ᠬᠥᠨᠳᠡᠯᠡᠨ ᠲᠣᠭᠤᠷᠢᠭ ᠤᠨ ᠵᠠᠰᠠᠭ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠬᠦᠢᠴᠡᠳᠬᠡᠬᠦ︾ ᠠᠵᠢᠯ ᠤᠨ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠲᠡᠯᠭᠡᠷᠡᠭᠦᠯᠬᠦ
ᠨᠡᠶᠢᠲᠡᠯᠡᠭᠰᠡᠨ ᠴᠠᠭ᠄
2021/12/8
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠨᠢᠭᠡ ᠰᠦᠯᠵᠢᠶ᠎ᠡ ᠪᠠᠷ ᠬᠦᠢᠴᠡᠳᠬᠡᠬᠦ ﹀ ᠠᠵᠢᠯ ᠤᠨ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠲᠡᠯᠭᠡᠷᠡᠭᠦᠯᠬᠦ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠤᠯᠤᠨ ᠬᠦᠢᠴᠡᠳᠬᠡᠬᠦ ᠳᠤ ᠬᠢᠯᠪᠠᠷ ᠪᠠᠶᠢᠳᠠᠯ ᠢ ᠲᠦᠷᠭᠡᠳᠬᠡᠨ ᠳᠡᠭᠡᠭᠰᠢᠯᠡᠭᠦᠯᠵᠦ᠂  ︽ᠬᠠᠮᠤᠭ ᠤᠨ ᠴᠥᠭᠡᠨ᠂ ᠬᠠᠮᠤᠭ ᠤᠨ ᠬᠤᠷᠳᠤᠨ᠂ ᠬᠠᠮᠤᠭ ᠤᠨ ᠰᠠᠶᠢᠨ︾  ᠵᠠᠰᠠᠭ ᠤᠨ ᠶᠠᠪᠤᠳᠠᠯ ᠤᠨ ᠣᠷᠴᠢᠨ ᠨᠦᠬᠦᠴᠡᠯ ᠪᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠬᠤ ᠶᠢᠨ ᠲᠦᠯᠤᠬᠡ ᠮᠠᠨ ᠤ ᠲᠤᠭᠤᠷᠢᠭ ᠤᠨ ᠪᠣᠳᠠᠲᠠᠶ ᠲᠠᠢ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠳᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢᠶᠠᠷ ᠲᠦᠪᠯᠡᠷᠡᠭᠦᠯᠭᠦ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠣ᠂ ᠠᠵᠤ ᠠᠬᠤᠶᠢᠯᠠᠯ ᠣᠯᠠᠨ ᠲᠦᠮᠡᠨ ᠤ ᠠᠵᠢᠯᠯᠠᠬᠤ ᠳᠤ ᠨᠠᠩ ᠥᠨᠳᠥᠷ ᠪᠦᠲᠦᠮᠵᠢᠲᠡᠶ᠂ ᠨᠠᠩ ᠳᠥᠭᠦᠮ ᠳᠥᠲᠡ ᠪᠠᠶᠢᠬᠤ ᠪᠠᠷ ᠤᠳᠤᠷᠢᠳᠤᠮᠵᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠮᠥᠩᠬᠡ ᠰᠤᠪᠠᠭ︾ ᠲᠠᠢ ᠤᠶᠠᠯᠳᠤᠭᠤᠯᠵᠤ᠂ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠬᠠᠮᠵᠢᠯᠴᠠᠨ ᠬᠦᠢᠴᠡᠳᠬᠡᠵᠤ᠂ ᠶᠡᠷᠦᠩᠬᠡᠶᠢᠯᠡᠨ ᠬᠠᠮᠢᠶᠠᠷᠬᠤ ᠶᠢ ᠨᠢᠭᠡ ᠴᠣᠠᠠᠴᠠᠵᠢᠭᠤᠯᠥᠠᠠᠰᠠᠨ ︽ᠨᠢᠭᠡ ᠰᠦᠯᠵᠢᠶ᠎ᠡ ᠪᠠᠷ ᠬᠦᠢᠴᠡᠳᠬᠡᠬᠦ︾ ᠦᠢᠯᠡᠴᠢᠯᠡᠭᠡᠨ ᠤ ᠰᠢᠰᠲ᠋ᠧᠮ ᠶᠢ ᠪᠦᠷᠢᠯᠳᠦᠭᠦᠯᠵᠦ᠂ ᠰᠦᠯᠵᠢᠶᠡᠨ ᠳᠡᠭᠡᠷ᠎ᠡ ᠬᠦᠢᠴᠡᠳᠬᠡᠬᠦ ᠳᠤ ᠨᠡᠩ ᠬᠢᠯᠪᠠᠷ ᠪᠣᠯᠭᠠᠨ᠎ᠠ     ︵ᠬᠤᠶᠠᠷ︶ ᠭᠤᠣᠯ ᠬᠠᠷᠠᠯᠲᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠰᠡᠨ ᠪᠠᠶᠢᠳᠠᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠪᠦᠲᠦᠮᠵᠢ ᠶᠢ ᠰᠢᠯᠭᠠᠨ ᠬᠢᠨᠠᠬᠤ ᠵᠢᠴᠢ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠡᠯᠡᠬᠦ ᠳᠤ ᠣᠷᠣᠰᠢᠵᠤ ᠪᠠᠶᠢᠭ᠎ᠠ ᠠᠰᠠᠭᠤᠳᠠᠯ ᠢᠶᠠᠷ ᠬᠠᠷᠭᠤᠭᠤᠯᠵᠤ᠂  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠡᠷᠡᠭᠯᠡᠭᠴᠢ᠂ ᠰᠢᠰᠲ᠋ᠧᠮ᠂ ᠲᠤᠭ᠎ᠠ ᠪᠠᠷᠢᠮᠲᠠ ᠪᠠ ᠲᠤᠬᠠᠶᠢᠯᠠᠭᠰᠠᠨ ᠠᠵᠢᠯ ᠢ ᠲᠦᠷᠭᠡᠳᠬᠡᠨ ᠨᠡᠪᠲᠡᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠳᠠᠬᠢᠨ ᠵᠣᠬᠢᠶᠠᠵᠤ᠂ ᠲᠤᠭ᠎ᠠ ᠪᠠᠷᠢᠮᠲᠠ ᠢ ᠬᠠᠮᠲᠤᠪᠠᠷ ᠡᠳ᠋ᠯᠡᠬᠦ ᠶᠢ ᠠᠬᠢᠭᠤᠯᠤᠨ᠂  ᠨᠢᠭᠡ ᠠᠴᠠ ᠬᠤᠶᠠᠷ ᠵᠢᠯ ᠤᠨ ᠴᠠᠭ ᠬᠤᠭᠤᠴᠠᠭ᠎ᠠ ᠶᠢ ᠬᠡᠷᠡᠭᠯᠡᠵᠦ ᠪᠠᠶᠢᠭᠠᠳ᠂ 90 % ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠶᠢ ᠪᠡᠶᠡᠯᠡᠭᠦᠯᠦᠨ᠎ᠡ᠃      ᠬᠤᠶᠠᠷ᠂ ᠭᠤᠣᠯ ᠡᠭᠦᠷᠭᠡ    ︵ᠨᠢᠭᠡ︶  ᠦᠶᠯᠡᠴᠢᠯᠡᠭᠡᠨ ᠤ ᠵᠦᠶᠯᠡᠰ ᠤᠨ ᠪᠠᠷᠢᠮᠵᠢᠶᠠᠵᠢᠭᠤᠯᠬᠤ ᠶᠢ ᠠᠬᠢᠭᠤᠯᠤᠨ᠎ᠠ᠃ ᠲᠤᠷᠰᠢᠯᠲᠠ ᠶᠢᠨ ᠴᠢᠭ ᠤᠨ ᠭᠠᠵᠠᠷ ᠣᠷᠣᠨ ᠤ ᠵᠦᠢᠯᠡᠰ ᠢ ᠨᠠᠷᠢᠯᠢᠭᠵᠢᠭᠤᠯᠤᠨ ᠡᠮᠬᠢᠯᠡᠵᠦ ᠳᠠᠬᠢᠨ ᠬᠡᠷᠡᠭᠯᠡᠬᠦ ᠶᠢ ᠪᠠᠶᠢᠩᠭᠤᠵᠢᠭᠤᠯᠤᠨ ᠥᠷᠨᠢᠭᠦᠯᠵᠦ᠂ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠲᠠᠨᠢᠵᠤ ᠠᠪᠴᠤ᠂ ᠬᠡᠷᠡᠭᠵᠢᠭᠦᠯᠬᠦ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠶᠢ ᠲᠦᠷᠭᠡᠳᠬᠡᠬᠦ ᠶᠢᠨ ᠬᠠᠮᠲᠤ ᠰᠦᠯᠵᠢᠶᠡᠨ ᠳᠤ ᠪᠦᠬᠦᠨ ᠢ ᠣᠷᠣᠭᠤᠯᠤᠨ᠂ PC ᠦᠵᠦᠭᠦᠷ᠂ ᠭᠠᠷ ᠤᠲᠠᠰᠤᠨ ᠤ ᠦᠵᠦᠭᠦᠷ᠂ ᠠᠦ᠋ᠲ᠋ᠣ᠋ ᠦᠵᠦᠭᠦᠷ᠂ ᠴᠣᠩᠬᠤᠪᠴᠢ᠂ ᠲᠧᠯᠸᠢᠰ ᠵᠡᠷᠭᠡ ᠵᠠᠮ ᠮᠥᠷ ᠤᠨ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠲᠤᠭ᠎ᠠ ᠪᠠᠷᠢᠮᠲᠠ ᠶᠢ ᠠᠳᠠᠯᠢ ᠰᠤᠷᠪᠤᠯᠵᠢ ᠲᠠᠢ ᠪᠣᠯᠬᠤ ᠶᠢ ᠠᠬᠢᠭᠤᠯᠵᠣ᠂ ᠡᠯ᠎ᠡ ᠶᠡᠭᠡ ᠲᠠᠩᠬᠢᠮ ᠪᠠᠷᠢᠮᠵᠢᠶᠠᠵᠢᠭᠤᠯᠣᠯᠲᠠ ᠪᠠᠷ ᠭᠥᠯᠢᠶᠡᠨ ᠠᠪᠴᠤ ᠰᠢᠢᠳᠪᠦᠷᠢᠯᠡᠨ᠂ ᠵᠢᠷᠣᠮᠵᠢᠭᠤᠯᠣᠯᠲᠠ ᠪᠠᠷ ᠭᠦᠢᠴᠡᠳᠭᠡᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠪᠠᠶᠢᠭᠤᠯᠤᠨ᠂ ᠬᠤᠯᠪᠤᠭᠳᠠᠯ ᠪᠦᠬᠦᠢ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠰᠠᠯᠠᠭ᠎ᠠ ᠮᠦᠴᠢᠷ ᠵᠠᠪᠠᠯ ᠨᠢᠬᠡᠳᠤᠯᠳᠠᠢ ᠪᠠᠷᠢᠮᠵᠢᠶ᠎ᠠ ᠢᠶᠠᠷ ᠣᠯᠠᠨ ᠨᠡᠶᠢᠲᠡ ᠶᠢᠨ ᠦᠢᠯᠡᠴᠢᠯᠡᠭᠡ ᠶᠢ ᠬᠠᠩᠭᠠᠨ᠎ᠠ ︵ᠳᠠᠭᠠᠯᠳᠤᠭᠤᠯᠤᠯ 1 ᠳᠤ ᠦᠵᠡ︶᠃ ᠡᠯ᠎ᠡ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠬᠢᠭᠡᠳ ᠨᠢᠭᠡ ᠴᠣᠭᠴᠠᠵᠢᠭᠤᠯᠤᠭᠰᠠᠨ ᠲᠠᠪᠴᠠᠩ ᠤᠨ ᠵᠦᠢᠯᠠᠰ ᠤᠨ ᠨᠠᠷᠢᠨ ᠲᠠᠩᠰᠠ ᠢ ᠬᠠᠷᠭᠤᠭᠤᠯᠬᠤ  ᠶᠢ ᠪᠠᠳᠤᠯᠠᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶            ︵ᠬᠤᠶᠠᠷ︶ ᠨᠢᠭᠡ ᠴᠣᠭᠴᠠᠵᠢᠭᠤᠯᠤᠭᠰᠠᠨ ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠲᠤᠭᠤᠷᠢᠭ ᠤᠨ ᠵᠠᠰᠠᠭ ᠵᠠᠬᠢᠷᠭᠠᠨ ᠤ ᠡᠷᠬᠡ ᠶᠢᠨ ᠨᠢᠭᠡᠳᠦᠯᠲᠡᠶ ᠵᠦᠢᠯᠡᠰ ᠤᠨ ᠨᠠᠷᠢᠨ ᠲᠠᠩᠰᠠ ᠪᠠᠷ ᠪᠠᠷᠢᠮᠵᠢᠶ᠎ᠠ ᠪᠣᠯᠭᠠᠵᠤ᠂ ︽ᠨᠢᠭᠡ ᠢᠵᠢ ᠬᠦᠰᠦᠨᠦᠭᠲᠦ ᠪᠠᠷ ᠭᠤᠶᠤᠴᠢᠯᠠᠬᠤ︾ ᠦᠢᠯᠡᠴᠢᠯᠡᠭᠡ ᠶᠢ ᠬᠡᠷᠡᠭᠵᠢᠭᠦᠯᠦᠨ᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠬᠠᠷᠢᠯᠴᠠᠨ ᠨᠢᠭᠡᠳᠭᠡᠬᠦ ᠶᠢ ᠠᠬᠢᠭᠤᠯᠵᠤ᠂ ︽ᠨᠢᠭᠡ ᠬᠥᠮᠦᠨ ᠳᠤ ᠨᠢᠭᠡ ᠲᠠᠩᠰᠠ ᠡᠪᠬᠡᠮᠡᠯ︾᠂ ︽ᠨᠢᠭᠡ ᠠᠵᠤ ᠠᠬᠤᠶᠢᠯᠠᠯ ᠳᠤ ᠨᠢᠭᠡ ᠲᠠᠩᠰᠠ ᠡᠪᠬᠡᠮᠡᠯ︾ ᠤᠨ ᠵᠠᠭᠪᠤᠷ ᠲᠠᠢ ᠬᠦᠮᠤᠰ ᠪᠠ ᠬᠠᠤᠯᠢ ᠶᠢᠨ ᠡᠷᠬᠡᠲᠡᠨ ᠢ ᠪᠠᠶᠢᠭᠤᠯᠤᠨ ᠪᠦᠷᠢᠨᠰᠢᠭᠦᠯᠦᠨ᠎ᠡ᠃ 2021 ᠣᠨ ᠤ ᠰᠡᠭᠦᠯᠴᠢ ᠠᠴᠠ ᠡᠮᠦᠨ᠎ᠡ᠂ ᠡᠯ᠎ᠡ ᠰᠠᠯᠠᠭ᠎ᠠ ᠮᠥᠴᠢᠷ ︽ᠬᠦᠯᠢᠶᠡᠨ ᠠᠪᠬᠤ ᠶᠣᠰᠣᠲᠠᠶ ᠶᠢ ᠨᠢ ᠪᠦᠬᠦᠨ ᠢ ᠬᠦᠯᠢᠶᠡᠨ ᠠᠪᠬᠤ︾ ᠱᠠᠭᠠᠷᠳᠠᠯᠭ᠎ᠠ ᠶᠣᠰᠣᠭᠠᠷ᠂ ︽ᠮᠥᠩᠬᠡ ᠰᠤᠪᠠᠭ︾ ᠤᠨ PC ᠦᠵᠦᠭᠦᠷ ᠪᠠ ᠰᠢᠯᠵᠢᠮᠡᠯ ᠦᠵᠦᠭᠦᠷ ︵ᠳᠠᠭᠠᠯᠳᠤᠭᠤᠯᠤᠯ 2 ᠲᠤ ᠦᠵᠡ︶ ᠢ ᠵᠠᠯᠭᠠᠨ ᠣᠷᠣᠭᠤᠯᠬᠤ ᠬᠡᠷᠡᠭᠲᠡᠶ᠃ ᠢᠯᠠᠩᠭᠤᠶ᠎ᠠ ᠵᠡᠭᠡᠯᠢ ᠪᠠᠯᠭᠠᠰᠤ᠂ ᠲᠣᠰᠬᠤᠨ ᠤ ᠰᠠᠭᠤᠭᠠᠯᠢ ᠠᠷᠠᠳ ᠤᠨ ᠠᠵᠤ ᠠᠬᠤᠶᠢᠯᠠᠯ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ︽ᠪᠤᠭᠤᠲᠤ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾᠂ ︽ᠪᠤᠭᠤᠳᠤ ᠬᠤᠲᠠ ᠶᠢᠨ ᠴᠣᠩᠬᠤ︾ ᠶᠢᠨ ᠠᠦ᠋ᠲ᠋ᠣ᠋ ᠦᠵᠦᠭᠦᠷ᠂ ︽ᠮᠥᠩᠬᠡ ᠰᠤᠪᠠᠭ︾ ︵ᠣᠶᠢᠷ᠎ᠠ ᠶᠢᠨ ᠬᠤᠭᠤᠴᠠᠭᠠᠨ ᠳᠤ ᠨᠡᠪᠲᠡᠷᠡᠪᠡ︶ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ᠂ ᠬᠦᠢᠴᠡᠳᠬᠡᠬᠦ ᠵᠦᠢᠯᠡᠰ ᠢ ᠳᠡᠭᠡᠭᠰᠢᠯᠡᠭᠦᠯᠬᠦ ᠬᠡᠷᠡᠭᠲᠡᠶ᠃ ᠰᠦᠯᠵᠢᠶ᠎ᠡ ᠪᠠᠷ ᠮᠡᠳᠡᠭᠦᠯᠬᠦ ᠵᠦᠢᠯᠡᠰ᠂ ᠬᠡᠷᠡᠭ ᠡᠷᠭᠢᠯᠡᠬᠦ ᠰᠠᠯᠠᠭ᠎ᠠ ᠮᠥᠴᠢᠷ ᠨᠢ ᠨᠢᠭᠡ ᠴᠣᠠᠠᠴᠠᠵᠢᠭᠤᠯᠥᠠᠠᠰᠠᠨ ᠲᠠᠪᠴᠠᠩ ᠢ ᠬᠡᠷᠡᠭᠯᠡᠨ ᠪᠦᠬᠦᠨ ᠢ ᠲᠠᠪᠴᠠᠩ ᠳᠤ ᠬᠦᠢᠴᠡᠳᠬᠡᠬᠦ ᠬᠡᠷᠡᠭᠲᠡᠶ᠃ ᠠᠵᠢᠯ ᠲᠥᠷᠥᠯ ᠤᠨ ᠰᠢᠰᠲ᠋ᠧᠮ ᠢ ᠬᠡᠷᠡᠭᠯᠡᠬᠦ ᠰᠠᠯᠠᠭ᠎ᠠ ᠮᠥᠴᠢᠷ ᠨᠢ ᠨᠢᠭᠡ ᠴᠣᠠᠠᠴᠠᠵᠢᠭᠤᠯᠥᠠᠠᠰᠠᠨ ᠲᠠᠪᠴᠠᠩ ᠳᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠪᠠᠭᠤᠯᠭᠠᠵᠤ᠂ ᠠᠵᠢᠯ ᠲᠥᠷᠥᠯ ᠤᠨ ᠰᠢᠰᠲ᠋ᠧᠮ ᠳᠤ ᠥᠪᠡᠰᠦᠪᠡᠨ ᠳᠠᠮᠵᠢᠭᠤᠯᠵᠤ ᠬᠦᠢᠴᠡᠳᠬᠡᠬᠦ ᠶᠢᠨ ᠬᠠᠮᠲᠤ᠂ ᠨᠢᠭᠡ ᠴᠣᠠᠠᠴᠠᠵᠢᠭᠤᠯᠥᠠᠠᠰᠠᠨ ᠲᠠᠪᠴᠠᠩ ᠳᠡᠭᠡᠷ᠎ᠡ ᠬᠦᠢᠴᠡᠳᠬᠡᠵᠦ ᠳᠠᠭᠤᠰᠬᠠᠬᠤ ᠬᠡᠷᠡᠭᠲᠡᠶ᠃ ᠡᠯ᠎ᠡ ᠱᠠᠲᠤᠨ ᠤ ᠲᠠᠩᠬᠢᠮ ᠤᠨ ᠶᠡᠷᠦᠩᠬᠡᠶᠢᠯᠡᠭᠰᠡᠨ ᠴᠣᠩᠬᠤᠪᠴᠢ ᠳᠤ ᠨᠢᠭᠡ ᠴᠣᠭᠴᠠᠵᠢᠭᠤᠯᠤᠭᠰᠠᠨ ᠲᠠᠪᠴᠠᠩ ᠤᠨ ᠭᠥᠯᠢᠶᠡᠨ ᠠᠪᠤᠭᠰᠠᠨ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠬᠡᠷᠡᠭᠯᠡᠨ᠎ᠡ᠂ ︽ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠨ ᠠᠪᠴᠤ᠂ ᠳᠠᠮᠵᠢᠭᠤᠯᠪᠠᠰᠤ ᠵᠣᠬᠢᠬᠤ ᠶᠢ ᠨᠢ ᠪᠦᠬᠦᠨ ᠢ ᠳᠠᠮᠵᠢᠭᠤᠯᠬᠤ︾ ᠶᠢ ᠬᠦᠢᠴᠡᠳᠬᠡᠨ᠎ᠡ᠃ ᠡᠯ᠎ᠡ ᠰᠠᠯᠠᠭ᠎ᠠ ᠮᠥᠴᠢᠷ ᠬᠢᠭᠡᠳ ᠠᠵᠢᠯ ᠲᠥᠷᠥᠯ ᠤᠨ ᠰᠢᠰᠲ᠋ᠧᠮ ᠨᠢᠭᠡ ᠴᠣᠠᠠᠴᠠᠵᠢᠭᠤᠯᠥᠠᠠᠰᠠᠨ ᠲᠠᠪᠴᠠᠩ ᠢ ᠠᠰᠢᠭᠯᠠᠨ ᠬᠡᠷᠡᠭ ᠡᠷᠬᠢᠯᠡᠬᠦ ᠦᠶᠡᠰ᠂ ᠪᠥᠬᠦ ᠴᠤᠪᠤᠷᠠᠯ ᠢᠶᠠᠷ ᠬᠡᠷᠡᠭ ᠡᠷᠬᠢᠯᠡᠬᠦ ᠶᠢ ᠪᠡᠶᠡᠯᠡᠭᠦᠯᠬᠦ ᠶᠢᠨ ᠬᠠᠮᠲᠤ ᠡᠯᠧᠺᠲᠷᠣᠨ ᠦᠨᠡᠮᠯᠡᠯ ᠪᠣᠶ ᠪᠣᠯᠭᠠᠨ᠎ᠠ᠃ ᠣᠶᠢᠷ᠎ᠠ ᠳᠤ ᠮᠠᠨ ᠤ ᠲᠤᠭᠤᠷᠢᠭ ᠤᠨ  ᠶᠡᠷᠦᠩᠬᠡᠶᠢᠯᠡᠭᠰᠡᠨ ᠴᠣᠩᠬᠤᠪᠴᠢ ᠶᠢᠨ ᠰᠢᠰᠲ᠋ᠧᠮ ᠢ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠴᠣᠩᠬᠤᠪᠴᠢ ᠶᠢᠨ ᠰᠢᠰᠲ᠋ᠧᠮ ᠯᠦᠭᠡ ᠵᠠᠯᠭᠠᠭᠤᠯᠤᠭᠰᠠᠨ ᠤ ᠳᠠᠷᠠᠭ᠎ᠠ᠂ ᠨᠢᠭᠡ ᠴᠣᠭᠴᠠᠵᠢᠭᠰᠠᠨ ᠲᠠᠪᠴᠠᠩ ᠤᠨ ᠲᠤᠭ᠎ᠠ ᠪᠠᠷᠢᠮᠲᠠ ᠶᠢ ᠠᠵᠢᠯ ᠲᠥᠷᠥᠯ ᠤᠨ ᠰᠢᠰᠲ᠋ᠧᠮ ᠯᠦᠭᠡ ᠬᠠᠮᠲᠤᠪᠠᠷ ᠡᠳ᠋ᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶      ︵ᠭᠤᠷᠪᠠ︶ ᠶᠡᠷᠦᠩᠬᠡᠶᠢᠯᠡᠭᠰᠡᠨ ᠴᠣᠩᠬᠤᠪᠴᠢ ᠶᠢᠨ ᠰᠢᠰᠲ᠋ᠧᠮ ᠤᠨ ᠬᠡᠷᠡᠭᠯᠡᠯᠲᠡ ᠶᠢ ᠬᠡᠷᠡᠭᠵᠢᠭᠦᠯᠦᠨ᠎ᠡ᠃ ᠬᠤᠲᠠ ᠶᠢᠨ ᠲᠣᠪᠴᠢᠶ᠎ᠠ ᠲᠠᠢ ᠬᠠᠮᠵᠢᠯᠴᠠᠨ ᠮᠠᠨ ᠤ ᠲᠤᠭᠤᠷᠢᠭ ᠤᠨ ᠶᠡᠷᠦᠩᠬᠡᠶᠢᠯᠡᠭᠰᠡᠨ ᠴᠣᠩᠬᠤᠪᠴᠢ ᠶᠢᠨ ᠰᠢᠰᠲ᠋ᠧᠮ ᠢ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠴᠣᠩᠬᠤᠪᠴᠢ ᠶᠢᠨ ᠰᠢᠰᠲ᠋ᠧᠮ ᠲᠠᠢ ᠵᠠᠯᠭᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠭᠴᠡ ᠪᠠᠶᠢᠭᠤᠯᠬᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠠᠯᠬᠤᠮ ᠠᠯᠬᠤᠮ ᠢᠶᠠᠷ ᠨᠡᠪᠲᠡᠷᠡᠭᠦᠯᠵᠦ᠂ ᠡᠯ᠎ᠡ ᠰᠠᠯᠠᠭ᠎ᠠ ᠮᠥᠴᠢᠷ ᠤᠨ ᠥᠪᠡᠰᠦᠪᠡᠨ ᠰᠢᠰᠲ᠋ᠧᠮ ᠪᠠᠶᠢᠭᠤᠯᠬᠤ ᠶᠢᠨ ᠬᠠᠮᠲᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ᠂ ᠡᠯᠧᠺᠲᠷᠣᠨ ᠭᠡᠷᠡᠴᠢ ᠦᠨᠡᠮᠯᠡᠯ᠂ ︽ᠰᠠᠶᠢᠨ ᠮᠠᠭᠤ ᠦᠨᠡᠯᠡᠯᠲᠡ︾ ᠵᠡᠷᠭᠡ ᠶᠢ ᠬᠦᠢᠴᠡᠳ ᠠᠰᠢᠭᠯᠠᠵᠤ᠂ ᠪᠥᠬᠦ ᠲᠣᠭᠤᠷᠢᠭ ᠪᠠ ᠮᠤᠵᠢ ᠠᠯᠤᠰᠯᠠᠨ ᠬᠦᠢᠴᠡᠳᠬᠡᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶᠃      ︵ᠳᠥᠷᠪᠡ︶ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠢ ᠲᠦᠷᠭᠡᠳᠬᠡᠨ᠎ᠡ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠡᠯ᠎ᠡ ᠰᠠᠯᠠᠭ᠎ᠠ ᠮᠥᠴᠢᠷ ᠤᠨ ᠲᠤᠰᠬᠠᠶ ᠰᠦᠯᠵᠢᠶ᠎ᠡ ᠬᠢᠭᠡᠳ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠲᠠᠢ ᠬᠠᠷᠢᠯᠴᠠᠨ ᠬᠤᠯᠪᠣᠭᠠᠯᠠᠬᠤ ᠶᠢ ᠠᠬᠢᠭᠤᠯᠵᠤ᠂ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠡᠷᠡᠭᠯᠡᠭᠴᠢᠳ ᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠡᠶ᠎ᠡ ᠭᠠᠷᠤᠯ ᠤᠨ ᠭᠡᠷᠡᠴᠢᠯᠡᠭᠡ ᠶᠢᠨ ᠰᠢᠰᠲ᠋ᠧᠮ ᠳᠤ ᠵᠠᠯᠭᠠᠨ ᠣᠷᠣᠭᠤᠯᠵᠤ᠂ ᠬᠢᠨᠠᠨ ᠵᠥᠪᠰᠢᠶᠡᠷᠡᠬᠦ ᠠᠵᠢᠯᠲᠠᠳ ᠢ ᠲᠣᠰ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠰᠢᠭᠤᠳ ᠲᠡᠮᠳᠡᠭᠯᠡᠨ  ᠤᠷᠤᠭᠤᠯᠤᠨ᠎ᠠ᠃ ᠬᠤᠲᠠ᠂ ᠥᠪᠡᠷᠲᠡᠭᠡᠨ ᠵᠠᠰᠠᠬᠤ ᠣᠷᠣᠨ ᠢ ᠢᠳᠡᠪᠬᠢᠲᠡᠢ ᠵᠣᠬᠢᠴᠠᠭᠤᠯᠵᠤ᠂ ᠡᠭᠴᠡ ᠰᠢᠰᠲ᠋ᠧᠮ  ᠢᠶᠠᠷ ᠭᠦᠢᠴᠡᠳᠬᠡᠬᠦ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠲᠣᠭᠲᠠᠴᠠ ᠪᠠᠷ ᠳᠠᠮᠵᠢᠭᠤᠯᠤᠨ᠂ ᠡᠯ᠎ᠡ ᠱᠠᠲᠤᠨ ᠤ ᠰᠠᠯᠠᠭ᠎ᠠ ᠮᠥᠴᠢᠷ ᠲᠤ ᠬᠦᠷᠭᠡᠬᠦ ᠶᠢ ᠠᠬᠢᠭᠤᠯᠤᠨ᠎ᠠ᠃ ᠬᠦᠢᠴᠡᠳᠬᠡᠬᠦ ᠵᠦᠢᠯᠡᠰ ᠤᠨ ᠬᠡᠮᠵᠢᠶ᠎ᠡ ᠪᠠᠷ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠵᠡᠷᠭᠡ ᠬᠤᠯᠪᠤᠭᠳᠠᠭᠰᠡᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢᠨ ᠬᠢᠨᠠᠨ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ ᠭᠠᠷᠠᠭ ᠪᠦᠷᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠰᠢᠤᠳᠠᠨ ᠤ ᠬᠠᠶᠢᠷᠴᠠᠭ ︵btkqzzx @ 163 . com︶ ᠲᠤ ᠲᠤᠭ᠎ᠠ ᠪᠠᠷᠢᠮᠲᠠ ᠮᠡᠳᠡᠭᠦᠯᠤᠨ᠎ᠡ  ︵ᠮᠡᠳᠡᠭᠦᠯᠦᠨ ᠬᠦᠷᠭᠡᠬᠦ ᠬᠡᠯᠪᠡᠷᠢ ᠮᠠᠶ᠋ᠢᠭ ᠢ ᠳᠠᠭᠠᠯᠳᠤᠭᠤᠯᠤᠯ 3 ᠳᠤ ᠦᠵᠡ︶᠃ ᠵᠣᠯᠭᠠᠭᠤᠯᠬᠤ ᠨᠥᠬᠦᠴᠡᠯ ᠳᠤ ᠬᠦᠷᠪᠡᠯ᠂ ᠴᠠᠭ ᠲᠤᠬᠠᠶ ᠳᠤᠨᠢ ᠨᠢᠭᠡ ᠴᠣᠭᠴᠠᠵᠢᠭᠤᠯᠤᠭᠰᠠᠨ ᠲᠠᠪᠴᠠᠩ ᠯᠤᠭ᠎ᠠ ᠲᠤᠭ᠎ᠠ ᠪᠠᠷᠢᠮᠲᠠ ᠶᠢ ᠵᠣᠯᠭᠠᠭᠤᠯᠵᠤ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠤᠷᠠᠮᠳᠤᠭᠤᠯᠬᠤ ᠶᠢ ᠪᠠᠲᠤᠯᠠᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠣᠶᠢᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶      ︵ᠲᠠᠪᠤ︶ ᠲᠤᠤᠷ ᠰᠦᠯᠵᠢᠶ᠎ᠡ ᠤ ᠦᠷᠬᠦᠯᠵᠢᠯᠠᠯ ᠢ ᠠᠬᠢᠭᠤᠯᠤᠨ᠎ᠠ᠃ ᠡᠯ᠎ᠡ ᠱᠠᠲᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠬᠠᠮᠤᠷᠬᠤ ᠶᠢ ᠲᠦᠷᠭᠡᠳᠬᠡᠨ᠂ ︽ᠡᠮᠬᠢᠯᠡᠨ ᠨᠡᠶᠢᠯᠡᠭᠦᠯᠬᠦ ᠪᠣᠯ ᠵᠠᠷᠴᠢᠮ᠂ ᠥᠨᠥᠴᠢᠨ ᠰᠦᠯᠵᠢᠶ᠎ᠡ ᠪᠣᠯ ᠣᠨᠴᠠᠭᠠᠶ︾ ᠤᠨ ᠵᠠᠷᠴᠢᠮ ᠶᠣᠰᠣᠭᠠᠷ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠲᠦᠰᠢᠭᠯᠡᠨ᠂ ᠡᠯ᠎ᠡ ᠱᠠᠲᠤᠨ ᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠲᠤᠰᠬᠠᠶ ᠰᠦᠯᠵᠢᠶ᠎ᠡ ᠶᠢ ᠰᠢᠯᠵᠢᠭᠦᠯᠦᠨ ᠨᠡᠶᠢᠯᠡᠭᠦᠯᠬᠦ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠣᠶᠢᠯᠡᠴᠢᠯᠡᠭᠡ ᠳᠤ ᠰᠠᠭᠤᠷᠢ ᠪᠠᠲᠤᠯᠠᠭ᠎ᠠ ᠬᠠᠩᠭᠠᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶᠃        ︵ᠵᠢᠷᠭᠤᠭ᠎ᠠ︶ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠰᠣᠯᠢᠯᠴᠠᠬᠤ ᠲᠠᠪᠴᠠᠩ ᠤᠨ ᠳ᠋ᠠᠶᠢᠲ᠋ᠠ ᠰᠣᠯᠢᠯᠴᠠᠬᠤ ᠣᠶᠢᠯᠡᠳᠦᠯ ᠢ ᠴᠢᠩᠭᠠᠷᠠᠭᠤᠯᠵᠤ᠂ ᠨᠢᠭᠡᠳᠦᠯᠲᠡᠶ ᠲᠥᠯᠥᠪᠯᠡᠨ ᠬᠠᠮᠢᠶᠠᠷᠴᠤ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠮᠣ ᠳ᠋ᠠᠶᠢᠲ᠋ᠠ ᠶᠢᠨ ᠲᠥᠪ ᠢᠶᠠᠷ ᠳᠠᠮᠵᠢᠭᠤᠯᠤᠨ᠂ ᠬᠡᠷᠡᠭᠯᠡᠬᠦ ᠪᠠᠷ ᠬᠥᠲᠥᠯᠦᠨ ᠳᠠᠭᠠᠭᠤᠯᠬᠤ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠤᠭ᠎ᠠ ᠪᠠᠷᠢᠮᠲᠠ ᠶᠢ ᠬᠡᠷᠡᠭᠴᠡᠭᠡ ᠶᠣᠰᠣᠭᠠᠷ ᠬᠠᠮᠲᠤᠪᠠᠷ ᠡᠳ᠋ᠯᠡᠬᠦ᠂ ᠡᠮᠬᠢ ᠵᠢᠷᠤᠮ ᠲᠠᠢ ᠨᠡᠭᠡᠭᠡᠯᠲᠡ ᠬᠢᠬᠦ ᠶᠢ ᠠᠬᠢᠭᠤᠯᠤᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠬᠡᠷᠡᠭᠴᠡᠭᠡ ᠱᠠᠭᠠᠷᠳᠠᠯᠭ᠎ᠠ ᠪᠠ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠡᠷᠡᠭᠴᠡᠭᠡ ᠶᠢ ᠪᠦᠲᠦᠮᠵᠢᠲᠡᠶ ᠬᠠᠩᠭᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠷᠠᠯᠳᠠᠳᠤ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ᠂ ᠬᠠᠮᠲᠤᠪᠠᠷ ᠡᠳ᠋ᠯᠡᠬᠦ ᠲᠤᠭ᠎ᠠ ᠪᠠᠷᠢᠮᠲᠠ ᠶᠢ ᠬᠡᠷᠡᠭᠯᠡᠬᠦ ᠶᠠᠪᠤᠴᠠ ᠳᠤ ᠨᠢᠭᠡᠳᠦᠯᠲᠡᠶ ᠬᠠᠮᠢᠶᠠᠷᠤᠯᠲᠠ ᠶᠢ ᠴᠢᠩᠭᠠᠳᠬᠠᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠠᠵᠤ ᠣᠶᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶      ︵ᠳᠣᠯᠤᠭ᠎ᠠ︶ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠭᠠᠷᠤᠯ ᠤᠨ ᠭᠡᠷᠡᠴᠢᠯᠡᠭᠡ ᠶᠢᠨ ᠲᠠᠪᠴᠠᠩ ᠲᠡᠭᠡᠷ᠎ᠡ ᠣᠯᠠᠨ ᠲᠦᠮᠡᠨ ᠤ ᠪᠡᠶ᠎ᠡ ᠭᠠᠷᠤᠯ ᠤᠨ ᠭᠡᠷᠡᠴᠢᠯᠡᠭᠡ ᠶᠢᠨ ᠠᠷᠭ᠎ᠠ ᠮᠠᠶ᠋ᠢᠭ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠠᠵᠤ ᠠᠬᠤᠶᠢᠯᠠᠯ ᠣᠯᠠᠨ ᠲᠦᠮᠡᠨ ᠳᠤ ᠬᠠᠨᠳᠤᠭᠤᠯᠵᠤ᠂ ᠬᠡᠷᠡᠭᠯᠡᠭᠴᠢᠳ ᠤᠨ ᠳᠠᠩᠰᠠᠯᠠᠭᠤᠯᠬᠤ ᠪᠠ ᠣᠶᠢᠯᠡᠴᠢᠯᠡᠬᠦ ᠴᠢᠳᠠᠮᠵᠢ ᠲᠠᠢ ᠰᠦᠯᠵᠢᠶᠡᠨ ᠤ ᠴᠡᠭ ᠵᠡᠷᠭᠡ ᠶᠢ᠃ ᠬᠡᠷᠡᠭᠯᠡᠭᠴᠢᠳ ᠤᠨ ᠳᠠᠩᠰᠠᠯᠠᠭᠤᠯᠬᠤ ᠪᠠ ᠦᠢᠯᠡᠴᠢᠯᠡᠬᠡᠨ ᠤ ᠰᠦᠯᠵᠢᠶ᠎ᠡ ᠢ ᠴᠢᠳᠠᠮᠠᠭᠠᠢ ᠠᠰᠢᠭᠯᠠᠬᠤ ᠬᠡᠷᠡᠭᠲᠡᠶ᠃ 2021 ᠣᠨ ᠤ ᠰᠡᠭᠦᠯᠴᠢ ᠠᠴᠠ ᠡᠮᠦᠨ᠎ᠡ ᠬᠤᠲᠠ ᠪᠠᠯᠭᠠᠰᠤ ᠶᠢᠨ ᠬᠥᠮᠦᠨ ᠠᠮᠠ ᠶᠢᠨ ᠳᠠᠩᠰᠠᠯᠠᠭᠤᠯᠤᠭᠰᠠᠨ ᠨᠣᠷᠮ᠎ᠠ 85 % ᠠᠴᠠ ᠳᠡᠭᠡᠭᠰᠢ ᠳᠤ ᠬᠦᠷᠦᠭᠦᠯᠵᠦ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠨᠣᠷᠮ᠎ᠠ 70 % ᠠᠴᠠ ᠳᠡᠭᠡᠭᠰᠢ ᠳᠤ ᠬᠦᠷᠦᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠵᠦᠢᠯᠡᠰ ᠤᠨ ᠬᠥᠮᠥᠷᠭᠡ ᠶᠢ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠳ᠋ᠠᠶᠢᠲ᠋ᠠ ᠰᠤᠷᠪᠤᠯᠵᠢ︾ ᠶᠢᠨ ᠴᠣᠷ ᠤᠨ ᠭᠠᠭᠴᠠ ᠠᠷᠭ᠎ᠠ ᠵᠠᠮ ᠪᠣᠯᠭᠠᠨ᠎ᠠ︔ 2021 ᠣᠨ ᠤ ᠰᠡᠭᠦᠯᠴᠢ ᠠᠴᠠ ᠡᠮᠦᠨ᠎ᠡ ᠡᠯ᠎ᠡ ᠱᠠᠲᠤᠨ ᠤ ᠰᠠᠯᠠᠭ᠎ᠠ ᠮᠥᠴᠢᠷ ᠤᠨ ᠡᠯᠧᠺᠲᠷᠣᠨ ᠲᠠᠮᠠᠭ᠎ᠠ ᠶᠢ ᠪᠦᠬᠦᠨ ᠢ ᠣᠯᠭᠤᠬᠤ ᠶᠢ ᠪᠡᠶᠡᠯᠡᠭᠦᠯᠦᠨ᠎ᠡ︔ ᠡᠯ᠎ᠡ ᠱᠠᠲᠤᠨ ᠤ ᠰᠠᠯᠠᠭ᠎ᠠ ᠮᠥᠴᠢᠷ ᠤᠨ ᠡᠯᠧᠺᠲᠷᠣᠨ ᠦᠨᠡᠮᠯᠡᠯ ᠤᠨ ᠰᠢᠰᠲ᠋ᠧᠮ ᠢ ᠵᠣᠯᠭᠠᠭᠤᠯᠬᠤ᠂ ᠶᠠᠪᠤᠭᠤᠯᠬᠤ ᠪᠠ ᠪᠠᠷᠢᠮᠵᠢᠶᠠᠵᠢᠭᠤᠯᠬᠤ ᠶᠢ ᠲᠦᠷᠭᠡᠳᠬᠡᠵᠦ᠂ ᠡᠯᠧᠺᠲᠷᠣᠨ ᠦᠨᠡᠮᠯᠡᠯ ᠤᠨ ᠲᠤᠭ᠎ᠠ ᠪᠠᠷᠢᠮᠲᠠ ᠶᠢ ᠪᠦᠲᠦᠮᠵᠢᠲᠡᠶ ᠨᠡᠶᠢᠯᠡᠭᠦᠯᠵᠦ᠂ ᠬᠤᠯᠪᠣᠭᠳᠠᠬᠤ ᠡᠯᠧᠺᠲᠷᠣᠨ ᠦᠨᠡᠮᠯᠡᠯ ᠢ ᠠᠵᠢᠯ ᠶᠠᠪᠤᠳᠠᠯ ᠬᠦᠢᠴᠡᠳᠬᠡᠬᠦ ᠶᠠᠪᠤᠴᠠ ᠳᠤ ᠲᠤᠰᠢᠶᠠᠬᠤ ᠠᠴᠠ ᠭᠡᠯᠳᠦᠷᠢᠭᠦᠯᠬᠦ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶      ︵ ᠨᠠᠢᠮᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢ ᠨᠠᠶᠢᠳᠠᠪᠤᠷᠢᠵᠢᠭᠤᠯᠤᠨ᠎ᠠ᠃ ︽ᠰᠠᠶᠢᠨ ᠮᠠᠭᠤ ᠦᠨᠡᠯᠡᠯᠲᠡ︾ ᠶᠢᠨ ᠨᠢᠭᠡ ᠴᠣᠭᠴᠠᠵᠢᠭᠤᠯᠤᠭᠰᠠᠨ ᠲᠠᠪᠴᠠᠩ ᠤᠨ ᠰᠦᠯᠵᠢᠶᠡᠨ ᠳᠤ ᠭᠠᠷᠭᠠᠬᠤ ᠵᠦᠢᠯᠠᠰ ᠢ ᠴᠥᠮ ᠦᠨᠡᠯᠡᠬᠦ ᠬᠡᠪᠴᠢᠶᠡᠨ ᠳᠤ ᠣᠷᠣᠭᠤᠯᠤᠨ᠎ᠠ᠃ ᠨᠢᠭᠡ ᠴᠣᠭᠴᠠᠵᠢᠭᠤᠯᠤᠭᠰᠠᠨ ᠲᠠᠪᠴᠠᠩ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠰᠣᠯᠢᠯᠴᠠᠬᠤ ᠲᠠᠪᠴᠠᠩ ᠳᠤ ᠲᠦᠰᠢᠭᠯᠡᠨ᠂ ᠡᠯ᠎ᠡ ᠰᠠᠯᠠᠭ᠎ᠠ ᠮᠥᠴᠢᠷ ᠤᠨ ᠦᠢᠯᠡᠴᠢᠯᠡᠬᠡᠨ ᠤ ᠦᠨᠡᠯᠡᠬᠦ ᠠᠷᠭ᠎ᠠ ᠵᠠᠮ ᠢ ᠨᠡᠶᠢᠯᠡᠭᠦᠯᠵᠦ᠂ ᠦᠢᠯᠡᠴᠢᠯᠡᠭᠡ ᠶᠢ ᠦᠨᠡᠯᠡᠬᠦ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ᠂ ᠮᠠᠭᠤ ᠦᠨᠡᠯᠡᠯᠲᠡ ᠪᠠᠷ ᠬᠠᠷᠢᠭᠤ ᠰᠤᠷᠪᠤᠯᠵᠢᠯᠠᠬᠤ᠂ ᠴᠡᠭᠴᠡᠯᠡᠨ  ᠦᠭᠡᠷᠡᠴᠢᠯᠡᠬᠦ ᠬᠠᠷᠢᠭᠤ ᠲᠤᠰᠬᠠᠬᠤ ᠪᠥᠬᠦ ᠴᠤᠪᠤᠷᠠᠯ ᠳᠤ ᠪᠢᠲᠡᠭᠦᠮᠵᠢᠯᠡᠭᠰᠡᠨ ᠠᠵᠢᠯ ᠤᠨ ᠲᠣᠭᠲᠠᠴᠠ ᠶᠢ ᠪᠠᠶᠢᠭᠤᠯᠵᠤ᠂ ︽ᠰᠠᠶᠢᠨ ᠮᠠᠭᠤ ᠦᠨᠡᠯᠡᠯᠲᠡ︾ ᠶᠢᠨ ᠠᠷᠭ᠎ᠠ ᠵᠠᠮ ᠢ ᠪᠦᠷᠢᠨ ᠪᠥᠷᠬᠦᠭᠦᠯᠬᠦ᠂ ᠮᠡᠳᠡᠭᠡ ᠵᠠᠩᠭᠢ ᠶᠢ ᠪᠦᠷᠢᠨ ᠬᠤᠯᠪᠣᠭᠳᠠᠭᠤᠯᠬᠤ  ᠂ ᠲᠤᠭ᠎ᠠ ᠪᠠᠷᠢᠮᠲᠠ ᠶᠢ ᠪᠦᠷᠢᠨ ᠴᠤᠭᠯᠠᠭᠤᠯᠬᠤ᠂ ᠦᠷ᠎ᠡ ᠳ᠋ᠦᠩ ᠢ ᠪᠦᠷᠢᠨ ᠢᠯᠡ ᠪᠣᠯᠭᠠᠬᠤ ᠶᠢ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶ᠭᠤᠷᠪᠠ᠂ ᠠᠵᠢᠯ ᠤᠨ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ ᠪᠠᠷ ᠬᠦᠢᠴᠡᠳᠬᠡᠬᠦ︾ ᠶᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠠᠵᠢᠯ ᠪᠣᠯᠤᠨ᠎ᠠ᠂ ᠡᠨᠡ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠤ᠂ ᠠᠵᠤ ᠠᠬᠤᠶ ᠶᠢᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ᠃ ᠡᠯ᠎ᠡ ᠰᠠᠯᠠᠭ᠎ᠠ ᠮᠥᠴᠢᠷ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠪᠠᠨ ᠨᠠᠷᠢᠯᠢᠬᠵᠢᠭᠤᠯᠤᠨ ᠬᠤᠪᠢᠶᠠᠷᠢᠯᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂  ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃     ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠰᠦᠯᠵᠢᠶᠡᠨ ᠳᠤ ᠭᠠᠷᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂  ᠵᠦᠢᠯᠡᠰ ᠨᠢᠭᠡᠪᠦᠷᠢ ᠵᠢᠷᠤᠮᠵᠢᠯ ᠶᠣᠰᠣᠭᠠᠷ ᠲᠠᠭᠯᠠᠨ ᠮᠡᠳᠡᠭᠦᠯᠬᠦ ᠪᠤᠶᠤ ᠵᠠᠰᠠᠪᠤᠷᠢ ᠣᠷᠣᠭᠤᠯᠵᠤ᠂ ᠬᠦᠢᠴᠡᠳᠬᠡᠬᠦ ᠣᠨᠣᠪᠴᠢ ᠶᠢᠨ ᠬᠡᠮᠵᠢᠶ᠎ᠡ ᠶᠢ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠱᠠᠲᠤ ᠳᠠᠷᠠᠭᠠᠯᠠᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠶᠠᠮᠠᠷ ᠨᠢᠭᠡᠨ ᠬᠥᠮᠦᠨ ᠪᠤᠶᠤ ᠶᠠᠮᠠᠷ ᠨᠢᠭᠡᠨ ᠭᠤᠭᠴᠤᠭ᠎ᠠ ᠶᠢᠨ ᠬᠢᠨᠠᠮᠠᠭᠠᠶ ᠪᠤᠰᠤ ᠠᠴᠠ ᠪᠣᠯᠵᠤ ᠪᠦᠬᠦ ᠲᠤᠭᠤᠷᠢᠭ ᠤᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠨᠥᠯᠥᠭᠡᠯᠡᠵᠦ ᠪᠣᠯᠬᠤ ᠦᠭᠡᠶ᠃ ᠳᠡᠭᠡᠳᠦ ᠳᠤᠤᠷᠠᠳᠤ ᠱᠠᠲᠤ ᠬᠤᠯᠪᠣᠭᠠᠯᠠᠨ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠬᠠᠷᠢᠭᠤᠴᠠᠬᠤ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠲᠣᠰ ᠱᠠᠲᠤᠨ ᠤ ᠰᠠᠯᠠᠭ᠎ᠠ ᠮᠥᠴᠢᠷ ᠢᠳᠡᠪᠬᠢᠲᠠᠢ ᠬᠢᠨᠠᠨ ᠪᠠᠶᠢᠴᠠᠭᠠᠯᠲᠠ ᠬᠢᠵᠦ᠂ ᠠᠰᠠᠭᠤᠳᠠᠯ ᠢᠯᠡᠷᠡᠪᠡᠯ  ᠴᠠᠭ ᠲᠤᠬᠠᠢ ᠳᠤᠨᠢ ᠵᠠᠷᠯᠠᠨ ᠮᠡᠳᠡᠭᠳᠡᠨ᠎ᠡ᠃      ︵ᠭᠤᠷᠪᠠ︶ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠴᠢᠩᠭᠠᠷᠠᠭᠤᠯᠤᠨ᠎ᠠ᠃ ᠡᠯ᠎ᠡ ᠰᠠᠯᠠᠭ᠎ᠠ ᠮᠥᠴᠢᠷ ᠬᠢᠨᠠᠨ ᠪᠠᠶᠢᠴᠠᠭᠠᠬᠤ ᠪᠠ ︽ᠨᠢᠭᠡ ᠰᠦᠯᠵᠢᠶ᠎ᠡ ᠪᠠᠷ ᠬᠦᠢᠴᠡᠳᠬᠡᠬᠦ︾ ᠠᠵᠢᠯ ᠢ ᠲᠠᠰᠤᠷᠠᠯᠲᠠ ᠥᠬᠡᠶ ᠴᠢᠩᠭᠠᠳᠬᠠᠨ᠎ᠠ᠃  ᠬᠢᠨᠠᠨ ᠪᠠᠶᠢᠴᠠᠭᠠᠭᠰᠠᠨ ᠦᠷ᠎ᠡ ᠳ᠋ᠦᠩ ᠢ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠰᠢᠯᠭᠠᠨ ᠦᠨᠡᠯᠡᠬᠦ ᠪᠤᠶᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠠᠭᠤᠯᠭ᠎ᠠ ᠳᠤ ᠣᠷᠣᠭᠤᠯᠬᠤ ᠬᠡᠷᠡᠭᠲᠡᠶ᠃    ︵ᠳᠥᠷᠪᠡ︶ ᠤᠬᠠᠭᠤᠯᠭ᠎ᠠ ᠪᠠᠨ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠬᠤᠲᠠ ᠶᠢᠨ ᠠᠷᠠᠳ ᠤᠨ ᠶᠡᠭᠡ ᠲᠠᠩᠬᠢᠮ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠰᠣᠨᠢᠨ ᠮᠡᠳᠡᠭᠡᠨ ᠤ ᠵᠠᠭᠤᠴᠢᠯᠠᠭᠤᠷ᠂  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠥᠷᠥ ᠶᠢᠨ ᠪᠣᠳᠣᠯᠭ᠎ᠠ ᠶᠢᠨ ᠪᠠᠶᠢᠳᠠᠯ ᠮᠡᠳᠡᠭᠳᠡᠬᠦ ᠬᠤᠷᠠᠯ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ︽ᠨᠢᠭᠡ ᠰᠦᠯᠵᠢᠶ᠎ᠡ ᠪᠠᠷ ᠬᠦᠢᠴᠡᠳᠬᠡᠬᠦ︾ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠮᠠᠨ ᠤ ᠲᠤᠭᠤᠷᠢᠭ ᠤᠨ ᠵᠠᠰᠠᠭ ᠤᠨ ᠶᠠᠪᠤᠳᠠᠯ ᠤᠨ ᠣᠷᠴᠢᠨ ᠨᠦᠬᠦᠴᠡᠯ ᠪᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠬᠤ ᠬᠡᠷᠡᠭᠲᠡᠶ᠃      ᠬᠠᠷᠢᠯᠴᠠᠬᠤ ᠤᠲᠠᠰᠤ᠄ 5990371 ᠬᠠᠷᠢᠯᠴᠠᠬᠤ ᠬᠥᠮᠦᠨ᠄ ᠯᠢᠦ ᠢᠦᠶ ᠴᠢ    ᠳᠠᠭᠠᠯᠳᠤᠭᠤᠯᠤᠯ᠄ 1 . ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ      2 . ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠣᠨᠴᠠᠯᠢᠭ ᠲᠠᠢ ᠬᠡᠷᠡᠭᠯᠡᠭᠡᠨ ᠤ ᠨᠠᠷᠢᠨ ᠲᠠᠩᠰᠠ ︵ᠯᠠᠪᠯᠠᠯᠲᠠ︶      3 . ᠬᠦᠢᠴᠡᠳᠬᠡᠬᠦ ᠲᠤᠭ᠎ᠠ ᠪᠠᠷᠢᠮᠲᠠ ᠶᠢᠨ ᠦᠯᠢᠭᠡᠷ ᠬᠦᠰᠦᠨᠦᠭᠲᠦ      4 . ᠳᠠᠭᠠᠯᠳᠤᠭᠤᠯᠤᠯ ᠢ btkqsmdt @ 163 . com ᠠᠴᠠ ᠪᠠᠭᠤᠯᠭ᠎ᠠ᠂ ᠨᠢᠭᠤᠴᠠ ᠨᠣᠮᠧᠷ᠄ 123567
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号