ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 1 ᠤ ᠡᠳᠦᠷ ᠤᠨ ᠮᠡᠳᠡᠭᠡ ︵ᠰᠤᠷᠪᠤᠯᠵᠢᠯᠠᠭᠴᠢ ᠲᠠᠨ | ᠮᠥᠸᠧ ᠰᠢᠶᠤᠤ︶ 2 ᠰᠠᠷ᠎ᠠ ᠶᠢᠨ 1 ᠤ ᠡᠳᠦᠷ ᠠᠴᠠ ᠡᠬᠢᠯᠡᠨ᠂ ᠰᠢᠨ᠎ᠡ ᠵᠢᠷᠤᠮᠵᠢᠯ ᠳᠤ ᠰᠠᠭᠤᠷᠢᠯᠠᠨ ᠨᠡᠭᠡᠭᠡᠨ | ᠬᠥᠭᠵᠢᠭᠦᠯᠦᠭᠰᠡᠨ ᠬᠦᠨᠳᠦ ᠶᠡᠭᠡ ᠡᠪᠡᠳᠴᠢᠨ ᠡᠮᠭᠡᠭ ᠤᠨ ᠳᠠᠭᠠᠳᠬᠠᠯ ᠤᠨ ᠦᠢᠯᠡᠳᠬᠦᠨ ᠢ ᠵᠠᠬ᠎ᠠ ᠳᠡᠯᠭᠡᠭᠦᠷ ᠲᠤ | ᠵᠠᠯᠭᠠᠭ᠎ᠠ ᠪᠠᠷ ᠣᠷᠣᠭᠤᠯᠬᠤ ᠪᠣᠯᠤᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠯᠠᠨ ᠳᠠᠭᠠᠳᠬᠠᠯ ᠤᠨ | ᠺᠣᠮᠫᠠᠨᠢ ᠨᠢᠭᠡᠨᠲᠡ ᠬᠦᠨᠳᠦ ᠡᠪᠡᠳᠴᠢᠨ ᠤ ᠰᠢᠨ᠎ᠡ ᠬᠡᠯᠪᠡᠷᠢ ᠶᠢᠨ ᠦᠢᠯᠡᠳᠭᠦᠨ ᠭᠠᠷᠭᠠᠭᠰᠠᠨ ᠪᠥᠭᠡᠳ | ᠲᠥᠯᠥᠪᠦᠷᠢ ᠥᠭᠬᠦ ᠦᠢᠯᠡᠴᠢᠯᠡᠭᠡ ᠪᠠᠨ ᠲᠠᠰ ᠳᠡᠪᠰᠢᠭᠦᠯᠵᠦ ᠪᠠᠶᠢᠨ᠎ᠠ᠃ | ᠡᠨᠡ ᠬᠦ ᠰᠢᠨ᠎ᠡ ᠵᠢᠷᠤᠮᠵᠢᠯ ᠢ ︽ᠬᠦᠨᠳᠦ ᠡᠪᠡᠳᠴᠢᠨ ᠤ ᠳᠠᠭᠠᠳᠬᠠᠯ ᠤᠨ ᠡᠪᠡᠳᠴᠢᠨ ᠡᠮᠭᠡᠭ ᠤᠨ | ᠲᠣᠮᠢᠶᠠᠯᠠᠯ ᠢ ᠬᠡᠷᠡᠭᠯᠡᠬᠦ ᠵᠢᠷᠤᠮᠵᠢᠯ ︵2020 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠭᠡᠳᠡᠭ᠂ | ᠳᠤᠮᠳᠠᠳᠤ ᠤᠯᠤᠰ ᠤᠨ ᠳᠠᠭᠠᠳᠬᠠᠯ ᠤᠨ ᠠᠵᠢᠯ ᠲᠥᠷᠥᠯ ᠤᠨ ᠨᠡᠶᠢᠭᠡᠮᠯᠢᠭ ᠠᠴᠠ ᠳᠤᠮᠳᠠᠳᠤ ᠤᠯᠤᠰ ᠤᠨ | ᠡᠮᠴᠢ ᠶᠢᠨ ᠨᠡᠶᠢᠭᠡᠮᠯᠢᠭ ᠲᠠᠢ ᠬᠠᠮᠲᠤᠷᠠᠨ 2007 ᠣᠨ ᠤ ᠬᠡᠪᠯᠡᠯ ᠤᠨ ᠰᠠᠭᠤᠷᠢᠨ ᠳᠡᠭᠡᠷ᠎ᠡ ᠵᠠᠰᠠᠪᠤᠷᠢ | ᠣᠷᠣᠭᠤᠯᠤᠭᠰᠠᠨ ᠶᠤᠮ᠃ | ᠣᠶᠢᠯᠠᠭᠠᠭᠰᠠᠨ ᠢᠶᠠᠷ᠂ ᠲᠣᠰ ᠤᠳᠠᠭ᠎ᠠ ᠬᠦᠨᠳᠦ ᠡᠪᠡᠳᠴᠢᠨ ᠤ ᠲᠠᠰ ᠬᠤᠪᠢᠶᠠᠬᠤ ᠰᠢᠰᠲ᠋ᠧᠮ ᠳᠤ | ᠵᠠᠰᠠᠪᠤᠷᠢ ᠣᠷᠣᠭᠤᠯᠵᠤ᠂ ᠠᠩᠬ᠎ᠠ ᠤᠳᠠᠭ᠎ᠠ ᠬᠥᠩᠭᠡᠨ ᠡᠪᠡᠳᠴᠢᠨ ᠤ ᠲᠣᠮᠢᠶᠠᠯᠠᠯ ᠢ ᠣᠷᠣᠭᠤᠯᠤᠨ᠂ ᠬᠤᠤᠷᠲᠤ | ᠬᠠᠪᠤᠳᠠᠷ᠂ ᠲᠦᠷᠭᠡᠨ ᠴᠢᠨᠠᠷᠲᠠᠶ ᠵᠢᠷᠦᠬᠡᠨ ᠪᠤᠯᠴᠢᠩ ᠤᠨ ᠲᠦᠭᠵᠢᠷᠡᠯ᠂ ᠲᠠᠷᠢᠬᠢᠨ ᠤ ᠰᠠ ᠡᠪᠡᠳᠴᠢᠨ ᠤ ᠦᠯᠡᠳᠡᠭᠳᠡᠯ | ᠬᠡᠮ ᠵᠡᠷᠭᠡ 3 ᠵᠦᠢᠯ ᠤᠨ ᠭᠤᠤᠯ ᠡᠪᠡᠳᠴᠢᠨ ᠢ ᠡᠪᠡᠳᠴᠢᠨ ᠤ ᠪᠠᠶᠢᠳᠠᠯ ᠢᠶᠠᠷ ᠨᠢ ᠬᠦᠨᠳᠦ ᠡᠪᠡᠳᠴᠢᠨ ᠪᠠ | ᠬᠥᠩᠭᠡᠨ ᠡᠪᠡᠳᠴᠢᠨ ᠭᠡᠵᠦ ᠬᠤᠶᠠᠷ ᠳᠡᠰ ᠬᠤᠪᠢᠶᠠᠪᠠ︔ ᠡᠪᠡᠳᠴᠢᠨ ᠤ ᠲᠥᠷᠥᠯ ᠤᠨ ᠲᠤᠭ᠎ᠠ ᠬᠡᠮᠵᠢᠶ᠎ᠡ ᠶᠢ | ᠨᠡᠮᠡᠭᠳᠡᠭᠦᠯᠵᠦ᠂ ᠤᠤᠯ ᠤᠨ 25 ᠵᠦᠢᠯ ᠤᠨ ᠬᠦᠨᠳᠦ ᠡᠪᠡᠳᠴᠢᠨ ᠤ ᠲᠣᠮᠢᠶᠠᠯᠠᠯ ᠢ ᠲᠡᠭᠦᠯᠳᠡᠷᠵᠢᠭᠦᠯᠵᠦ 28 | ᠵᠦᠢᠯ ᠤᠨ ᠬᠦᠨᠳᠦ ᠡᠪᠡᠳᠴᠢᠨ ᠪᠠ 3 ᠵᠦᠢᠯ ᠤᠨ ᠬᠥᠩᠭᠡᠨ ᠡᠪᠡᠳᠴᠢᠨ ᠪᠣᠯᠭᠠᠨ ᠥᠷᠭᠡᠳᠬᠡᠬᠦ ᠶᠢᠨ ᠬᠠᠮᠲᠤ | ᠪᠠᠲᠤᠯᠠᠭ᠎ᠠ ᠶᠢᠨ ᠬᠡᠪᠴᠢᠶ᠎ᠡ ᠶᠢ ᠵᠣᠬᠢᠰᠲᠠᠶ ᠦᠷᠭᠡᠳᠬᠡᠪᠡ︔ ᠡᠪᠡᠳᠴᠢᠨ ᠡᠮᠭᠡᠭ ᠤᠨ ᠲᠣᠳᠣᠷᠬᠠᠶᠢᠯᠠᠯᠲᠠ ᠶᠢᠨ | ᠬᠡᠪᠴᠢᠶ᠎ᠡ ᠶᠢ ᠥᠷᠭᠡᠳᠬᠡᠵᠦ᠂ ᠬᠠᠮᠤᠭ ᠰᠢᠨ᠎ᠡ ᠠᠨᠠᠭᠠᠬᠤ ᠤᠬᠠᠭᠠᠨ ᠤ ᠠᠬᠢᠴᠠ ᠶᠢ ᠦᠨᠳᠦᠰᠦᠯᠡᠨ᠂ ᠴᠢᠬᠤᠯᠠ | ᠶᠡᠭᠡ ᠡᠷᠬᠡᠲᠡᠨ ᠰᠢᠯᠵᠢᠭᠦᠯᠬᠦ ᠮᠡᠷᠭᠡᠵᠢᠯ᠂ ᠲᠢᠲᠢᠮᠯᠢᠭ ᠯᠤᠭᠰᠢᠭᠤᠨ ᠰᠤᠳᠠᠯ ᠤᠨ ᠬᠥᠭᠦᠷᠭᠡ ᠲᠠᠯᠪᠢᠬᠤ ᠮᠡᠷᠭᠡᠵᠢᠯ᠂ | ᠵᠢᠷᠦᠬᠡᠨ ᠤ ᠬᠠᠪᠬᠠᠭᠯᠠᠭ᠎ᠠ ᠶᠢᠨ ᠮᠡᠰᠡ ᠵᠠᠰᠠᠯ᠂ ᠭᠤᠤᠯ ᠯᠤᠭᠰᠢᠭᠤᠨ ᠰᠤᠳᠠᠯ ᠤᠨ ᠮᠡᠰᠡ ᠵᠠᠰᠠᠯ ᠵᠡᠷᠭᠡ 8 ᠵᠦᠢᠯ ᠤᠨ | ᠡᠪᠡᠳᠴᠢᠨ ᠡᠮᠭᠡᠭ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ ᠬᠦᠨᠳᠦ ᠨᠣᠴᠢᠲᠠᠶ ᠤᠳᠠᠭᠠᠨ ᠴᠢᠨᠠᠷᠲᠠᠶ | ᠪᠥᠭᠡᠷ᠎ᠡ ᠶᠢᠨ ᠮᠠᠭᠤᠳᠠᠯ ᠵᠡᠷᠭᠡ 7 ᠵᠦᠢᠯ ᠤᠨ ᠡᠪᠡᠳᠴᠢᠨ ᠡᠮᠭᠡᠭ ᠤᠨ ᠲᠣᠳᠣᠷᠬᠠᠶᠢᠯᠠᠯᠲᠠ ᠶᠢ ᠲᠡᠭᠦᠯᠳᠡᠷᠵᠢᠭᠦᠯᠦᠨ | ᠰᠢᠯᠢᠳᠡᠭᠵᠢᠭᠦᠯᠪᠡ᠃ | ᠳᠠᠭᠠᠳᠬᠠᠯ ᠤᠨ ᠬᠡᠷᠡᠭᠯᠡᠭᠴᠢ ᠣᠯᠵᠤ ᠬᠠᠷᠠᠬᠤ ᠨᠢ᠂ ᠬᠦᠨᠳᠦ ᠡᠪᠡᠳᠴᠢᠨ ᠤ ᠳᠠᠭᠠᠳᠬᠠᠯ ᠤᠨ | ᠪᠠᠲᠤᠯᠠᠭ᠎ᠠ ᠶᠢᠨ ᠬᠡᠪᠴᠢᠶ᠎ᠡ ᠨᠢ ᠬᠠᠭᠤᠴᠢᠨ ᠵᠢᠷᠤᠮᠵᠢᠯ ᠤᠨ ᠡᠪᠡᠳᠴᠢᠨ ᠤ ᠬᠡᠪᠴᠢᠶ᠎ᠡ ᠶᠢᠨ ᠰᠠᠭᠤᠷᠢᠨ ᠳᠡᠭᠡᠷ᠎ᠡ᠂ | ᠠᠮᠢᠰᠬᠤᠯ ᠤᠨ ᠮᠠᠭᠤᠳᠠᠯ᠂ ᠺᠷᠤᠨ ᠡᠪᠡᠳᠴᠢᠨ᠂ ᠬᠦᠨᠳᠦ ᠰᠢᠷᠬᠠᠯᠠᠭ᠎ᠠ ᠶᠢᠨ ᠴᠢᠨᠠᠷᠲᠠᠶ ᠬᠤᠲᠣᠷᠢᠩᠬᠠᠶ ᠭᠡᠳᠡᠰᠦᠨ ᠤ | ᠦᠷᠪᠢᠰᠦᠯ ᠵᠡᠷᠭᠡ 3 ᠵᠦᠢᠯ ᠤᠨ ᠬᠦᠨᠳᠦ ᠡᠪᠡᠳᠴᠢᠨ ᠢ ᠰᠢᠨ᠎ᠡ ᠪᠠᠷ ᠨᠡᠮᠡᠵᠡᠶ᠃ | ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠳᠠᠭᠠᠳᠬᠠᠯ ᠤᠨ | ᠺᠣᠮᠫᠠᠨᠢ ᠶᠢᠨ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠬᠦᠨᠳᠦ ᠡᠪᠡᠳᠴᠢᠨ ᠤ ᠳᠠᠭᠠᠳᠬᠠᠯ ᠤᠨ ᠦᠢᠯᠡᠳᠬᠦᠨ ᠨᠢ | ᠰᠢᠨ᠎ᠡ ᠵᠢᠷᠤᠮᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠬᠠᠭᠤᠴᠢᠨ | ᠵᠢᠷᠤᠮᠵᠢᠯ ᠳᠤ ᠰᠠᠭᠤᠷᠢᠯᠠᠨ ᠨᠡᠭᠡᠭᠡᠨ ᠠᠰᠢᠭᠯᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠦᠢᠯᠡᠳᠬᠦᠨ ᠢ | ᠦᠷᠭᠦᠯᠵᠢᠯᠡᠨ ᠪᠣᠷᠣᠯᠠᠭᠤᠯᠵᠤ ᠪᠣᠯᠬᠤ ᠥᠬᠡᠶ᠃ ᠫᠢᠩ ᠠᠨ ᠠᠮᠢ ᠨᠠᠰᠤᠨ ᠤ ᠳᠠᠭᠠᠳᠬᠠᠯ ᠤᠨ | ᠶᠡᠷᠦᠩᠬᠡᠶ ᠳᠠᠭᠠᠭᠠᠮᠠᠯ ᠤᠨ ᠲᠤᠰᠠᠯᠠᠭᠴᠢ ᠰᠦᠨ ᠬᠠᠨ ᠵᠢᠶᠧ ᠢᠯᠡᠷᠬᠡᠶᠢᠯᠡᠬᠦ ᠳᠡᠭᠡᠨ᠂ ᠺᠣᠮᠫᠠᠨᠢ ᠬᠦᠨᠳᠦ | ᠡᠪᠡᠳᠴᠢᠨ ᠤ ᠰᠢᠨ᠎ᠡᠦᠢᠯᠡᠳᠬᠦᠨ ᠭᠠᠷᠭᠠᠵᠤ᠂ ᠳᠠᠭᠠᠳᠬᠠᠯ ᠤᠨ ᠬᠠᠷᠢᠭᠤᠴᠠᠯᠭ᠎ᠠ ᠶᠢ ᠥᠷᠭᠡᠳᠬᠡᠨ᠂ | ᠬᠡᠷᠡᠭᠯᠡᠭᠴᠢᠳ ᠤᠨ ᠵᠦᠷᠢᠶᠡᠴᠢᠯᠡᠭᠰᠡᠨ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠬᠤ ᠪᠠᠷ ᠪᠠᠶᠢᠨ᠎ᠠ᠃ ᠡᠭᠦᠨ ᠤ | ᠬᠠᠮᠲᠤ ᠬᠥᠭᠵᠢᠯᠲᠡ ᠶᠢᠨ ᠰᠡᠳᠬᠢᠮᠵᠢ ᠪᠠᠨ ᠬᠤᠪᠢᠷᠠᠭᠤᠯᠵᠤ᠂ ᠬᠡᠷᠡᠭᠯᠡᠭᠴᠢᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ | ᠡᠷᠡᠭᠦᠯ ᠮᠡᠨᠳᠦ ᠶᠢᠨ ᠠᠶᠤᠯ ᠲᠦᠭᠰᠢᠭᠦᠷᠢ ᠳᠤ ᠭᠠᠷ ᠲᠦᠷᠦᠭᠦ ᠰᠡᠳᠬᠢᠮᠵᠢ ᠠᠴᠠ ᠰᠢᠨ᠎ᠡ ᠬᠥᠭᠵᠢᠯᠲᠡ ᠶᠢᠨ | ᠠᠷᠭ᠎ᠠ ᠵᠠᠮ ᠢ ᠣᠯᠵᠤ᠂ ᠳᠠᠭᠠᠳᠬᠠᠯ ᠢ ᠵᠥᠪᠬᠡᠨ ᠠᠵᠤ ᠠᠬᠤᠶ ᠶᠢᠨ ᠲᠥᠯᠥᠪᠦᠷᠢ ᠳᠤ ᠯᠡ ᠬᠢᠵᠠᠭᠠᠷᠯᠠᠭᠳᠠᠬᠤ ᠪᠢᠰᠢ | ᠪᠣᠯᠭᠠᠨ᠎ᠠ ᠭᠡᠵᠡᠶ᠃ |