ᠬᠥᠨᠳᠡᠯᠡᠨ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠠᠨ ᠳᠤ ᠬᠠᠪᠰᠤᠷᠤᠨ ᠬᠦᠢᠴᠡᠳᠬᠡᠬᠦ︾  ᠠᠵᠢᠯ ᠤᠨ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠳᠡᠯᠭᠡᠷᠡᠭᠦᠯᠬᠦ
ᠨᠡᠶᠢᠲᠡᠯᠡᠭᠰᠡᠨ ᠴᠠᠭ᠄
2021/12/8
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠲᠠᠨ ᠳᠤ ᠬᠠᠪᠰᠤᠷᠤᠨ ᠬᠦᠢᠴᠡᠳᠬᠡᠬᠦ ﹀  ᠠᠵᠢᠯ ᠤᠨ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠳᠡᠯᠭᠡᠷᠡᠭᠦᠯᠬᠦ  ︾᠂ ︽ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ᠲᠠᠨ ᠳᠤ ᠬᠠᠪᠰᠤᠷᠤᠨ ᠬᠦᠢᠴᠡᠳᠬᠡᠬᠦ﹀  ᠠᠵᠢᠯ ᠤᠨ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠳᠡᠯᠭᠡᠷᠡᠭᠦᠯᠬᠦ  ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠯᠲᠠ ᠶᠢ ᠱᠠᠯᠠᠪᠳᠠᠨ ᠲᠦᠷᠭᠡᠳᠬᠡᠵᠣ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠵᠠᠯᠭᠠᠪᠠᠷ ᠠᠬᠢᠭᠤᠯᠵᠣ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠠᠵᠢᠯ ᠤᠨ ᠪᠣᠭᠤᠮᠵᠢ ᠶᠢ ᠪᠦᠲᠦᠮᠵᠢᠲᠡᠢ ᠰᠢᠢᠳᠪᠦᠷᠢᠯᠡᠵᠤ᠂ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠪᠣᠯᠣᠨ ᠡᠷᠡᠮᠵᠡᠯᠡᠭᠴᠢ ᠶᠢᠨ ᠬᠤᠭᠤᠷᠣᠨᠳᠣᠬᠢ ᠨᠢᠭᠲᠠ ᠠᠪᠣᠴᠠᠯᠳᠣᠯ ᠢ ᠪᠡᠶᠡᠯᠡᠭᠦᠯᠵᠣ᠂ ᠲᠦᠷᠦᠯ ᠵᠣᠶᠢᠯ ᠤᠨ ᠬᠢᠨᠠᠨ ᠵᠦᠪᠰᠢᠶᠡᠷᠡᠯ ᠤᠨ ᠬᠤᠷᠳᠣᠴᠠ ᠶᠢ ᠨᠡᠮᠡᠭᠳᠡᠭᠦᠯᠦᠨ ᠪᠦᠲᠦᠭᠡᠮᠵᠢ ᠶᠢ ᠳᠡᠭᠡᠭᠰᠢᠯᠡᠭᠦᠯᠵᠣ᠂ ︽ᠬᠠᠮᠤᠭ ᠤᠨ ᠴᠥᠭᠡᠨ᠂ ᠬᠠᠮᠤᠭ ᠤᠨ ᠬᠤᠷᠳᠤᠨ᠂ ᠬᠠᠮᠤᠭ ᠤᠨ ᠰᠠᠶᠢᠨ︾ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠷᠢᠯᠳᠦᠭᠦᠯᠬᠦ ᠶᠢᠨ ᠲᠦᠯᠦᠭᠡ ᠮᠠᠨ ᠤ ᠲᠣᠭᠤᠷᠢᠭ ᠤᠨ ᠪᠣᠲᠠᠲᠠᠢ  ᠲᠠᠢ ᠣᠶᠠᠯᠳᠣᠭᠤᠯᠣᠨ ᠲᠣᠰ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠣ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠢᠶᠠᠷ ᠲᠦᠪᠯᠡᠭᠦᠯᠬᠦ ᠬᠦᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠣ᠂ ᠠᠵᠤ ᠠᠬᠤᠶᠢᠯᠠᠯ ᠣᠯᠠᠨ ᠲᠦᠮᠡᠨ ᠤ ᠬᠡᠷᠡᠭᠴᠡᠭᠡ ᠪᠠᠷ ᠡᠭᠦᠰᠭᠡᠯ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠢᠶᠠᠨ ᠦᠨᠡᠨᠬᠦ ᠳᠡᠭᠡᠭᠰᠢᠯᠡᠭᠦᠯᠵᠣ᠂ ᠪᠡᠯᠡ ᠣᠷᠣᠭᠤᠯᠤᠯᠲᠠ ᠶᠢᠨ ᠲᠥᠷᠥᠯ ᠵᠦᠢᠯ᠂  ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠣᠷᠣᠯᠠᠨ ᠭᠦᠢᠴᠡᠳᠬᠡᠬᠦ ᠬᠠᠪᠰᠣᠷᠣᠨ ᠭᠦᠢᠴᠡᠳᠬᠡᠬᠦ ᠶᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠵᠢᠭᠦᠯᠵᠣ᠂ ︽ᠠᠵᠤ ᠠᠬᠤᠶᠢᠯᠠᠯ ᠣᠯᠠᠨ ᠲᠦᠮᠡᠨ ᠬᠦᠢᠴᠡᠳᠬᠡᠬᠦ︾ ᠶᠢ ︽ᠵᠠᠰᠠᠭ ᠤᠨ ᠣᠷᠳᠣᠨ ᠬᠦᠢᠴᠡᠳᠬᠡᠬᠦ︾ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠵᠠᠰᠠᠭ ᠤᠨ ᠣᠷᠳᠣᠨ ᠳᠤ ᠣᠴᠢᠬᠤ ᠤᠳᠠᠭ᠎ᠠ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠵᠠᠰᠠᠭ ᠤᠨ ᠶᠠᠪᠣᠳᠠᠯ ᠤᠨ ᠣᠷᠴᠢᠨ ᠲᠣᠭᠤᠷᠢᠨ ᠪᠠ ᠡᠵᠡᠩᠨᠡᠯᠲᠡ ᠶᠢᠨ ᠣᠷᠴᠢᠨ ᠲᠣᠭᠤᠷᠢᠨ ᠢ ᠳᠠᠰᠣᠷᠠᠯᠲᠠ ᠦᠭᠡᠢ ᠰᠢᠯᠢᠳᠡᠭᠵᠢᠭᠦᠯᠵᠣ᠂ ᠪᠦᠬᠦ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠨ ᠬᠥᠭᠵᠢᠯᠲᠡ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃      ᠬᠤᠶᠠᠷ᠂ ᠦᠨᠳᠦᠰᠦᠨ ᠵᠠᠷᠴᠢᠮ     ︵ᠨᠢᠭᠡ︶ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠬᠦᠴᠦᠯᠡᠨ ᠦᠢᠯᠡᠴᠢᠯᠡᠨ᠎ᠡ᠃ ᠡᠷᠡᠮᠵᠡᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠤᠨ ᠭᠤᠭᠴᠤᠭ᠎ᠠ ᠪᠠ ᠱᠠᠲᠣ ᠦᠶ᠎ᠡ ᠬᠤᠪᠢᠶᠠᠵᠣ᠂ ᠬᠡᠰᠡᠭ ᠪᠦᠯᠦᠭ ᠪᠣᠶᠣ ᠪᠦᠬᠦ ᠶᠠᠪᠣᠴᠠ ᠶᠢᠨ ᠣᠷᠣᠯᠠᠨ ᠬᠦᠢᠴᠡᠳᠬᠡᠬᠦ ᠬᠠᠪᠰᠣᠷᠣᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠳᠤ ᠬᠢᠨᠠᠨ ᠵᠥᠪᠰᠢᠶᠡᠷᠡᠬᠦ  ᠴᠠᠭ ᠣᠷᠳᠣ ᠪᠠᠶᠢᠵᠤ᠂ ᠭᠤᠶᠤᠴᠢᠯᠠᠭᠴᠢ ︽ᠣᠯᠠᠨ ᠭᠠᠵᠠᠷ ᠢᠶᠠᠷ ᠭᠦᠶᠦᠬᠦ︾ ︽ᠣᠯᠠᠨ ᠤᠳᠠᠭ᠎ᠠ ᠭᠦᠶᠦᠬᠦ︾ ᠵᠡᠷᠭᠡ ᠠᠰᠠᠭᠤᠳᠠᠯ ᠢ ᠬᠦᠴᠦᠯᠡᠨ ᠰᠡᠶᠢᠳᠪᠦᠷᠢᠯᠡᠨ᠎ᠡ᠃    ︵ᠬᠤᠶᠠᠷ︶ ᠰᠡᠶᠢᠠ ᠳᠤᠷ᠎ᠠ ᠠᠴᠠ ᠪᠠᠨ ᠨᠠᠶᠢᠳᠠᠵᠤ᠂ ᠦᠨ᠎ᠡ ᠲᠥᠯᠥᠪᠦᠷᠢ ᠤᠢᠭᠡᠢ ᠪᠠᠷ ᠦᠢᠯᠡᠴᠢᠯᠡᠨ᠎ᠡ᠃ ᠠᠵᠤ ᠠᠬᠤᠶᠢᠯᠠᠯ ᠪᠠ ᠣᠯᠠᠨ ᠲᠦᠮᠡᠨ ᠰᠠᠶᠢᠨ ᠳᠤᠷ᠎ᠠ ᠠᠴᠠ ᠪᠠᠨ ᠡᠵᠡᠨ ᠮᠡᠳᠡᠵᠦ ᠣᠷᠣᠯᠠᠨ ᠬᠦᠢᠴᠡᠳᠬᠡᠬᠦ ᠬᠠᠪᠰᠣᠷᠣᠨ ᠭᠦᠢᠴᠡᠳᠬᠡᠬᠦ ᠦᠢᠯᠡᠴᠢᠯᠡᠭᠡ ᠶᠢ ᠰᠣᠩᠭᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠨᠠᠶᠢᠳᠠᠯᠭ᠎ᠠ ᠶᠢ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠦᠯᠦᠪᠦᠷᠢ ᠦᠭᠡᠢ ᠪᠠᠷ ᠣᠷᠣᠯᠠᠨ ᠭᠦᠢᠴᠡᠳᠬᠡᠬᠦ ᠬᠠᠪᠰᠣᠷᠣᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠬᠠᠣᠯᠢ ᠴᠠᠭᠠᠵᠠ ᠬᠠᠣᠯᠢ ᠳᠦᠷᠢᠮ ᠳᠤ ᠠᠵᠣ ᠠᠬᠤᠶᠢᠯᠠᠯ ᠪᠠ ᠣᠯᠠᠨ ᠲᠦᠮᠡᠨ ᠡᠭᠦᠷᠭᠡᠯᠡᠨ᠎ᠡ ᠭᠡᠵᠤ ᠲᠣᠭᠲᠠᠭᠠᠭᠰᠠᠨ ᠰᠦᠢᠳᠬᠡᠯ ᠠᠴᠠ ᠭᠠᠳᠠᠨ᠎ᠠ ᠠᠵᠣ ᠠᠬᠤᠶᠢᠯᠠᠯ ᠪᠠ ᠣᠯᠠᠨ ᠲᠦᠮᠡᠨ ᠠᠴᠠ ᠪᠣᠰᠣᠳ ᠶᠠᠮᠠᠷ ᠴᠦ ᠰᠦᠢᠳᠬᠡᠯ ᠬᠤᠷᠢᠶᠠᠵᠣ ᠪᠣᠯᠬᠤ ᠦᠭᠡᠢ᠃         ︵ᠭᠤᠷᠪᠠ︶ ᠬᠠᠮᠵᠢᠯᠴᠠᠨ ᠬᠥᠳᠡᠯᠦᠯᠴᠡᠵᠦ᠂ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ ᠣᠯᠠᠨ ᠰᠠᠯᠠᠭ᠎ᠠ ᠮᠥᠴᠢᠷ ᠲᠤ ᠬᠤᠯᠪᠣᠭᠳᠠᠬᠤ ᠦᠶᠡᠰ᠂ ᠳᠠᠭᠠᠭᠠᠨ ᠬᠢᠬᠦ ᠰᠠᠯᠠᠭ᠎ᠠ ᠮᠥᠴᠢᠷ ᠠᠴᠠ ᠬᠤᠯᠪᠤᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠥᠨᠳᠡᠯᠡᠨ ᠢᠶᠠᠷ ᠬᠠᠮᠵᠢᠯᠴᠠᠬᠤ ᠪᠠ ᠭᠤᠯᠳᠤ ᠪᠠᠷ ᠬᠠᠮᠲᠤᠷᠠᠨ ᠬᠥᠳᠡᠯᠦᠯᠴᠡᠵᠤ᠂ ᠰᠠᠭᠠᠳ ᠥᠬᠡᠶ ᠨᠡᠪᠲᠡᠷᠡᠯᠴᠡᠨ᠎ᠠ᠂ ᠪᠦᠲᠦᠮᠵᠢᠲᠡᠶ ᠪᠠᠷ ᠣᠷᠣᠯᠠᠨ ᠭᠦᠢᠴᠡᠳᠬᠡᠬᠦ ᠬᠠᠪᠰᠣᠷᠣᠨ ᠭᠦᠢᠴᠡᠳᠬᠡᠬᠦ ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠦᠨ᠂  ᠠᠰᠠᠭᠤᠳᠠᠯ ᠳᠤ ᠬᠠᠷᠢᠭᠤᠴᠠᠵᠤ᠂ ᠨᠡᠶᠢᠯᠡᠭᠦᠯᠦᠨ ᠬᠤᠯᠪᠣᠭᠠᠯᠠᠵᠤ ᠭᠦᠢᠴᠡᠳᠬᠡᠬᠦ ᠪᠠ ᠴᠠᠭ ᠬᠢᠵᠠᠭᠠᠷᠯᠠᠨ ᠬᠦᠢᠴᠡᠳᠭᠡᠬᠦ ᠵᠡᠷᠭᠡ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠣᠷᠣᠯᠠᠨ ᠭᠦᠢᠴᠡᠳᠬᠡᠬᠦ ᠬᠠᠪᠰᠣᠷᠣᠨ ᠭᠦᠢᠴᠡᠳᠬᠡᠬᠦ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ᠭᠤᠷᠪᠠ᠂ ᠠᠵᠢᠯ ᠤᠨ ᠬᠠᠷᠠᠯᠲᠠ      2021 ᠣᠨ ᠤ 4 ᠰᠠᠷ᠎ᠠ ᠶᠢᠨ ᠰᠡᠭᠦᠯᠴᠢ ᠠᠴᠠ ᠡᠮᠦᠨ᠎ᠡ ︽ᠲᠠᠨ ᠳᠤ ᠬᠠᠪᠰᠤᠷᠤᠨ ᠭᠦᠢᠴᠡᠳᠬᠡᠬᠦ︾ ᠴᠤᠩᠬᠤᠪᠴᠢ ︵ᠠᠯᠪᠠᠨ ᠭᠠᠵᠠᠷ ᠳᠣᠭᠢᠷᠠᠭᠤᠯᠬᠤ︶ ᠵᠢᠴᠢ ᠰᠦᠯᠵᠢᠶᠡᠨ ᠳᠡᠭᠡᠷᠡᠬᠢ ᠲᠤᠰᠬᠠᠶ ᠪᠤᠯᠤᠩ ᠪᠠᠶᠢᠷᠢᠯᠠᠭᠤᠯᠵᠦ ᠂ ᠲᠤᠰᠬᠠᠶᠢᠵᠢᠭᠰᠠᠨ ᠣᠷᠣᠯᠠᠨ ᠭᠦᠢᠴᠡᠳᠬᠡᠬᠦ ᠬᠠᠪᠰᠣᠷᠣᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠦᠢᠯᠡᠴᠢᠯᠡᠭᠡᠨ ᠤ ᠬᠡᠪᠴᠢᠶ᠎ᠡ᠂ ᠡᠭᠦᠷᠭᠡ ᠬᠠᠷᠢᠭᠤᠴᠠᠯᠭ᠎ᠠ ᠵᠢᠴᠢ ᠴᠤᠪᠤᠷᠠᠯ ᠢ ᠨᠠᠷᠢᠯᠢᠬᠵᠢᠭᠤᠯᠤᠨ᠂ 2021 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠭᠤᠯᠳᠤ ᠪᠠᠷ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠬᠠᠮᠵᠢᠯᠴᠠᠬᠤ︾ ᠣᠷᠣᠯᠠᠨ ᠭᠦᠢᠴᠡᠳᠬᠡᠬᠦ ᠬᠠᠪᠰᠣᠷᠣᠨ ᠭᠦᠢᠴᠡᠳᠬᠡᠬᠦ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ︽ᠠᠵᠤ ᠠᠬᠤᠶᠢᠯᠠᠯ ᠬᠦᠶᠤᠵᠤ︾ ᠪᠠᠶᠢᠭᠰᠠᠨ ᠠᠴᠠ ᠪᠠᠨ ︽ᠵᠠᠰᠠᠭ ᠤᠨ ᠣᠷᠳᠣᠨ ᠬᠦᠶᠤᠬᠦ︾ ᠪᠣᠯᠭᠠᠨ ᠬᠤᠪᠢᠷᠠᠭᠤᠯᠤᠨ᠎ᠠ᠃      ᠳᠥᠷᠪᠡ᠂ ᠭᠤᠤᠯᠳᠠᠯᠭ᠎ᠠ ᠲᠠᠢ ᠡᠭᠦᠷᠭᠡ   ︵ᠨᠢᠭᠡ︶ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠎ᠠ᠃ ᠣᠷᠣᠯᠠᠨ ᠭᠦᠢᠴᠡᠳᠬᠡᠬᠦ ᠬᠠᠪᠰᠣᠷᠣᠨ ᠭᠦᠢᠴᠡᠳᠬᠡᠬᠦ ᠦᠢᠯᠡᠴᠢᠯᠡᠭᠡᠨ ᠤ ᠬᠡᠪᠴᠢᠶ᠎ᠡ ᠳᠤ ᠭᠤᠤᠯᠳᠠᠭᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠭᠤᠤᠯᠳᠠᠯᠭ᠎ᠠ ᠲᠠᠢ ᠬᠦᠷᠢᠶ᠎ᠡ ᠪᠠᠭᠲᠠᠨ᠎ᠠ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠬᠦᠨ ᠤ ᠲᠣᠭᠤᠷᠢᠨ ᠳᠤ ᠪᠥᠬᠦ ᠬᠦᠷᠢᠶ᠎ᠡ ᠴᠠᠷᠠᠭ᠎ᠠ᠂ ᠪᠥᠬᠦ ᠴᠤᠪᠤᠷᠠᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠬᠠᠪᠰᠣᠷᠣᠨ ᠭᠦᠢᠴᠡᠳᠬᠡᠬᠦ ᠠᠵᠢᠯ ᠢ ᠥᠷᠨᠢᠭᠦᠯᠦᠨ᠎ᠡ᠃ ᠡᠭᠦᠨ ᠤ ᠬᠠᠮᠲᠤ ︽ ︿ᠲᠠᠨ ᠳᠤ ᠬᠠᠪᠰᠤᠷᠤᠨ ᠭᠦᠢᠴᠡᠳᠬᠡᠬᠦ﹀ ᠣᠷᠣᠯᠠᠨ ᠭᠦᠢᠴᠡᠳᠬᠡᠬᠦ ᠬᠠᠪᠰᠣᠷᠣᠨ ᠭᠦᠢᠴᠡᠳᠬᠡᠬᠦ ᠦᠢᠯᠡᠴᠢᠯᠡᠭᠡᠨ  ᠤ ᠲᠦᠷᠤᠯ ᠵᠦᠢᠯ ᠤᠨ ᠨᠠᠷᠢᠨ ᠲᠠᠩᠰᠠ︾  ︵ᠭᠠᠷᠴᠠᠭ ᠢ ᠯᠠᠪᠯᠠᠬᠤ  ᠂ ᠨᠠᠷᠢᠨ ᠠᠭᠤᠯᠭ᠎ᠠ ᠶᠢ ᠳᠠᠭᠠᠯᠳᠤᠭᠤᠯᠤᠯ 1 ᠳᠤ ᠦᠵᠡ︶ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠡᠯ᠎ᠡ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠯᠠᠪᠯᠠᠯᠲᠠ ᠶᠢᠨ ᠭᠠᠷᠴᠠᠭ ᠢ ᠦᠨᠳᠦᠰᠦᠯᠡᠨ᠂ ᠲᠥᠷᠥᠯ ᠵᠦᠢᠯ ᠤᠨ ᠨᠠᠷᠢᠨ ᠲᠠᠩᠰᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠤ᠂ ᠨᠠᠩ ᠣᠯᠠᠨ ᠲᠦᠷᠤᠯ ᠵᠦᠢᠯ ᠢ ︽ᠲᠠᠨ ᠳᠤ ᠬᠠᠪᠰᠤᠷᠤᠨ ᠬᠦᠢᠴᠡᠳᠬᠡᠬᠦ︾ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠤᠨ᠎ᠠ᠃      ︵ᠬᠤᠶᠠᠷ︶ ᠡᠩᠨᠡᠭᠡ ᠪᠠᠶᠢᠭᠤᠯᠤᠨ᠎ᠠ᠃ ︽ᠲᠠᠨ ᠳᠤ ᠬᠠᠪᠰᠤᠷᠤᠨ ᠬᠦᠢᠴᠡᠳᠬᠡᠬᠦ︾ ᠣᠷᠣᠯᠠᠨ ᠭᠦᠢᠴᠡᠳᠬᠡᠬᠦ ᠬᠠᠪᠰᠤᠷᠤᠨ ᠬᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠬᠤ ᠳᠤ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠪᠤᠳᠠᠳᠠᠢ ᠲᠠᠢ ᠤᠶᠠᠯᠳᠤᠭᠤᠯᠤᠨ᠂ ᠠᠳᠠᠭ ᠲᠠᠭᠠᠨ ᠨᠢᠬᠡ ᠲᠤᠰᠬᠠᠢ ᠠᠵᠢᠯᠳᠠᠨ ᠢ ᠰᠣᠩᠭᠤᠨ ᠲᠣᠮᠢᠯᠠᠵᠤ᠂ ᠪᠠᠰᠠ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠰ ᠰᠠᠯᠠᠭ᠎ᠠ ᠮᠥᠴᠢᠷ ᠤᠨ ᠣᠷᠣᠯᠠᠨ ᠬᠦᠢᠴᠡᠳᠬᠡᠬᠦ ᠬᠠᠪᠰᠤᠷᠤᠨ ᠬᠦᠢᠴᠡᠳᠬᠡᠬᠦ ᠠᠵᠢᠯ ᠢ ᠬᠢᠬᠦ ᠬᠡᠷᠡᠭᠲᠡᠶ᠃ ᠣᠷᠣᠯᠠᠨ ᠬᠦᠢᠴᠡᠳᠭᠡᠭᠴᠢ ᠨᠢ ᠭᠤᠤᠯᠳᠠᠭᠤ ᠡᠷᠡᠮᠵᠡᠯᠡᠭᠴᠢ ᠳᠤ ᠲᠤᠬᠠᠶᠢᠯᠠᠭᠰᠠᠨ ᠠᠵᠢᠯ ᠤᠨ ᠵᠦᠪᠯᠡᠯᠭᠡ ᠦᠭᠭᠦ ᠮᠦᠷᠳᠡᠭᠡᠨ ᠨᠡᠪᠲᠡᠷᠡᠯᠴᠡᠨ ᠵᠣᠬᠢᠴᠠᠭᠤᠯᠵᠤ᠂ ᠪᠥᠬᠦ ᠶᠠᠪᠤᠴᠠ ᠳᠤ ᠮᠥᠷᠳᠡᠬᠦ ᠪᠦᠭᠡᠳ ᠠᠰᠠᠭᠤᠳᠠᠯ ᠢ ᠰᠢᠢᠳᠪᠦᠷᠢᠯᠡᠬᠦ ᠵᠡᠷᠭᠡ ᠦᠢᠯᠡᠴᠢᠯᠡᠭᠡ ᠬᠠᠩᠭᠠᠬᠤ ᠶᠢ ᠬᠠᠷᠢᠭᠤᠴᠠᠬᠤ ᠶᠢᠨ ᠬᠠᠮᠲᠤ᠂ ᠲᠦᠷᠦᠯ ᠵᠦᠢᠯ ᠲᠣᠭᠲᠠᠭᠠᠬᠤ᠂ ᠰᠤᠳᠤᠯᠭᠠᠨ ᠬᠢᠬᠦ᠂ ᠭᠠᠵᠠᠷ ᠰᠣᠩᠭᠤᠬᠤ᠂ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠲᠥᠰᠦᠯ ᠢ ᠬᠢᠨᠠᠨ ᠪᠠᠶᠢᠴᠠᠭᠠᠬᠤ᠂ ᠪᠠᠷᠢᠯᠭ᠎ᠠ ᠶᠢᠨ ᠵᠢᠷᠤᠭ᠂ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠷᠢᠯᠭ᠎ᠠ ᠳᠠᠭᠤᠰᠤᠭᠰᠠᠨ ᠤ ᠲᠠᠷᠠᠭ᠎ᠠ ᠰᠢᠯᠭᠠᠨ ᠬᠤᠷᠢᠶᠠᠬᠤ ᠵᠡᠷᠭᠡ ᠲᠠᠯ᠎ᠠ ᠪᠠᠷ ᠣᠷᠣᠯᠠᠨ ᠭᠦᠢᠴᠡᠳᠬᠡᠬᠦ ᠬᠠᠪᠰᠤᠷᠤᠨ ᠬᠦᠢᠴᠡᠳᠬᠡᠬᠦ ᠶᠢ ᠥᠷᠨᠢᠭᠦᠯᠦᠨ᠎ᠡ᠃     ︵ᠭᠤᠷᠪᠠ︶ ᠰᠢᠰᠲ᠋ᠧᠮ ᠢ ᠴᠣᠭᠴᠠᠯᠠᠨ ᠪᠠᠶᠢᠭᠤᠯᠤᠨ᠎ᠠ᠃ ᠬᠠᠮᠤᠷᠬᠤ ᠬᠡᠪᠴᠢᠶ᠎ᠡ᠂ ᠰᠢᠶᠠᠩ ᠪᠠᠯᠭᠠᠰᠤ ᠶᠢᠨ ᠵᠡᠭᠡᠯᠢ ᠭᠤᠳᠤᠮᠵᠢ᠂ ᠭᠠᠴᠠᠭ᠎ᠠ ︵ᠲᠣᠰᠬᠤᠨ᠂ ᠨᠡᠶᠢᠭᠡᠮ ᠲᠣᠭᠤᠷᠢᠭ︶ ᠬᠡᠬᠦ ᠭᠤᠷᠪᠠᠨ ᠱᠠᠲᠤ ᠬᠤᠪᠢᠶᠠᠨ ᠣᠷᠣᠯᠠᠨ ᠭᠦᠢᠴᠡᠳᠬᠡᠬᠦ ᠬᠠᠪᠰᠤᠷᠤᠨ ᠬᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠪᠠᠶᠢᠭᠤᠯᠬᠤ ᠶᠢᠨ ᠬᠠᠮᠳᠤ᠂ ︽ᠱᠠᠲᠤ ᠬᠤᠪᠢᠶᠠᠨ ᠬᠦᠢᠴᠡᠳᠬᠡᠬᠦ᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠬᠦ᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠠᠳᠠᠯᠢ ᠠᠯᠬᠤᠮ ᠢᠶᠠᠷ ᠶᠠᠪᠤᠭᠳᠠᠬᠤ︾ ᠠᠷᠭ᠎ᠠ ᠮᠠᠶ᠋ᠢᠭ ᠢᠶᠠᠷ᠂ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠣᠷᠣᠯᠠᠨ ᠭᠦᠢᠴᠡᠳᠬᠡᠬᠦ ᠦᠢᠯᠡᠴᠢᠯᠡᠭᠡᠨ ᠢ ᠥᠷᠨᠢᠭᠦᠯᠦᠨ᠎ᠡ ᠃ ᠰᠦᠯᠵᠢᠶᠡᠨ ᠭᠠᠳᠠᠨᠠᠬᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠤᠯᠤᠨ ᠡᠯ᠎ᠡ ᠰᠠᠯᠠᠭ᠎ᠠ ᠮᠥᠴᠢᠷ ᠲᠤ ︽ᠲᠠᠨ ᠳᠤ ᠬᠠᠪᠰᠤᠷᠤᠨ ᠭᠦᠢᠴᠡᠳᠬᠡᠬᠦ︾ ᠴᠤᠩᠬᠤᠪᠴᠢ ︵ᠠᠯᠪᠠᠨ ᠭᠠᠵᠠᠷ ᠳᠣᠭᠢᠷᠠᠭᠤᠯᠬᠤ︶ ᠪᠠᠶᠢᠭᠤᠯᠵᠤ᠂ ᠪᠥᠬᠦ ᠬᠤᠲᠠ ᠶᠢᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠣᠷᠣᠯᠠᠨ ᠭᠦᠢᠴᠡᠳᠬᠡᠬᠦ ᠬᠠᠪᠰᠤᠷᠤᠨ ᠬᠦᠢᠴᠡᠳᠬᠡᠬᠦ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠨ᠂ ᠰᠠᠯᠠᠭ᠎ᠠ ᠮᠥᠴᠢᠷ᠂ ᠭᠠᠵᠠᠷ ᠤᠷᠤᠨ ᠪᠠ ᠱᠠᠲᠤ ᠠᠯᠤᠰᠯᠠᠭᠰᠠᠨ ᠣᠷᠣᠯᠠᠨ ᠭᠦᠢᠴᠡᠳᠬᠡᠬᠦ ᠬᠠᠪᠰᠤᠷᠤᠨ ᠬᠦᠢᠴᠡᠳᠬᠡᠬᠦ ᠦᠢᠯᠡᠴᠢᠯᠡᠭᠡ ᠶᠢ ᠪᠡᠶᠡᠯᠡᠭᠦᠯᠬᠦ ᠶᠢᠨ ᠬᠠᠮᠲᠤ᠂ ᠤᠲᠠᠰᠤ ᠪᠠᠷ ᠬᠠᠷᠢᠭᠤ ᠰᠤᠷᠪᠤᠯᠵᠢᠯᠠᠬᠤ᠂ ᠦᠢᠯᠡᠴᠢᠯᠡᠬᠦ ᠡᠲᠡᠭᠡᠳ ᠤᠨ ᠲᠤᠬᠠᠶ ᠶᠢᠨ ᠲᠠᠯᠠᠪᠠᠶ ᠪᠤᠶᠤ ᠣᠬᠤᠷ ᠴᠢᠮᠡᠭᠡ ᠪᠠᠷ ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠬᠦᠢᠴᠡᠳᠬᠡᠭᠰᠡᠨ ᠪᠠᠶᠢᠳᠠᠯ ᠢ ᠣᠶᠢᠯᠠᠭᠠᠨ᠎ᠠ︔ ᠰᠦᠯᠵᠢᠶᠡᠨ ᠲᠡᠭᠡᠷᠡᠬᠢ ︽ᠪᠤᠭᠤᠲᠤ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾᠂ ︽ᠮᠥᠩᠬᠡ ᠰᠤᠪᠠᠭ︾ ︵ᠪᠤᠭᠤᠲᠤ ᠥᠷᠲᠡᠭᠡ︶ ᠳᠤ ᠲᠦᠰᠢᠭᠯᠡᠨ᠂ ᠡᠷᠡᠮᠵᠡᠯᠡᠭᠴᠢ ᠳᠤ ᠯᠠᠪᠯᠠᠯᠳᠠ ᠪᠤᠯᠤᠨ ᠵᠢᠯᠤᠭᠤᠳᠤᠯᠭ᠎ᠠ ᠥᠭᠴᠤ ᠲᠥᠯᠥᠪᠦᠷᠢ ᠥᠬᠡᠶ ᠦᠢᠯᠡᠴᠢᠯᠡᠭᠡ  ᠶᠢ ᠬᠠᠩᠭᠠᠨ᠎ᠠ᠃ ᠡᠭᠦᠨ ᠤ ᠬᠠᠮᠲᠤ ︽ᠱᠠᠲᠤ ᠬᠤᠪᠢᠶᠠᠨ ᠰᠢᠢᠳᠪᠦᠷᠢᠯᠡᠬᠦ᠂ ᠬᠡᠷᠡᠭᠴᠡᠭᠡ ᠶᠣᠰᠣᠭᠠᠷ ᠲᠤᠰᠢᠶᠠᠨ ᠰᠢᠢᠳᠪᠦᠷᠢᠯᠡᠬᠦ᠂ ᠪᠥᠬᠦ ᠶᠠᠪᠤᠴᠠ ᠳᠤ ᠬᠢᠨᠠᠯᠲᠠ ᠲᠠᠯᠪᠢᠬᠤ᠂ ᠶᠠᠪᠤᠳᠠᠯ ᠤᠨ ᠳᠠᠷᠠᠭ᠎ᠠ ᠬᠠᠷᠢᠭᠤ ᠰᠤᠷᠪᠤᠯᠵᠢᠯᠠᠬᠤ᠂ ᠰᠢᠯᠭᠠᠨ ᠬᠢᠨᠠᠵᠤ ᠦᠨᠡᠯᠡᠬᠦ︾ ᠠᠵᠢᠯ ᠤᠨ ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ᠂ ᠭᠠᠵᠠᠷ ᠤᠷᠤᠨ ᠪᠠ ᠱᠠᠲᠤ ᠠᠯᠤᠰᠯᠠᠭᠰᠠᠨ ᠣᠷᠣᠯᠠᠨ ᠭᠦᠢᠴᠡᠳᠬᠡᠬᠦ ᠬᠠᠪᠰᠤᠷᠤᠨ ᠬᠦᠢᠴᠡᠳᠬᠡᠬᠦ ᠵᠦᠢᠯᠡᠰ ᠲᠤ ᠡᠭᠦᠰᠭᠡᠨ ᠪᠠᠶᠢᠭᠤᠯᠬᠤ ᠭᠠᠵᠠᠷ ᠪᠠ ᠬᠦᠢᠴᠡᠳᠬᠡᠬᠦ ᠭᠠᠵᠠᠷ ᠲᠤ ᠨᠢᠭᠲᠠ ᠬᠠᠮᠵᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠂  ᠡᠯ᠎ᠡ ᠣᠷᠣᠯᠠᠨ ᠭᠦᠢᠴᠡᠳᠬᠡᠬᠦ ᠬᠠᠪᠰᠤᠷᠤᠨ ᠬᠦᠢᠴᠡᠳᠬᠡᠬᠦ ᠰᠠᠯᠠᠭ᠎ᠠ ᠮᠥᠴᠢᠷ ᠵᠢᠴᠢ ᠠᠵᠢᠯᠲᠠᠨ ᠨᠢ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠤᠷᠢᠳᠴᠢᠯᠠᠨ ᠣᠷᠣᠯᠴᠠᠵᠤ᠂ ᠨᠠᠶᠢᠳᠠᠯᠭ᠎ᠠ ᠶᠢ ᠭᠥᠯᠢᠶᠡᠨ ᠠᠪᠴᠤ᠂ ᠬᠡᠯᠡᠯᠴᠡᠭᠡᠷ ᠲᠣᠭᠲᠠᠵᠤ᠂ ᠵᠥᠪᠯᠡᠯᠭᠡ ᠬᠠᠩᠭᠠᠬᠤ᠂ ᠮᠠᠲ᠋ᠧᠷᠢᠶᠠᠯ ᠮᠡᠳᠡᠭᠦᠯᠦᠨ ᠬᠦᠷᠭᠡᠬᠦ᠂ ᠵᠣᠬᠢᠴᠠᠭᠤᠯᠤᠨ ᠬᠦᠢᠴᠡᠳᠬᠡᠬᠦ᠂ ᠦᠷ᠎ᠡ ᠳ᠋ᠦᠩ ᠢ ᠬᠠᠷᠢᠭᠤ ᠲᠤᠰᠬᠠᠬᠤ᠂ ᠲᠠᠩᠰᠠ ᠡᠪᠬᠡᠮᠡᠯ ᠳᠤ ᠣᠷᠣᠭᠤᠯᠬᠤ᠂ ᠬᠠᠷᠢᠭᠤ ᠰᠤᠷᠪᠤᠯᠵᠢᠯᠠᠵᠤ ᠦᠨᠡᠯᠡᠨ ᠵᠢᠱᠢᠬᠦ ᠶᠢ ᠴᠠᠭ ᠲᠤᠬᠠᠶ ᠳᠤᠨᠢ ᠪᠡᠶᠡᠯᠡᠭᠦᠯᠵᠦ᠂ ᠪᠦᠳᠤᠮᠵᠢᠳᠠᠢ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠬᠦᠢᠴᠡᠳᠬᠡᠨ᠎ᠡ᠃       ︵ᠳᠥᠷᠪᠡ︶ ᠴᠤᠪᠤᠷᠠᠯ ᠢ ᠵᠢᠷᠤᠮᠵᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ︽ᠲᠠᠨ ᠳᠤ ᠬᠠᠪᠰᠤᠷᠤᠨ ᠭᠦᠢᠴᠡᠳᠬᠡᠬᠦ︾ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠤᠪᠤᠷᠠᠯ ᠵᠢᠷᠤᠭ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ ︵ᠵᠢᠱᠢᠶ᠎ᠡ ᠦᠵᠡᠭᠦᠯᠬᠦ ᠲᠣᠪᠬᠢᠮᠠᠯ᠂ ᠳᠠᠭᠠᠯᠳᠤᠭᠤᠯᠤᠯ 2 ᠲᠤ ᠦᠵᠡ︶᠃ ᠡᠯ᠎ᠡ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠵᠢᠱᠢᠶ᠎ᠡ ᠦᠵᠡᠭᠦᠯᠬᠦ ᠲᠣᠪᠬᠢᠮᠠᠯ ᠢ ᠦᠨᠳᠦᠰᠦᠯᠡᠨ᠂ ᠲᠣᠰ ᠪᠡᠶ᠎ᠡ ᠶᠢᠨ ᠪᠣᠳᠠᠲᠠᠶ ᠲᠠᠢ  ᠤᠶᠠᠯᠳᠤᠭᠤᠯᠵᠤ᠂  ᠴᠤᠪᠤᠷᠠᠯ ᠤᠨ ᠵᠢᠷᠤᠭ ᠢ ᠲᠠᠰᠤᠷᠠᠯᠲᠠ ᠥᠬᠡᠶ ᠨᠠᠷᠢᠯᠢᠬᠵᠢᠭᠤᠯᠬᠤ ᠪᠠ ᠨᠡᠶᠢᠲᠡᠯᠡᠬᠦ ᠬᠡᠷᠡᠭᠲᠡᠶ᠃ ᠪᠣᠳᠠᠲᠠᠶ ᠶᠠᠪᠤᠴᠠ᠄ ᠡᠷᠡᠮᠵᠡᠯᠡᠭᠴᠢ ᠰᠠᠶᠢᠨ ᠳᠤᠷ᠎ᠠ ᠠᠴᠠ ᠪᠠᠨ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠲᠤ ᠡᠷᠡᠮᠵᠡᠯᠡᠵᠤ—ᠣᠷᠣᠯᠠᠨ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶᠢᠯᠠᠬᠤ— ᠲᠥᠷᠥᠯ ᠵᠦᠢᠯ ᠤᠨ ᠮᠡᠳᠡᠭᠡ ᠵᠠᠩᠭᠢ ᠲᠤᠰᠢᠶᠠᠬᠤ— ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠲᠤᠰᠬᠠᠶ ᠠᠵᠢᠯᠳᠠᠨ ᠲᠣᠬᠢᠷᠠᠭᠤᠯᠤᠨ ᠡᠷᠡᠮᠵᠢᠯᠡᠭᠴᠢ ᠲᠠᠢ ᠬᠠᠷᠢᠯᠴᠠᠬᠤ —ᠬᠤᠯᠪᠣᠭᠳᠠᠯ ᠪᠥᠬᠦᠶ ᠪᠠᠶᠢᠳᠠᠯ ᠢ ᠬᠢᠨᠠᠨ ᠬᠠᠷᠭᠤᠭᠤᠯᠵᠤ —ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠪᠠ ᠠᠮᠠᠯᠠᠯᠲᠠ ᠶᠢᠨ ᠪᠢᠴᠢᠭ ᠲᠣᠭᠲᠠᠭᠠᠬᠤ— ᠣᠷᠣᠯᠠᠨ ᠭᠦᠢᠴᠡᠳᠬᠡᠬᠦ ᠲᠥᠰᠦᠯ ᠢ ᠲᠣᠭᠲᠠᠭᠠᠵᠤ— ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠲᠥᠯᠥᠪᠯᠡᠭᠡ ᠶᠢ ᠨᠠᠶᠢᠷᠠᠭᠤᠯᠤᠬᠤ— ᠲᠡᠰ ᠲᠠᠷᠠᠭ᠎ᠠ ᠲᠠᠢ ᠭᠤᠶᠤᠴᠢᠯᠠᠬᠤ ᠵᠡᠷᠭᠡ ᠪᠤᠯᠤᠨ᠎ᠠ᠃ ᠭᠦᠢᠴᠡᠳᠬᠡᠬᠦ ᠲᠤᠮᠳᠠ ᠴᠠᠭ ᠢ ᠪᠠᠭᠠᠰᠬᠠᠨ᠂ ᠰᠠᠯᠠᠭ᠎ᠠ ᠮᠥᠴᠢᠷ ᠬᠠᠮᠲᠤᠷᠠᠨ ᠭᠦᠢᠴᠡᠳᠬᠡᠵᠦ᠂ ᠭᠦᠢᠴᠡᠳᠬᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠲᠠᠩᠰᠠ ᠡᠪᠬᠡᠮᠡᠯ ᠳᠤ ᠣᠷᠣᠭᠤᠯᠤᠨ ᠲᠠᠬᠢᠨ ᠮᠠᠲ᠋ᠧᠷᠢᠶᠠᠯ ᠢ ᠪᠤᠴᠠᠭᠠᠵᠤ᠂ ᠬᠠᠷᠢᠭᠤ ᠰᠤᠷᠪᠤᠯᠵᠢᠯᠠᠵᠤ ᠦᠨᠡᠯᠡᠬᠦ ᠬᠡᠷᠡᠭᠲᠡᠶ᠃ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠳᠠᠭᠤᠰᠬᠤ ᠨᠥᠬᠦᠴᠡᠯ ᠳᠤ ᠨᠡᠶᠢᠴᠡᠪᠡᠯ᠂ ︽ᠳᠠᠭᠤᠰᠬᠤ ᠬᠠᠭᠤᠳᠠᠰᠤ︾ ᠲᠣᠭᠲᠠᠵᠤ᠂ ᠭᠦᠢᠴᠡᠳᠬᠡᠬᠦ ᠦᠢᠯᠡᠴᠢᠯᠡᠭᠡ ᠶᠢ ᠳᠠᠭᠤᠰᠬᠠᠨ᠎ᠠ᠃ ︵ᠳᠠᠭᠠᠯᠳᠤᠭᠤᠯᠤᠯ 3 - 8 ᠳᠤ ᠦᠵᠡ︶         ︵ᠲᠠᠪᠤ︶ ᠬᠠᠮᠲᠤᠷᠠᠨ ᠬᠥᠳᠡᠯᠦᠯᠴᠡᠬᠦ᠃ ︽ᠵᠥᠪᠳᠡᠯᠴᠡᠨ ᠬᠠᠮᠲᠤᠷᠠᠨ ᠬᠢᠨᠠᠬᠤ︾ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠨ᠎ᠡ᠃ ︽ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠥᠪᠳᠡᠯᠴᠡᠬᠦ ᠳᠦᠷᠢᠮ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ ᠬᠥᠭᠵᠢᠭᠦᠯᠦᠯᠲᠡ ᠪᠠ ᠥᠭᠡᠷᠡᠴᠢᠯᠡᠯᠲᠡ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠭᠠᠯ ᠰᠡᠷᠭᠡᠶᠢᠯᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠰᠠᠯᠠᠭ᠎ᠠ ᠮᠥᠴᠢᠷ ᠬᠠᠮᠲᠤᠪᠠᠷ ᠲᠥᠷᠥᠯ ᠵᠦᠢᠯ ᠤᠨ ᠵᠥᠪᠳᠡᠯᠴᠡᠨ ᠬᠠᠮᠲᠤᠷᠠᠨ ᠬᠢᠨᠠᠬᠤ ᠠᠵᠢᠯ ᠢ ᠪᠡᠶᠡᠯᠡᠭᠦᠯᠬᠦ ᠬᠡᠷᠡᠭᠲᠡᠶ᠃ ᠵᠥᠪᠳᠡᠯᠴᠡᠨ ᠬᠠᠮᠲᠤᠷᠠᠨ ᠬᠢᠨᠠᠬᠤ ᠳᠤ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠭᠤᠯᠵᠤ᠂ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠪᠠᠷᠢᠯᠭ᠎ᠠ ᠪᠠᠷᠢᠬᠤ᠂ ᠪᠠᠷᠢᠯᠭ᠎ᠠ ᠳᠠᠭᠤᠰᠬᠠᠬᠤ ᠵᠡᠷᠭᠡ ᠠᠳᠠᠯᠢ ᠪᠤᠰᠤ ᠱᠠᠲᠤ ᠦᠶ᠎ᠡ ᠶᠢᠨ ᠬᠢᠨᠠᠨ ᠵᠥᠪᠰᠢᠶᠡᠷᠡᠬᠦ ᠵᠦᠢᠯᠡᠰ ᠤᠨ ᠲᠣᠭᠤᠷᠢᠨ ᠳᠤ᠂ ᠡᠷᠡᠮᠵᠡᠯᠡᠭᠴᠢ ᠳᠤ ᠨᠢᠭᠡ ᠯᠠ ᠤᠳᠠᠭ᠎ᠠ ᠶᠢᠨ ᠴᠢᠨᠠᠷᠲᠠᠶ ᠮᠡᠳᠡᠭᠳᠡᠨ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠢᠨᠠᠨ ᠵᠥᠪᠰᠢᠶᠡᠷᠡᠬᠦ ᠶᠢ ᠬᠠᠮᠲᠤᠷᠠᠨ ᠥᠷᠨᠢᠭᠦᠯᠤᠨ᠎ᠠ᠃ ᠬᠢᠨᠠᠨ ᠵᠥᠪᠰᠢᠶᠡᠷᠡᠬᠦ ᠵᠠᠭᠪᠤᠷ ᠢ ᠬᠡᠷᠡᠭᠵᠢᠭᠦᠯᠵᠦ᠂ ᠡᠷᠡᠮᠵᠡᠯᠡᠭᠴᠢ ᠶᠢ ᠵᠢᠯᠣᠭᠤᠳᠬᠤ ᠶᠢᠨ ᠬᠠᠮᠳᠤ ᠮᠠᠲ᠋ᠧᠷᠢᠶᠠᠯ ᠪᠡᠯᠡᠳᠬᠡᠵᠤ ︽ᠦᠨᠡᠯᠡᠯᠲᠡ ᠶᠢ ᠨᠢᠬᠡᠳᠬᠡᠬᠦ︾᠂ ︽ᠣᠯᠠᠨ ᠵᠢᠷᠤᠭ ᠲᠥᠯᠥᠪᠯᠡᠭᠡ ᠶᠢ ᠬᠠᠮᠲᠤᠷᠠᠨ ᠬᠢᠨᠠᠬᠤ ︾᠂ ︽ᠬᠠᠮᠲᠤᠷᠠᠨ ᠰᠢᠯᠭᠠᠨ ᠠᠪᠬᠤ︾ ᠵᠡᠷᠭᠡ ᠦᠢᠯᠡᠴᠢᠯᠡᠭᠡ ᠶᠢ ᠬᠠᠮᠵᠢᠯᠴᠠᠨ ᠭᠦᠢᠴᠡᠳᠬᠡᠵᠦ᠂ ᠲᠥᠷᠥᠯ ᠵᠦᠢᠯ ᠤᠨ  ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠤᠨ᠎ᠠ᠃      ︵ᠵᠢᠷᠭᠤᠭ᠎ᠠ︶ ᠰᠢᠯᠭᠠᠨ ᠦᠨᠡᠯᠡᠬᠦ ᠶᠢ ᠴᠢᠩᠭᠠᠳᠬᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠬᠡᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠲᠣᠰ ᠱᠠᠲᠤᠨ ᠤ ᠰᠠᠯᠠᠭ᠎ᠠ ᠮᠥᠴᠢᠷ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠢ ᠬᠢᠨᠠᠨ ᠪᠠᠶᠢᠴᠠᠭᠠᠵᠤ ᠰᠢᠯᠭᠠᠨ ᠦᠨᠡᠯᠡᠬᠦ ᠶᠢᠨ ᠬᠠᠮᠳᠤ ᠡᠯ᠎ᠡ ᠰᠠᠯᠠᠭ᠎ᠠ ᠮᠦᠴᠢᠷ ᠤᠨ ᠨᠢᠬᠡ ᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠤᠷᠤᠭᠤᠯᠤᠨ᠎ᠠ᠃ ︽ᠰᠠᠶᠢᠨ ᠮᠠᠭᠤ ᠦᠨᠡᠯᠡᠯᠲᠡ︾᠂ ᠰᠠᠨᠠᠯ ᠬᠤᠷᠢᠶᠠᠬᠤ ᠬᠠᠶᠢᠷᠴᠠᠭ᠂ ᠰᠢᠦᠳᠠᠨ ᠬᠠᠶᠢᠷᠴᠠᠭ᠂ 12345 ᠬᠠᠯᠠᠮᠰᠢᠯ ᠤᠲᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ ᠵᠠᠭᠠᠯᠳᠤᠵᠤ ᠢᠯᠡᠴᠢᠯᠡᠨ ᠮᠡᠳᠡᠭᠦᠯᠬᠦ ᠲᠠᠪᠴᠠᠩ ᠵᠡᠷᠭᠡ ᠪᠠᠷ ᠳᠠᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠣᠯᠠᠨ ᠠᠷᠭ᠎ᠠ ᠵᠠᠮ ᠢᠶᠠᠷ ᠬᠦᠯᠢᠶᠡᠨ ᠠᠪᠴᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠶᠢᠨ ᠬᠠᠮᠲᠤ ᠬᠠᠷᠢᠴᠠᠯ ᠶᠣᠰᠣᠭᠠᠷ ᠠᠵᠤ ᠠᠬᠤᠶᠢᠯᠠᠯ ᠣᠯᠠᠨ ᠲᠦᠮᠡᠨ  ᠳᠤ ᠬᠠᠷᠢᠭᠤ ᠰᠤᠷᠪᠤᠯᠵᠢᠯᠠᠭ᠎ᠠ ᠥᠷᠨᠢᠭᠦᠯᠤᠨ᠎ᠠ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯ ᠬᠠᠷᠢᠭᠤᠴᠠᠯᠭᠠᠲᠠᠨ ᠨᠥᠬᠦᠳ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠡᠭᠦᠷᠭᠡᠯᠡᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠢ ᠰᠠᠶᠢᠲᠤᠷ ᠬᠢᠨ᠎ᠡ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠣᠷᠣᠯᠠᠨ ᠬᠦᠢᠴᠡᠳᠭᠡᠭᠴᠢ ᠤᠨ ᠠᠵᠢᠯ ᠤᠨ ᠬᠡᠪ ᠴᠢᠨᠠᠷ ᠪᠣᠯᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃       ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠯᠪᠤᠭᠳᠠᠯ ᠪᠥᠬᠦᠶ ᠰᠠᠯᠠᠭ᠎ᠠ ᠮᠥᠴᠢᠷ ᠲᠤᠭᠳᠠᠭᠰᠡᠨ ᠬᠤᠭᠤᠴᠠᠭᠠᠨ ᠳᠤ ᠡᠭᠦᠷᠭᠡ ᠢᠶᠠᠨ ᠪᠡᠶᠡᠯᠡᠬᠦᠯᠵᠦ᠂ ᠱᠠᠲᠤ ᠳᠠᠷᠠᠭᠠᠯᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠬᠦ ᠬᠡᠷᠡᠭᠲᠡᠶ᠃ ᠡᠯ᠎ᠡ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠨᠢ ᠲᠦᠷᠦᠭᠦᠯᠡᠨ ᠬᠢᠬᠦ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠡᠭᠦᠷᠭᠡ ᠨᠢᠭᠡᠪᠦᠷᠢ ᠶᠢ ᠪᠦᠲᠦᠮᠵᠢᠲᠡᠶ ᠪᠠᠷ ᠪᠡᠶᠡᠯᠡᠭᠦᠯᠤᠨ᠎ᠡ᠃ ᠡᠯ᠎ᠡ ᠣᠷᠣᠯᠴᠠᠬᠤ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠴᠢᠷᠮᠠᠶᠢᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠨ᠎ᠡ᠃ ᠡᠯ᠎ᠡ ᠰᠠᠯᠠᠭ᠎ᠠ ᠮᠥᠴᠢᠷ ᠰᠠᠷ᠎ᠠ ᠪᠦᠷᠢ ᠶᠢᠨ 15 ᠠᠴᠠ ᠡᠮᠦᠨ᠎ᠡ ᠠᠬᠢᠴᠠ ᠶᠢᠨ ᠪᠠᠶᠢᠳᠠᠯ ᠢᠶᠠᠨ ᠲᠤᠭᠤᠷᠢᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠤᠨ᠎ᠠ  ᠃      ︵ᠭᠤᠷᠪᠠ︶ ᠤᠬᠠᠭᠤᠯᠭ᠎ᠠ ᠢᠶᠠᠨ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠲᠡᠷᠢᠭᠦᠨ ᠤ ᠭᠠᠵᠠᠷ ᠣᠷᠣᠨ ᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠤᠨ ᠲᠤᠷᠰᠢᠯᠭ᠎ᠠ ᠶᠢ ᠰᠤᠷᠤᠯᠴᠠᠨ᠂ ᠲᠠᠷᠤᠶᠢᠬᠠᠨ ᠰᠠᠶᠢᠵᠢᠷᠠᠭᠤᠯᠤᠨ᠎ᠠ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠭᠤᠴᠢᠯᠠᠭᠤᠷ᠂ ᠰᠦᠯᠵᠢᠶ᠎ᠡ᠂ ᠸᠢᠴᠠᠲ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠥᠷᠭᠡᠨ ᠢᠶᠠᠷ ᠤᠬᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠮᠠᠨ ᠤ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠬᠤ ᠬᠡᠷᠡᠭᠲᠡᠶ᠃      ᠳᠠᠭᠠᠯᠳᠤᠭᠤᠯᠤᠯ᠄ 1 . ︽ᠲᠠᠨ ᠳᠤ ᠬᠠᠪᠰᠤᠷᠤᠨ ᠭᠦᠢᠴᠡᠳᠬᠡᠬᠦ︾ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠦᠷᠤᠯ ᠵᠦᠢᠯ ᠤᠨ ᠨᠠᠷᠢᠨ ᠲᠠᠩᠰᠠ ︵ᠭᠠᠷᠴᠠᠭ ᠢ ᠯᠠᠪᠯᠠᠬᠤ  ︶      2 . ︽ᠲᠠᠨ ᠳᠤ ᠬᠠᠪᠰᠤᠷᠤᠨ ᠭᠦᠢᠴᠡᠳᠬᠡᠬᠦ︾ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠤᠪᠤᠷᠠᠯ ᠵᠢᠷᠤᠭ ︵ᠵᠢᠱᠢᠶ᠎ᠡ ᠦᠵᠡᠭᠦᠯᠬᠦ ᠲᠣᠪᠬᠢᠮᠠᠯ︶      3 . ︽ᠲᠠᠨ ᠳᠤ ᠬᠠᠪᠰᠤᠷᠤᠨ ᠭᠦᠢᠴᠡᠳᠬᠡᠬᠦ︾ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠭᠤᠶᠤᠴᠢᠯᠠᠯ ᠤᠨ ᠬᠦᠰᠦᠨᠦᠭᠲᠦ      4 . ︽ᠲᠠᠨ ᠳᠤ ᠬᠠᠪᠰᠤᠷᠤᠨ ᠭᠦᠢᠴᠡᠳᠬᠡᠬᠦ︾ ᠣᠷᠣᠯᠠᠨ ᠭᠦᠢᠴᠡᠳᠬᠡᠬᠦ  ᠦᠢᠯᠡᠴᠢᠯᠡᠭᠡᠨ ᠤ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠢ ᠣᠷᠣᠯᠠᠨ ᠭᠦᠢᠴᠡᠳᠬᠡᠨ᠎ᠡ      5 . ︽ᠲᠠᠨ ᠳᠤ ᠬᠠᠪᠰᠤᠷᠤᠨ ᠭᠦᠢᠴᠡᠳᠬᠡᠬᠦ︾ ᠣᠷᠣᠯᠠᠨ ᠭᠦᠢᠴᠡᠳᠬᠡᠬᠦ  ᠦᠢᠯᠡᠴᠢᠯᠡᠭᠡᠨ ᠤ ᠠᠮᠠᠯᠠᠯᠲᠠ ᠶᠢᠨ ᠪᠢᠴᠢᠭ      6 . ︽ᠲᠠᠨ ᠳᠤ ᠬᠠᠪᠰᠤᠷᠤᠨ ᠭᠦᠢᠴᠡᠳᠬᠡᠬᠦ︾ ᠣᠷᠣᠯᠠᠨ ᠭᠦᠢᠴᠡᠳᠬᠡᠬᠦ  ᠦᠢᠯᠡᠴᠢᠯᠡᠭᠡ ᠶᠢ  ᠭᠦᠢᠴᠡᠳᠬᠡᠬᠦ  ᠬᠠᠭᠤᠳᠠᠰᠤ      7 . ︽ᠲᠠᠨ ᠳᠤ ᠬᠠᠪᠰᠤᠷᠤᠨ ᠭᠦᠢᠴᠡᠳᠬᠡᠬᠦ︾ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠦᠨᠡᠯᠡᠯᠲᠡ ᠶᠢᠨ ᠬᠦᠰᠦᠨᠥᠭ      8 . ︽ᠲᠠᠨ ᠳᠤ ᠬᠠᠪᠰᠤᠷᠤᠨ ᠭᠦᠢᠴᠡᠳᠬᠡᠬᠦ︾ ᠣᠷᠣᠯᠠᠨ ᠭᠦᠢᠴᠡᠳᠬᠡᠬᠦ ᠦᠢᠯᠡᠴᠢᠯᠡᠭᠡ ᠳᠠᠭᠤᠰᠬᠤ ᠬᠠᠭᠤᠳᠠᠰᠤ      9 . ᠳᠠᠭᠠᠯᠳᠤᠭᠤᠯᠤᠯ ᠢ btkqsmdt @ 163 . com ᠠᠴᠠ ᠪᠠᠭᠤᠯᠭᠠᠭᠠᠷᠠᠶ᠂ ᠨᠢᠭᠤᠴᠠ ᠨᠣᠮᠧᠷ ᠄ 123567      ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ 2021 ᠣᠨ ᠤ 3 ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号