ᠬᠥᠨᠳᠡᠯᠡᠨ ᠲᠣᠭᠤᠷᠢᠭ ᠤᠨ ᠵᠤᠬᠢᠶᠠᠨ ᠪᠠᠶᠢᠭᠤᠯᠬᠤ ᠤᠬᠠᠭᠤᠯᠬᠤ ᠨᠢᠭᠡᠳᠦᠮᠡᠯ ᠹᠷᠣᠨᠲ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/20
   3 ᠰᠠᠷ᠎ᠠ ᠶᠢᠨ 18 ᠤ ᠡᠳᠦᠷ᠂ ᠬᠥᠨᠳᠡᠯᠡᠨ ᠲᠣᠭᠤᠷᠢᠭ ᠵᠤᠬᠢᠶᠠᠨ ᠪᠠᠶᠢᠭᠤᠯᠬᠤ ᠤᠬᠠᠭᠤᠯᠬᠤ ᠨᠢᠭᠡᠳᠦᠮᠡᠯ ᠹᠷᠣᠨᠲ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠂ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠡᠭᠡᠷ᠎ᠡ ᠭᠤᠷᠪᠠᠨ ᠱᠠᠲᠤᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 2020 ᠣᠨ ᠤ ᠪᠥᠬᠦ ᠲᠤᠭᠤᠷᠢᠭ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠳ᠋ᠦᠩᠨᠡᠵᠦ᠂ 2021 ᠣᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠶᠠᠨ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠳ᠋ᠢᠩ ᠺᠠᠶ ᠬᠤᠷᠠᠯ ᠢ ᠡᠷᠭᠢᠯᠡᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠤᠣᠯ ᠤᠳᠤᠷᠢᠳᠤᠯᠭ᠎ᠠ᠂ ᠲᠤᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠲᠤᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠡ ᠶᠢᠨ ︽ᠬᠤᠶᠠᠷ ᠳᠠᠷᠤᠭ᠎ᠠ︾ ᠬᠤᠷᠠᠯ ᠳᠤ ᠣᠷᠣᠯᠴᠠᠵᠠᠢ᠃ ᠡᠯ᠎ᠡ ᠵᠡᠭᠡᠯᠢ ᠭᠤᠳᠤᠮᠵᠢ᠂ ᠰᠠᠯᠠᠭ᠎ᠠ ᠮᠥᠴᠢᠷ ᠨᠢᠬᠡᠴᠢ᠂ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ ᠪᠣᠯᠤᠨ ᠬᠤᠯᠪᠣᠭᠳᠠᠯ ᠪᠦᠬᠦᠢ ᠬᠥᠮᠦᠰ᠂ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠢ ᠯᠢ ᠰᠢᠨ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠢ ᠷᠦᠨ ᠬᠤᠩ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠤ᠋ ᠰᠢᠶᠠ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠤᠢ ᠶᠢᠦ ᠴᠢᠩ ᠲᠤᠰ ᠲᠤᠰ 2020 ᠣᠨ ᠤ ᠪᠦᠬᠦ ᠲᠤᠭᠤᠷᠢᠭ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠳ᠋ᠦᠩᠨᠡᠵᠦ᠂ 2021 ᠣᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠯᠢᠶᠠᠨ ᠳ᠋ᠦᠩ᠂ 2020 ᠤᠨ ᠪᠣᠯ ᠬᠥᠨᠳᠡᠯᠡᠨ ᠲᠣᠭᠤᠷᠢᠭ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠪᠡᠷᠬᠡ ᠬᠠᠲᠠᠭᠤᠵᠢᠯᠲᠠᠶ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ  ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ  ᠦᠢᠯᠡᠴᠢᠯᠡᠬᠦ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠭᠡᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ 2021 ᠤᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠃ ᠡᠨᠡ ᠵᠢᠯ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠪᠠ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠨᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ  ᠳᠡᠭᠡᠭᠰᠢᠯᠡᠭᠦᠯᠬᠦ᠂ ᠮᠠᠨ ᠤ ᠲᠤᠭᠤᠷᠢᠭ ᠤᠨ ︽ᠳᠥᠷᠪᠡᠨ ᠰᠠᠭᠤᠷᠢᠨ ᠭᠤᠷᠪᠠᠨ ᠣᠷᠣᠨ︾ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ᠂ ᠬᠥᠨᠳᠡᠯᠡᠨ ᠲᠣᠭᠤᠷᠢᠭ ᠤᠨ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠬᠠᠷᠢᠭᠤᠴᠠᠯᠭ᠎ᠠ ᠬᠦᠨᠳᠦ ᠶᠡᠭᠡ ᠶᠤᠮ  ᠬᠡᠵᠤ ᠵᠢᠭᠠᠵᠤ ᠭᠠᠷᠭᠠᠵᠠᠢ᠃    ᠯᠢᠶᠠᠨ ᠳ᠋ᠦᠩ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠳᠠᠯ ᠢ ᠣᠨᠣᠪᠴᠢᠲᠠᠢ ᠡᠵᠡᠮᠳᠡᠵᠦ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠬᠦᠷᠬᠡ ᠬᠠᠷᠢᠭᠤᠴᠠᠯᠭᠠᠳᠤ ᠰᠡᠳᠬᠢᠯᠬᠡ   ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠳᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠬᠥᠨᠳᠡᠯᠡᠨ ᠲᠣᠭᠤᠷᠢᠭ ᠲᠤ ᠳᠤᠷᠠᠳᠤᠭᠰᠠᠨ ︽ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠬᠤ︾᠂ ︽ᠡᠷᠲᠡ ᠴᠢᠯᠥᠭᠡᠯᠡᠭᠳᠡᠭᠰᠡᠨ ᠣᠷᠣᠨ ᠤ ᠴᠤᠭ ᠵᠢᠪᠬᠤᠭ᠎ᠠ ᠶᠢ ᠪᠠᠳᠠᠷᠠᠭᠤᠯᠵᠤ᠂  ᠲᠤᠮᠤ ᠲᠤᠭᠤᠷᠢᠭ ᠢ ᠲᠦᠷᠬᠡᠳᠬᠡᠨ ᠬᠦᠴᠦᠷᠭᠡᠭᠵᠢᠬᠦᠯᠵᠤ᠂ ᠭᠤᠣᠯ ᠲᠤᠭᠤᠷᠢᠭ ᠢᠶᠠᠷ ᠶᠡᠭᠡ ᠡᠭᠦᠷᠭᠡ ᠶᠢ  ᠡᠬᠦᠷᠬᠡᠯᠡᠬᠦᠯᠬᠦ︾᠂ ︽ᠰᠠᠶᠢᠨ ᠳᠠᠭᠠᠭᠤᠯᠤᠭᠴᠢ ᠪᠣᠯᠵᠤ᠂ ᠬᠤᠰᠢᠭᠤᠴᠢ ᠪᠣᠯᠬᠤ ᠪᠠᠷ ᠴᠢᠷᠮᠠᠢᠵᠤ᠂ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠬᠥᠳᠡᠯᠭᠡᠭᠦᠷ ᠢ ᠴᠣᠭᠴᠠᠯᠠᠬᠤ︾ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠥᠨᠳᠡᠯᠡᠨ ᠲᠣᠭᠤᠷᠢᠭ ᠤᠨ ᠪᠣᠳᠠᠲᠤ ᠪᠠᠢᠳᠠᠯ ᠲᠠᠢ  ᠨᠠᠶᠢᠴᠡᠭᠰᠡᠨ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠦᠨᠡᠨ ᠬᠦ ᠵᠠᠮᠨᠠᠬᠤ ᠬᠡᠷᠡᠭᠲᠡᠢ᠃ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠨᠢ ᠭᠤᠣᠯᠳᠠᠯᠭ᠎ᠠ ᠶᠢ ᠲᠤᠪᠤᠶᠢᠯᠭᠠᠨ᠂ ᠤᠨᠢᠨ ᠳᠡᠭᠡᠷ᠎ᠡ ᠨᠢ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠨ᠂ ᠠᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠳ᠋ᠢᠩ ᠺᠠᠶ᠂ ᠪᠥᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ   ᠨᠢ ︽ᠳᠥᠷᠪᠡᠨ ᠰᠠᠭᠤᠷᠢᠨ ᠭᠤᠷᠪᠠᠨ ᠣᠷᠣᠨ︾ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠤᠬᠠᠮᠰᠠᠷ᠂ ᠪᠥᠬᠦ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠬᠤ ᠬᠡᠷᠡᠭᠲᠡᠶ᠃ ᠪᠥᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠡᠭᠦᠰᠴᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠤᠯ ᠠᠵᠢᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠬᠦ ᠳᠤᠮᠳᠠ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠᠨ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠳᠤᠮᠳᠠ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠪᠥᠬᠦ  ᠲᠤᠭᠤᠷᠢᠭ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠭᠰᠠᠨ ᠪᠠᠶᠢᠨ᠎ᠠ᠃  ︵ᠬᠥᠨᠳᠡᠯᠡᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ    ᠶᠠᠨ ᠢ ᠫᠸᠢ᠂ ᠬᠤᠤ ᠸᠧᠢ᠂ ᠵᠠᠩ ᠯᠸᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号