᠠᠢ ᠦᠨᠳᠦᠰᠦᠨ ᠱᠠᠲᠤᠨ ᠤ ᠠᠵᠢᠯ ᠤᠨ ᠪᠣᠳᠠᠲᠤ ᠪᠠᠶᠢᠳᠠᠯ ᠪᠠ ᠤᠯᠠᠨ ᠲᠦᠮᠡᠨ ᠤ ᠬᠦᠰᠡᠯ ᠡᠷᠡᠮᠡᠯᠵᠡᠯ ᠳᠤ ᠰᠠᠭᠤᠷᠢᠯᠠᠨ᠂ ᠲᠠᠰᠤᠷᠠᠯᠳᠠ ᠦᠭᠡᠢ ᠰᠤᠷᠤᠯᠴᠠᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠨᠡᠩ ᠰᠠᠶᠢᠲᠤᠷ ᠦᠢᠯᠡᠴᠢᠯᠡᠵᠦ᠂ ᠬᠦᠨᠳᠡᠯᠡᠨ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠥᠪᠡᠷ ᠤᠨ ᠬᠦᠴᠦᠨ ᠢᠶᠠᠨ ᠡᠷᠭᠦᠨ᠎ᠡ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号