2021ᠣᠨ ᠳᠤ᠂ ᠮᠠᠨ ᠤ ᠲᠤᠭᠤᠷᠢᠭ ᠳᠥᠷᠪᠡᠨ ᠠᠷᠭ᠎ᠠ ᠬᠡᠮᠵᠢᠶ᠎ᠡ ᠠᠪᠴᠦ ᠬᠤᠲᠠ ᠶᠢᠨ ᠰᠢᠨᠡᠴᠢᠯᠠᠯᠳᠠ ᠶᠢᠨ ᠦᠷ᠎ᠡ ᠪᠦᠲᠦᠮᠵᠢ ᠶᠢ ᠲᠡᠬᠢᠨ ᠲᠡᠬᠡᠭᠰᠢᠯᠡᠬᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2021/3/17
   ᠨᠢᠭᠡ ᠳᠤ᠂ ᠵᠠᠮ ᠬᠠᠷᠢᠯᠴᠠᠭ᠎ᠠ ᠶᠢ ᠰᠠᠭᠠᠳ ᠥᠬᠡᠶ ᠨᠡᠪᠲᠡᠷᠡᠭᠦᠯᠬᠦ ᠢᠨᠵᠧᠨᠧᠷᠢᠩ ᠢ ᠭᠦᠨᠵᠡᠭᠡᠶ  ᠬᠡᠷᠡᠭᠵᠢᠬᠦᠯᠦᠨ᠎ᠠ ᠃ ᠤᠳᠠ ᠶᠢᠨ ᠰᠡᠬᠦᠳᠡᠷᠳᠤ ᠵᠠᠮ ᠵᠡᠷᠭᠡ 14 ᠵᠤᠷᠪᠤᠰ ᠭᠤᠣᠯ ᠵᠠᠮ  ᠱᠤᠭᠤᠮ ᠪᠠ ᠳᠡᠳ᠋ ᠵᠠᠮ ᠱᠤᠭᠤᠮ ᠢ ᠲᠦᠷᠬᠡᠳᠬᠡᠨ ᠪᠠᠶᠢᠭᠤᠯᠵᠤ᠂ 1745 ᠺᠢᠯᠣᠮᠧᠲᠷ ᠤᠨ ᠭᠠᠵᠠᠷ ᠳᠣᠣᠷᠠᠬᠢ ᠲᠤᠤᠷ ᠬᠤᠭᠤᠯᠠᠢ ᠶᠢᠨ ᠢᠨᠵᠧᠨᠧᠷᠢᠩ ᠢ ᠵᠡᠷᠭᠡ ᠪᠠᠷ ᠲᠦᠯᠬᠢᠨ ᠠᠬᠢᠭᠤᠯᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠤᠯᠠᠮ ᠨᠢᠭᠡ ᠠᠯᠬᠤᠮ ᠲᠦᠬᠦᠮ ᠦᠵᠡᠭᠦᠯᠦᠨ᠎ᠡ᠃ ᠬᠤᠶᠠᠷ ᠲᠤ᠂ ᠬᠤᠲᠠᠴᠢᠯᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠡᠨᠡ ᠵᠢᠯ ᠤᠨ ᠳᠣᠲᠣᠷ᠎ᠠ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 1500 ᠡᠷᠦᠬᠡ᠂ 43 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠤᠷᠤᠨ ᠰᠠᠭᠤᠴᠠ ᠶᠢ ᠥᠭᠡᠷᠡᠴᠢᠯᠡᠨ ᠰᠢᠨᠡᠳᠬᠡᠵᠦ᠂ ᠪᠧᠢ ᠱᠠ ᠯᠢᠶᠠᠩ ᠤᠨ ᠲᠧᠩ ᠺᠦᠩ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠶᠢᠨ ᠬᠦᠴᠦᠯᠡᠴᠡ ᠶᠢ ᠭᠤᠣᠯᠳᠠᠯᠭ᠎ᠠ ᠲᠠᠢ ᠨᠡᠮᠡᠭᠳᠡᠭᠦᠯᠵᠦ᠂ ᠶᠡᠷᠦᠩᠬᠡᠢ ᠬᠡᠯᠲᠡᠰ ᠤᠨ ᠠᠵᠤ ᠠᠬᠤᠢ᠂ ᠰᠢᠨ᠎ᠡ ᠬᠡᠯᠪᠡᠷᠢ ᠶᠢᠨ ᠬᠡᠷ ᠭᠠᠵᠠᠷ ᠤᠨ ᠬᠥᠷᠥᠩᠭᠡ ᠵᠡᠷᠭᠡ ᠲᠥᠷᠥᠯ ᠵᠦᠢᠯ ᠢ ᠢᠵᠢ ᠪᠦᠷᠢᠳᠦᠭᠦᠯᠦᠨ ᠣᠷᠣᠭᠤᠯᠵᠤ᠂ ᠠᠵᠤ ᠦᠢᠯᠡᠰ ᠪᠠ ᠬᠤᠲᠠ ᠠᠭᠤᠰᠤᠯᠴᠠᠭᠰᠠᠨ᠂ ᠦᠷᠭᠦᠯᠵᠢᠯᠡᠨ ᠬᠥᠭᠵᠢᠭᠰᠡᠨ ᠬᠡᠪ ᠵᠠᠬᠪᠤᠷ ᠢ ᠪᠤᠢ ᠪᠣᠯᠭᠠᠨ᠎ᠠ᠃ ᠭᠤᠷᠪᠠ ᠳᠤ᠂ ᠬᠤᠲᠠ ᠶᠢᠨ ᠤᠷᠤᠰᠢᠨ ᠰᠠᠭᠤᠷᠢᠰᠢᠬᠤ ᠳᠤ ᠲᠠᠭᠠᠯᠠᠮᠵᠢᠳᠠᠢ ᠪᠠᠶᠢᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ 49 ᠬᠠᠭᠤᠴᠢᠨ ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠡᠷ ᠪᠦᠯᠢ ᠶᠢᠨ 17 ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠪᠦᠯᠦᠭ ᠤᠳᠠᠭ᠎ᠠ ᠬᠤᠪᠢᠶᠠᠨ ᠬᠤᠲᠠ ᠶᠢᠨ ︽ᠵᠢᠵᠢᠭ ᠲᠠᠯᠠᠪᠠᠢ ᠲᠠᠢ ᠬᠡᠷ ᠪᠠᠶᠢᠰᠢᠩ︾ ᠢ ᠴᠡᠭᠴᠡᠯᠡᠨ ᠵᠠᠰᠠᠵᠤ᠂ ᠬᠠᠤᠯᠢ ᠲᠣᠭᠲᠠᠭᠠᠯ   ᠠᠴᠠ ᠵᠥᠷᠢᠴᠡᠨ ᠪᠥᠲᠥᠭᠡᠨ ᠪᠠᠶᠢᠭᠤᠯᠬᠤ  ᠬᠠᠦᠯᠢ ᠲᠤᠬᠳᠠᠭᠠᠯ ᠠᠴᠠ ᠵᠦᠷᠢᠴᠡᠨ ᠬᠢᠨᠠᠨ ᠵᠥᠪᠰᠢᠶᠡᠷᠡᠬᠦ ᠲᠤᠰᠬᠠᠶ ᠪᠠᠶᠢᠴᠠᠭᠠᠯᠲᠠ ᠶᠢ ᠭᠦᠨᠵᠡᠭᠡᠶ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠤ ᠠᠮᠢᠳᠤᠷᠠᠯ ᠢ ᠨᠠᠩ ᠲᠥᠬᠦᠮ ᠨᠠᠩ ᠠᠮᠤᠷ ᠲᠦᠪᠰᠢᠨ ᠨᠠᠩ ᠲᠠᠭᠠᠯᠠᠮᠵᠢᠲᠠᠶ ᠪᠤᠯᠭᠠᠨ᠎ᠠ᠃ ᠳᠥᠷᠪᠡ ᠳᠤ᠂ ᠪᠣᠬᠢᠷᠲᠤᠯ ᠥᠬᠡᠶ ᠬᠤᠲᠠ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠵᠠᠮ ᠤᠨ ᠬᠤᠶᠠᠷ ᠬᠠᠵᠠᠭᠤ᠂ ᠵᠠᠩᠭᠢᠯᠠᠭ᠎ᠠ ᠶᠢᠨ ᠴᠡᠭ ᠲᠠᠬᠢ ᠦᠵᠡᠮᠵᠢ᠂ ᠴᠡᠴᠡᠷᠯᠢᠭ᠂ ᠠᠭᠤᠳᠠᠮ ᠲᠠᠯᠠᠪᠠᠢ ᠶᠢᠨ ᠨᠥᠬᠦᠵᠦ ᠲᠠᠷᠢᠵᠤ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠮᠤᠨᠢ ᠶᠢᠨ ᠣᠢ ᠰᠢᠭᠤᠢ ᠶᠢᠨ ᠪᠦᠰᠡ᠂ ᠬᠦᠨᠳᠡᠯᠡᠨ ᠭᠤᠤᠯ ᠴᠡᠴᠡᠷᠯᠢᠭ ᠢ ᠰᠡᠯᠪᠢᠨ ᠵᠠᠰᠠᠵᠤ ᠬᠠᠮᠠᠭᠠᠯᠠᠨ᠂ ᠥᠪᠡᠷᠮᠢᠴᠡ ᠣᠨᠴᠠᠯᠢᠭ ᠢᠶᠠᠷ ᠢᠯᠡ ᠲᠣᠳᠣ 4 ︽ᠬᠠᠷᠮᠠᠨ ᠴᠡᠴᠡᠷᠯᠢᠭ ︾ ᠪᠠ ᠵᠢᠵᠢᠭ ᠬᠡᠯᠪᠡᠷᠢ ᠶᠢᠨ ᠨᠣᠭᠤᠭᠠᠨ ᠪᠦᠰᠡ ᠶᠢ ᠪᠠᠶᠢᠭᠤᠯᠵᠤ᠂ ᠬᠤᠲᠠ ᠶᠢᠨ ᠰᠠᠯᠪᠢᠨ ᠨᠥᠬᠦᠪᠥᠷᠢᠯᠡᠬᠦ ᠪᠠ ᠬᠤᠳᠠ ᠶᠢᠨ ᠴᠢᠳᠠᠮᠵᠢ ᠶᠢ ᠰᠡᠷᠭᠦᠭᠡᠬᠦ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠤᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号