ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠨᠳᠡᠯᠡᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 155 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/19
     3 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠶᠠᠨ ᠳ᠋ᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠨᠳᠡᠯᠡᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 155 ᠳ᠋ᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃      ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠯᠢᠦ ᠰᠢᠶᠤᠤ ᠫᠢᠩ᠂ ᠵᠤᠤ ᠸᠠᠨ ᠰᠢ᠂ ᠰᠢᠤᠢ ᠶᠸᠦ ᠴᠢᠩ᠂ ᠬᠤ᠋ ᠰᠢᠶᠠ᠂ ᠪᠠᠢ ᠷᠦᠨ ᠬᠤᠩ᠂ ᠱᠸᠦ ᠯᠠᠨ ᠯᠠᠨ ᠬᠤᠷᠠᠯ ᠳᠤ ᠣᠷᠣᠯᠴᠠᠪᠠ᠃ ᠲᠤᠭᠤᠷᠢᠭ  ᠤᠨ ᠤᠳᠤᠷᠢᠳᠤᠯᠭ᠎ᠠ ᠸᠠᠩ ᠶᠦᠩ ᠱᠧᠩ᠂ ᠦ᠋ ᠸᠧᠨ ᠴᠢᠩ᠂ ᠵᠤᠤ ᠴᠢᠶᠠᠩ᠂ ᠯᠢᠦ ᠯᠢ ᠰᠢᠶᠠ᠂ ᠸᠠᠩ ᠶᠦᠩ ᠰᠢᠶᠠᠩ᠂ ᠭᠤᠤ ᠢᠦᠢ᠂ ᠵᠤᠤ ᠲᠠᠢ ᠰᠢᠶᠠᠨ᠂ ᠨᠢᠦ ᠱᠢ ᠸᠠᠩ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠤᠯᠠᠮᠵᠢᠯᠠᠨ ᠰᠤᠷᠤᠯᠴᠠᠪᠠ᠂ ᠶᠡᠷᠦᠩᠬᠡᠶ ᠱᠦᠵᠢ ᠰᠢ ᠶᠢᠨ ᠫᠢᠩ ᠤᠨ ᠬᠥᠬᠡᠨᠠᠭᠤᠷ ᠤᠨ ᠲᠥᠯᠥᠭᠡᠯᠡᠭᠴᠢᠳ ᠤᠨ ᠪᠦᠯᠬᠦᠮ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠬᠦᠳᠡ ᠬᠤᠷᠠᠯ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠪᠠ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠣᠷᠣᠯᠴᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠲᠡᠭᠡᠳ ᠤᠨ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠡᠷᠭᠢᠵᠦ ᠦᠵᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠢᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠠᠵᠢᠯ ᠤᠨ ᠪᠣᠯᠵᠣᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠡ ᠶᠢᠨ ᠱᠦᠵᠢ ᠮᠧᠩ ᠹᠠᠨ ᠯᠢ ᠶᠢᠨ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠡ ᠶᠢᠨ ᠱᠦᠵᠢ ᠮᠧᠩ ᠹᠠᠨ ᠯᠢ ᠶᠢᠨ ᠬᠥᠨᠳᠡᠯᠡᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ᠂ ᠳᠡᠭᠡᠷ᠎ᠡ ᠭᠤᠷᠪᠠᠨ ᠱᠠᠲᠤᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠮᠠᠨ ᠤ  ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠴᠢᠬᠤᠯᠠ ᠥᠭᠦᠯᠡᠯᠲᠡ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠦᠵᠡᠯ ᠰᠠᠨᠠᠭ᠎ᠠ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠪᠢᠳᠡᠨ ᠢ ᠵᠢᠯᠣᠭᠤᠳᠤᠨ ᠰᠢᠨ᠎ᠡ ᠬᠥᠭᠵᠢᠯᠲᠡ ᠶᠢᠨ ᠱᠠᠲᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠠᠶᠢᠵᠤ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠦᠭᠯᠡᠭᠦᠷ ᠬᠠᠩᠭᠠᠪᠠ᠃ ᠡᠯ᠎ᠡ ᠰᠠᠯᠠᠭ᠎ᠠ ᠮᠥᠴᠢᠷ᠂  ᠨᠢᠬᠡᠴᠢ ᠨᠦᠭᠦᠳ ᠵᠣᠭᠰᠣᠴᠠ ᠪᠠᠨ ᠳᠡᠭᠡᠭᠰᠢᠯᠡᠭᠦᠯᠦᠨ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠠᠳᠬᠤᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠲᠡᠷᠢᠭᠦᠨ ᠴᠢᠬᠤᠯᠠ ᠶᠡᠭᠡ ᠶᠠᠪᠤᠳᠠᠯ᠂ ᠲᠡᠷᠢᠭᠦᠨ ᠴᠢᠬᠤᠯᠠ ᠡᠭᠦᠷᠭᠡ ᠪᠣᠯᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠠᠭᠤᠵᠤ ᠳᠡᠶᠢᠯᠬᠦ ᠦᠭᠡᠢ ᠲᠤᠯᠭᠠᠮ ᠪᠤᠳᠤᠯ᠂ ᠬᠦᠯᠢᠶᠡᠵᠦ ᠳᠡᠶᠢᠯᠬᠦ ᠦᠭᠡᠢ ᠬᠠᠷᠢᠭᠤᠴᠠᠯᠭᠠᠲᠤ ᠰᠡᠳᠬᠢᠯᠭᠡ᠂ ᠤᠳᠠᠭᠠᠰᠢᠷᠠᠭᠤᠯᠵᠤ ᠪᠣᠯᠬᠤ ᠦᠭᠡᠢ ᠲᠦᠭᠰᠢᠭᠦᠷᠢᠲᠦ ᠪᠤᠳᠤᠯ ᠢᠶᠠᠷ ᠪᠦᠬᠦ ᠬᠦᠴᠦ ᠪᠠᠷ ᠢᠶᠠᠨ ᠵᠦᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠭᠵᠢᠯᠲᠡ ᠶᠢ ᠡᠷᠢᠯᠬᠢᠯᠡᠵᠦ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠴᠤᠬ ᠵᠢᠪᠬᠤᠭ᠎ᠠ ᠶᠢ ᠪᠠᠳᠠᠷᠠᠭᠤᠯᠵᠤ᠂ ᠲᠤᠮᠤ ᠲᠤᠭᠤᠷᠢᠭ ᠢ ᠲᠦᠷᠭᠡᠳᠭᠡᠨ ᠬᠦᠴᠦᠷᠭᠡᠭᠵᠢᠬᠦᠯᠵᠤ᠂ ᠭᠤᠣᠯ ᠣᠷᠣᠨ ᠤ ᠬᠦᠨᠳᠦ ᠡᠭᠦᠷᠭᠡ ᠶᠢ ᠡᠭᠦᠷᠭᠡᠯᠡᠬᠦ ᠬᠡᠷᠡᠭᠲᠡᠢ ᠬᠡᠵᠤ ᠵᠢᠭᠠᠵᠤ ᠭᠠᠷᠭᠠᠵᠠᠢ᠃       ᠬᠤᠷᠠᠯ ᠠᠴᠠ᠂ ᠪᠦᠬᠦ ᠲᠤᠭᠤᠷᠢᠭ ᠳᠠᠶᠠᠭᠠᠷ ᠢᠶᠠᠨ ᠮᠧᠩ ᠹᠠᠨ ᠯᠢ ᠨᠥᠬᠦᠷ ᠤᠨ ᠬᠥᠨᠳᠡᠯᠡᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠦᠳᠲᠡᠷ ᠲᠦᠷᠭᠡᠨ ᠰᠤᠷᠤᠯᠴᠠᠨ ᠲᠤᠭᠤᠰᠢᠯᠠᠭᠤᠯᠵᠤ᠂ ᠭᠤᠣᠯᠳᠠᠯᠭ᠎ᠠ ᠲᠠᠢ ᠠᠵᠢᠯ ᠪᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠠᠴᠠ ᠬᠥᠨᠳᠡᠯᠡᠨ ᠲᠣᠭᠤᠷᠢᠭ ᠲᠤ ᠲᠠᠯᠪᠢᠬᠰᠠᠨ ︽ᠰᠠᠶᠢᠨ ᠳᠠᠭᠠᠭᠤᠯᠤᠭᠴᠢ ᠪᠣᠯᠵᠤ᠂ ᠬᠤᠰᠢᠭᠤᠴᠢ ᠪᠣᠯᠬᠤ ᠪᠠᠷ ᠴᠢᠷᠮᠠᠶᠢᠵᠤ᠂ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠬᠥᠳᠡᠯᠭᠡᠭᠦᠷ ᠢ ᠴᠣᠭᠴᠠᠯᠠᠬᠤ︾ ᠱᠠᠭᠠᠷᠳᠠᠯᠭ᠎ᠠ ᠶᠣᠰᠣᠭᠠᠷ᠂ ᠴᠢᠬᠤᠯᠠ ᠶᠡᠭᠡ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠢ ᠶᠢᠨ ᠡᠷᠬᠢᠯᠳᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠤᠷᠤᠭᠤᠯᠤᠨ ᠠᠪᠴᠢᠷᠠᠬᠤ ᠥᠷᠨᠢᠯᠲᠡ ᠶᠢ ᠪᠦᠬᠦ ᠲᠠᠯ᠎ᠠ ᠪᠠᠷ ᠥᠷᠨᠢᠭᠦᠯᠵᠦ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠨᠳᠠᠷᠠᠰᠢ ᠦᠭᠡᠢ ᠬᠥᠳᠡᠯᠭᠡᠬᠦ ᠬᠦᠴᠦᠨ ᠬᠠᠩᠭᠠᠬᠤ ᠬᠡᠷᠡᠭᠳᠡᠢ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠦᠭᠵᠢᠯᠳᠠ ᠶᠢ ᠪᠠᠷᠢᠮᠲᠠᠯᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠪᠣᠳᠠᠲᠠᠶ ᠨᠠᠷᠢᠯᠢᠭ ᠬᠢᠵᠦ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠲᠣᠤᠷ ᠢ ᠰᠢᠯᠢᠳᠡᠭᠵᠢᠭᠦᠯᠬᠦ ᠵᠡᠷᠭᠡ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠰᠠᠶᠢᠨ ᠶᠠᠪᠤᠳᠠᠯ ᠪᠣᠳᠠᠲᠤ ᠶᠠᠪᠤᠳᠠᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠤᠬᠴᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠯᠠᠭᠤ ᠺᠠᠳ᠋ᠷ ᠤᠨ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠨᠠᠮ ᠳᠠᠭᠠᠨ ᠦᠨᠡᠨᠴᠢ ᠰᠢᠳᠤᠷᠭᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠬᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ᠂ ᠲᠡᠷᠢᠭᠦᠨ ᠵᠡᠷᠭᠡ ᠶᠢᠨ ᠰᠠᠶᠢᠨ ᠺᠠᠳ᠋ᠷ ᠢ ᠬᠦᠴᠦᠯᠡᠨ ᠬᠥᠮᠦᠵᠢᠭᠦᠯᠬᠦ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠪᠠᠶᠢᠭᠤᠯᠤᠮᠵᠢ ᠲᠣᠭᠲᠠᠴᠠ ᠶᠢᠨ ᠪᠡᠷᠬᠡ ᠰᠡᠳᠦᠪ ᠢ ᠴᠢᠷᠮᠠᠶᠢᠨ ᠰᠢᠢᠳᠪᠦᠷᠢᠯᠡᠵᠦ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠠᠬᠢᠭᠤᠯᠵᠤ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃  ᠵᠤᠬᠢᠶᠠᠨ ᠪᠠᠶᠢᠭᠤᠯᠬᠤ᠂ ᠤᠬᠠᠭᠤᠯᠬᠤ᠂ ᠨᠢᠬᠡᠳᠦᠮᠡᠯ ᠹᠷᠤᠨᠲ᠂ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠤᠷᠠᠯ ᠤᠨ ᠲᠡᠭᠦᠰ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃  ︵ ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ   ᠯᠧᠢ ᠶᠤᠸᠠᠨ ᠶᠤᠸᠠᠨ᠂ ᠬᠤᠤ ᠸᠧᠶ︶᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号