ᠭᠠᠶᠢᠯᠢ ᠶᠢᠨ ᠲᠣᠪᠴᠢᠶ᠎ᠠ ᠭᠠᠶᠢᠯᠢ ᠶᠠᠪᠤᠳᠠᠯ ᠬᠦᠢᠴᠡᠳᠭᠡᠭᠦ ᠳᠡᠭᠡᠨ ᠡᠭᠦᠳᠡ ᠪᠠᠨ ᠬᠠᠭᠠᠬᠤ ᠥᠬᠡᠶ᠂  ᠦᠢᠯᠡᠴᠢᠯᠡᠭᠡ ᠲᠠᠰᠤᠷᠠᠬᠤ ᠥᠬᠡᠶ
ᠨᠡᠶᠢᠲᠡᠯᠡᠭᠰᠡᠨ ᠴᠠᠭ᠄
2021/3/11
     ᠨᠢᠭᠡ ᠳᠤ᠂ ︽ᠨᠢᠭᠤᠷᠳᠠᠬᠤ ᠦᠬᠡᠢ ᠪᠠᠷ ᠭᠠᠶᠢᠯᠢ ᠶᠢᠨ ᠶᠠᠪᠤᠳᠠᠯ ᠬᠦᠢᠴᠡᠳᠭᠡᠬᠦ︾   ᠨᠢ ᠴᠠᠭ ᠲᠤ ᠠᠷᠪᠢᠲᠠᠢ  ᠪᠦᠬᠡᠳ ᠲᠦᠬᠦᠮ᠃ ᠬᠥᠨᠳᠡᠯᠡᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠤᠳᠠᠯᠳᠤᠭᠠᠨ ᠤ ᠲᠠᠯᠠᠪᠤᠷ᠂ ᠪᠠᠩᠬᠢ ᠳᠤ ᠭᠠᠶᠢᠯᠢ ᠶᠢᠨ ᠶᠠᠪᠤᠳᠠᠯ ᠬᠦᠢᠴᠡᠳᠬᠡᠬᠦ ᠠᠦ᠋ᠲ᠋ᠣ᠋ ᠦᠢᠯᠡᠴᠢᠯᠡᠬᠡᠨ ᠤ ᠦᠵᠦᠬᠦᠷᠯᠢᠭ ᠮᠠᠰᠢᠨ   ᠲᠤᠬᠢᠷᠠᠭᠤᠯᠵᠤ᠂ ᠪᠠᠷᠢᠮᠲᠠ ᠭᠤᠶᠤᠴᠢᠯᠠᠨ ᠠᠪᠤᠬᠰᠠᠨ ᠤ ᠲᠠᠷᠠᠭ᠎ᠠ ᠰᠢᠤᠳᠠᠨ ᠢᠶᠠᠷ ᠢᠯᠡᠬᠡᠨ ᠦᠭᠬᠦ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠳᠡᠯᠭᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠶᠢᠯᠢ ᠲᠤᠰᠢᠶᠠᠬᠤ ᠳᠤ ︽ᠨᠢᠭᠤᠷᠳᠠᠨ ᠬᠦᠢᠴᠡᠳᠭᠡᠵᠤ︾ ᠪᠠᠶᠢᠭᠰᠠᠨ ᠠᠴᠠ ︽ᠨᠢᠭᠤᠷᠳᠠᠬᠤ ᠥᠬᠡᠶ︾ ᠪᠤᠯᠤᠬᠰᠠᠨ ᠬᠤᠪᠢᠷᠠᠯᠲᠠ ᠶᠢ ᠪᠡᠶᠡᠯᠡᠭᠦᠯᠵᠦ᠂ ᠭᠠᠶᠢᠯᠢ ᠶᠢᠨ ᠶᠠᠪᠤᠳᠠᠯ ᠬᠦᠢᠴᠡᠳᠭᠡᠬᠦ ᠰᠦᠢᠳᠬᠡᠯ ᠲᠤᠰᠢᠶᠠᠬᠤ ᠶᠢᠨ ᠪᠡᠶᠡᠳᠡᠨ ᠣᠶᠢᠯᠠᠭᠠᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠬᠤᠶᠠᠷ ᠲᠤ᠂ ︽ᠡᠭᠦᠳᠡ ᠪᠠᠨ ᠬᠠᠭᠠᠬᠤ ᠥᠬᠡᠶ︾  ᠦᠢᠯᠡᠴᠢᠯᠡᠭᠡ ᠬᠠᠩᠭᠠᠵᠤ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠳᠡᠭᠡᠪᠡ᠃ 2 ᠰᠠᠷ᠎ᠠ ᠶᠢᠨ 22 ᠤᠨ ᠡᠳᠦᠷ ᠠᠴᠠ ᠡᠬᠢᠯᠡᠨ ᠭᠠᠶᠢᠯᠢ ᠶᠢᠨ ᠶᠠᠪᠤᠳᠠᠯ ᠬᠦᠢᠴᠡᠳᠭᠡᠬᠦ  ᠦᠢᠯᠡᠴᠢᠯᠡᠬᠡᠨ ᠤ ᠲᠢᠩᠬᠢᠮ ᠳᠤ ᠭᠠᠷᠠᠭ ᠤᠨ ᠨᠢᠭᠡᠨ ᠠᠴᠠ ᠭᠠᠷᠠᠭ ᠤᠨ ᠡᠳᠦᠷ ᠪᠣᠯᠲᠠᠯ᠎ᠠ ᠡᠬᠦᠳᠡ ᠪᠠᠨ ᠬᠠᠭᠠᠬᠤ ᠥᠬᠡᠶ ᠦᠢᠯᠡᠴᠢᠯᠡᠬᠦ ᠶᠢ ᠬᠡᠷᠡᠭᠵᠢᠭᠦᠯᠵᠦ᠂ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠬᠦᠢᠴᠡᠳᠭᠡᠬᠦ ᠳᠤ ᠬᠤᠯᠪᠣᠭᠳᠠᠬᠤ ᠰᠦᠢᠳᠬᠡᠯ ᠲᠤᠰᠢᠶᠠᠬᠤ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠴᠠᠭ ᠲᠤᠬᠠᠶ ᠳᠤᠨᠢ ᠬᠦᠢᠴᠡᠳᠭᠡᠬᠦ ᠳᠤ ᠲᠥᠬᠦᠮ ᠦᠵᠡᠭᠦᠯᠦᠨ᠂ ᠭᠠᠶᠢᠯᠢ ᠶᠢᠨ ᠶᠠᠪᠤᠳᠠᠯ ᠳᠤ ᠬᠤᠯᠪᠣᠭᠳᠠᠬᠤ ᠵᠦᠢᠯᠡᠰ ᠢ ᠠᠵᠢᠯᠯᠠᠬᠤ ᠡᠳᠦᠷ ᠤᠨ ᠦᠳᠡ ᠶᠢᠨ ᠠᠮᠠᠷᠠᠯᠳᠠ ᠶᠢᠨ ᠴᠠᠭ ᠪᠠ ᠠᠵᠢᠯᠯᠠᠬᠤ ᠡᠳᠦᠷ ᠤᠨ ᠪᠤᠰᠤ ᠴᠠᠭ ᠲᠤ ᠴᠤ ᠬᠡᠪ ᠤᠨ ᠶᠣᠰᠣᠭᠠᠷ  ᠬᠦᠢᠴᠡᠳᠬᠡᠬᠦ ᠶᠢ ᠦᠨᠡᠨ ᠬᠦ ᠪᠠᠲᠤᠯᠠᠪᠠ᠃ ᠭᠤᠷᠪᠠ ᠳᠤ᠂ ︽ᠵᠠᠪᠰᠠᠷ ᠥᠬᠡᠶ ᠮᠠᠶ᠋ᠢᠭ︾ ᠤᠨ ᠦᠢᠯᠡᠴᠢᠯᠡᠭᠡ ᠨᠢ᠂ ᠥᠨᠳᠥᠷ ᠪᠦᠲᠦᠮᠵᠢᠲᠡᠶ ᠪᠥᠭᠡᠳ ᠲᠦᠷᠭᠡᠨ᠃ ︽5212366︾ ᠭᠠᠶᠢᠯᠢ ᠲᠤᠰᠢᠶᠠᠬᠤ ᠦᠢᠯᠡᠴᠢᠯᠡᠬᠡᠨ ᠤ ᠲᠤᠰᠬᠠᠶ ᠱᠤᠭᠤᠮ ᠢ ᠨᠡᠪᠲᠡᠷᠡᠭᠦᠯᠪᠡ᠂ ᠭᠠᠶᠢᠯᠢ ᠰᠦᠢᠳᠬᠡᠯ ᠲᠠᠲᠠᠪᠤᠷᠢᠯᠠᠨ ᠬᠠᠮᠢᠶᠠᠷᠬᠤ ᠠᠰᠠᠭᠤᠳᠠᠯ ᠢ ᠬᠠᠮᠵᠢᠯᠴᠠᠨ ᠬᠦᠢᠴᠡᠳᠬᠡᠬᠦ ᠠᠵᠢᠯᠯᠠᠬᠤ ᠠᠩᠬᠢ ᠶᠢ ᠵᠣᠬᠢᠶᠠᠨ ᠪᠠᠶᠢᠭᠤᠯᠵᠤ᠂ ᠭᠠᠶᠢᠯᠢ ᠶᠢᠨ ᠶᠠᠪᠤᠳᠠᠯ ᠬᠦᠢᠴᠡᠳᠬᠡᠬᠦ ᠲᠢᠩᠬᠢᠮ ᠳᠤ ᠪᠠᠭᠤᠯᠭᠠᠵᠤ ᠬᠠᠷᠢᠶ᠎ᠠ ᠣᠷᠣᠨ ᠤ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠬᠴᠢᠳ ᠲᠤ ᠭᠠᠶᠢᠯᠢ ᠰᠦᠢᠳᠬᠡᠯ ᠤᠨ ᠲᠤᠬᠠᠶᠢᠯᠠᠭᠰᠠᠨ ᠠᠵᠢᠯ ᠤᠨ ᠯᠠᠪᠯᠠᠭ᠎ᠠ ᠬᠠᠩᠭᠠᠵᠤ᠂ ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠳᠤ  ᠬᠤᠯᠪᠤᠬᠳᠠᠬᠰᠠᠨ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠦᠭᠴᠦ᠂ ᠭᠠᠶᠢᠯᠢ ᠲᠤᠰᠢᠶᠠᠭᠴᠢ  ᠰᠦᠢᠳᠬᠡᠯ ᠲᠤᠰᠢᠶᠠᠭᠴᠢ ᠶᠢᠨ ᠲᠤᠬᠠᠶᠢᠯᠠᠭᠰᠠᠨ ᠠᠵᠢᠯ ᠶᠢᠨ ᠬᠦᠢᠴᠡᠳᠬᠡᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠶᠢ ᠲᠦᠷᠭᠡᠨ ᠬᠦᠯᠢᠶᠡᠨ ᠠᠪᠴᠤ ᠰᠢᠢᠳᠪᠦᠷᠢᠯᠡᠵᠤ᠂ ︽ᠰᠦᠯᠵᠢᠶᠡᠨ ᠳᠡᠭᠡᠷ᠎ᠡ ᠬᠦᠯᠢᠶᠡᠨ ᠠᠪᠴᠤ ᠰᠤᠨᠤᠰᠤᠨ᠂ ᠴᠤᠩᠬᠤᠪᠴᠢ ᠪᠠᠷ ᠰᠢᠯᠵᠢᠬᠦᠯᠦᠨ ᠦᠭᠬᠦ︾ ᠠᠵᠢᠯ ᠤᠨ ᠲᠣᠭᠲᠠᠴᠠ ᠶᠢ ᠬᠡᠷᠡᠭᠵᠢᠬᠦᠯᠵᠤ᠂ ᠰᠦᠯᠵᠢᠶᠡᠨ ᠳᠡᠭᠡᠷ᠎ᠡ ᠬᠦᠯᠢᠶᠡᠨ ᠠᠪᠴᠤ ᠰᠤᠨᠤᠰᠤᠬᠰᠠᠨ ᠠᠰᠠᠭᠤᠳᠠᠯ ᠢ ᠲᠡᠷᠡ ᠳᠣᠤᠷ᠎ᠠ ᠨᠢ ᠬᠠᠷᠢᠭᠤᠯᠵᠤ ᠲᠡᠶᠢᠯᠬᠦ ᠶᠢ ᠨᠢ ᠵᠠᠪᠠᠯ ᠬᠠᠷᠢᠭᠤᠯᠵᠤ᠂ ᠲᠡᠷᠡ ᠳᠣᠤᠷ᠎ᠠ ᠨᠢ ᠬᠠᠷᠢᠭᠤᠯᠵᠤ ᠳᠡᠢᠯᠬᠦ ᠦᠭᠡᠢ ᠶᠢ ᠨᠢ ᠳᠣᠲᠣᠭᠠᠳᠤ ᠳᠠᠭᠠᠨ ᠰᠢᠯᠵᠢᠬᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠢᠢᠳᠪᠦᠷᠢᠯᠡᠨ ᠦᠭᠬᠦ ᠶᠢᠨ ᠬᠠᠮᠳᠤ ᠲᠣᠭᠲᠠᠭᠰᠠᠨ  ᠬᠤᠭᠤᠴᠠᠭᠠᠨ ᠳᠤ ᠬᠠᠷᠢᠭᠤᠯᠲᠠ ᠦᠭᠴᠦ᠂ ᠭᠠᠶᠢᠯᠢ ᠲᠤᠰᠢᠶᠠᠭᠴᠢ ᠪᠠ ᠰᠦᠢᠳᠬᠡᠯ ᠲᠤᠰᠢᠶᠠᠭᠴᠢ ᠶᠢᠨ ᠬᠦᠰᠡᠯ ᠱᠠᠭᠠᠷᠳᠠᠯᠭ᠎ᠠ ᠳᠤ ᠴᠠᠭ ᠢᠮᠠᠭᠲᠠ ᠬᠠᠷᠢᠭᠤᠯᠲᠠ  ᠦᠭᠴᠦ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠬᠤ ᠶᠢ    ᠪᠡᠶᠡᠯᠡᠬᠦᠯᠪᠡ᠃  ︵ᠭᠠᠶᠢᠯᠢ ᠶᠢᠨ ᠶᠠᠪᠤᠳᠠᠯ ᠤᠨ ᠲᠤᠪᠴᠢᠶ᠎ᠡ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号